ᠪᠠᠢᠢᠴᠠᠭᠠᠬᠤ ᠬᠠᠷᠭᠤᠢ ᠳᠤ ᠪᠠᠳᠠᠷᠠᠨ ᠲᠡᠯᠭᠡᠭᠡ ᠦᠩᠭᠡ ᠵᠢᠨ ᠴᠡᠴᠡᠭᠡᠰ᠄ ᠬᠣᠷᠴᠢᠨ ᠲᠣᠭᠣᠷᠢᠭ ᠤᠨ ᠪᠠᠶᠢᠴᠠᠭᠠᠬᠤ ᠬᠣᠷᠢᠶ᠎ᠠ ᠳᠠᠬᠢᠨᠲᠠ ᠰᠠᠶᠢᠨ ᠠᠮᠵᠢᠯᠲᠠ ᠤᠯᠪᠠ
ᠤᠶᠢᠷ᠎ᠡ ᠶᠢᠨ ᠡᠳᠤᠷ᠂ ᠬᠣᠷᠴᠢᠨ ᠲᠣᠭᠣᠷᠢᠭ ᠤᠨ ᠡᠮᠡᠭᠲᠡᠶᠢᠴᠦᠳ ᠦᠨ ᠬᠣᠯᠪᠣᠭᠠᠲᠤ ᠬᠤᠷᠠᠯ ᠠᠴᠠ ᠭᠣᠣᠯᠯᠠᠨ ᠡᠷᠬᠢᠯᠡᠭᠰᠡᠨ ᠬᠣᠷᠴᠢᠨ ᠲᠣᠭᠣᠷᠢᠭ ᠤᠨ 《 3.8 》 ᠤ ᠳᠡᠯᠡᠬᠡᠢ ᠶᠢᠨ ᠡᠮᠡᠭᠲᠡᠶᠢᠴᠦᠳ ᠦᠨ ᠪᠠᠶᠠᠷ ᠤᠨ 113 ᠵᠢᠯ ᠦᠨ ᠣᠢ ᠵᠢᠴᠢ 《 ᠡᠮᠡᠭᠲᠡᠶᠢᠴᠦᠳ ᠨᠠᠮ ᠢᠶᠠᠨ ᠳᠠᠭᠠᠵᠤ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠶ᠎ᠠ 》ᠭᠡᠬᠦ ᠡᠮᠡᠭᠲᠡᠶᠢᠴᠦᠳ ᠦᠨ ᠲᠠᠶᠢᠯᠤᠮᠵᠢ ᠶᠢᠨ ᠬᠤᠷᠠᠯ ᠬᠣᠷᠴᠢᠨ ᠲᠣᠭᠣᠷᠢᠭ ᠲᠤ ᠶᠠᠪᠤᠭᠳᠠᠪᠠ᠃ ᠬᠣᠷᠴᠢᠨ ᠲᠣᠭᠣᠷᠢᠭ ᠤᠨ ᠪᠠᠶᠢᠴᠠᠭᠠᠬᠤ ᠬᠣᠷᠢᠶᠠᠨ ᠤ ᠸᠠᠩ ᠶᠥᠩ ᠯᠢᠩ ᠂ ᠸᠠᠩ ᠲᠢᠩ ᠬᠣᠷᠴᠢᠨ ᠲᠣᠭᠣᠷᠢᠭ ᠤᠨ 《 ᠰᠢᠯᠢᠳᠡᠭ ᠡᠮᠡᠭᠲᠡᠢ ᠤᠬᠠᠭᠤᠯᠤᠨ ᠲᠠᠶᠢᠯᠪᠤᠷᠢᠯᠠᠭᠴᠢ 》 ᠶᠢᠨ ᠴᠣᠯᠠ ᠬᠦᠷᠲᠡᠪᠡ᠃
ᠢᠷᠠᠭᠤ ᠠᠯᠳᠠᠷ ᠤᠨ ᠠᠷᠤ ᠳᠤ ᠦᠷᠡᠭᠳᠡᠯ ᠪᠠ ᠡᠭᠦᠷᠭᠡᠯᠡᠯ ᠪᠤᠢ᠃ ᠲᠡᠳᠡ 《 ᠬᠠᠤᠯᠢ ᠪᠠᠷ ᠵᠠᠰᠠᠬᠤ ᠶᠢᠨ ᠤᠬᠠᠭᠤᠯᠤᠨ ᠲᠠᠶᠢᠯᠪᠤᠷᠢᠯᠠᠭᠴᠢ 》ᠵᠢᠨ ᠬᠤᠪᠢ ᠪᠠᠷ ᠪᠠᠶᠢᠴᠠᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠨᠡᠶᠢᠭᠡᠮ ᠦᠨ ᠵᠠᠰᠠᠯᠲᠠ ᠳᠤ ᠠᠭᠤᠰᠬᠠᠨ ᠣᠷᠣᠭᠤᠯᠪᠠ︔ ᠲᠡᠳᠡ ᠰᠤᠷᠭᠠᠭᠤᠯᠢ ᠳᠤ ᠭᠦᠨᠵᠡᠭᠡᠶᠢᠷᠡᠨ ᠬᠠᠤᠯᠢ ᠪᠠᠷ ᠵᠠᠰᠠᠬᠤ ᠬᠥᠮᠦᠵᠢᠯ ᠪᠠ ᠣᠯᠠᠨ ᠶᠠᠩᠵᠤ ᠬᠡᠯᠪᠡᠷᠢ ᠶᠢᠨ ᠬᠠᠪᠰᠤᠷᠤᠨ ᠰᠤᠷᠭᠠᠬᠤ ᠠᠵᠢᠯᠯᠠᠭ᠎ᠠ ᠥᠷᠨᠢᠭᠦᠯᠪᠡ︔ ᠲᠡᠳᠡ ᠰᠠᠢᠨ ᠳᠤᠷ᠎ᠠ ᠶᠢᠨ ᠦᠢᠯᠡᠴᠢᠯᠡᠭᠡᠨ ᠦ ᠠᠵᠢᠯᠯᠠᠭ᠎ᠠ ᠳᠤ ᠣᠷᠣᠯᠴᠠᠵᠤ ᠂ ᠨᠡᠶᠢᠭᠡᠮ ᠦᠨ ᠡᠯ᠎ᠡ ᠡᠲᠡᠭᠡᠳ ᠲᠦ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠳᠠᠮᠵᠢᠭᠤᠯᠪᠠ᠃
ᠬᠣᠶᠢᠰᠢᠳᠠ ᠂ ᠰᠢᠨᠵᠢᠯᠡᠬᠦ ᠤᠬᠠᠭᠠᠨ ᠮᠡᠷᠭᠡᠵᠢᠯ ᠦᠨ ᠪᠠᠶᠢᠴᠠᠭᠠᠬᠤ ᠠᠵᠢᠯᠲᠠᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠡᠳᠬᠢᠮᠵᠢ ᠪᠡᠨ ᠲᠠᠰᠤᠷᠠᠯᠲᠠ ᠥᠬᠡᠶ ᠰᠢᠨᠡᠴᠢᠯᠡᠵᠦ ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠷᠭ᠎ᠠ ᠪᠠᠷᠢᠯ ᠢ ᠪᠠᠶᠠᠯᠢᠭᠵᠢᠭᠤᠯᠤᠨ ᠂ ᠬᠠᠤᠯᠢ ᠪᠠᠷ ᠵᠠᠰᠠᠬᠤ ᠦᠶᠯᠡᠴᠢᠯᠡᠭᠡᠨ ᠦ ᠬᠢᠷᠢ ᠲᠦᠪᠰᠢᠨ ᠢ ᠳᠡᠭᠡᠭᠰᠢᠯᠡᠭᠦᠯᠵᠦ ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠦᠨᠡᠨ ᠬᠦ ᠠᠷᠠᠳ ᠣᠯᠠᠨ ᠤ ᠠᠮᠢᠳᠤᠷᠠᠯ ᠳᠤ ᠠᠭᠤᠰᠬᠠᠨ ᠣᠷᠣᠭᠤᠯᠵᠤ ᠂ ᠬᠣᠷᠴᠢᠨ ᠲᠣᠭᠣᠷᠢᠭ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠳᠥᠯᠭᠢᠨ ᠠᠬᠢᠭᠤᠯᠬᠤ ᠳᠤ ᠪᠠᠶᠢᠴᠠᠭᠠᠬᠤ ᠠᠵᠢᠯ ᠤᠨ ᠳᠡᠮᠵᠢᠯᠭᠡ ᠬᠠᠩᠭᠠᠬᠤ ᠪᠣᠯᠤᠨ᠎ᠠ᠃
ᠮᠡᠷᠭᠡᠨ ᠤᠷᠴᠢᠭᠤᠯᠪᠠ