ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠳᠠᠷᠢᠬᠢ ᠲᠤᠯᠤᠭᠠᠢ ᠠᠴᠠ ᠪᠠᠨ ᠡᠬᠢᠯᠡᠨ ᠲᠣᠭᠠᠴᠢᠯᠠᠭᠰᠠᠨ ᠪᠠᠶᠢᠴᠠᠭᠠᠬᠤ ᠵᠢᠨ ᠰᠢᠨ᠎ᠡ ᠠᠶᠠᠨ ᠢ ᠡᠬᠢᠯᠡᠭᠦᠯᠦᠶ᠎ᠡ

2023-03-10 17:22:52
ᠵᠣᠬᠢᠶᠠᠭᠴᠢ
ᠨᠠᠪᠴᠢ

ᠲᠣᠭᠠᠴᠢᠯᠠᠭᠰᠠᠨ ᠪᠠᠢᠢᠴᠠᠭᠠᠬᠤ ᠪᠣᠯ ᠬᠠᠤᠯᠢ ᠴᠠᠭᠠᠵᠠ ᠶᠢᠨ ᠬᠢᠨᠠᠯᠲᠠ ᠶᠢᠨ ᠠᠷᠭ᠎ᠠ ᠪᠠᠷᠢᠯ ᠤᠨ ᠬᠤᠪᠢᠰᠬᠠᠯ ᠂ ᠬᠠᠤᠯᠢ ᠴᠠᠭᠠᠵᠠ ᠶᠢᠨ ᠬᠢᠨᠠᠯᠲᠠ ᠶᠢᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠬᠦ ᠬᠥᠳᠡᠯᠭᠡᠭᠦᠷ ᠮᠥᠨ᠃ ᠥᠪᠥᠷ ᠮᠣᠩᠭᠣᠯ ᠤᠨ ᠲᠣᠭᠠᠴᠢᠯᠠᠭᠰᠠᠨ  ᠪᠠᠢᠢᠴᠠᠭᠠᠬᠤ ᠶᠢᠨ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠵᠤ᠂ ︽ᠲᠣᠭᠠᠴᠢᠯᠠᠭᠰᠠᠨ  ᠪᠠᠢᠢᠴᠠᠭᠠᠬᠤ ᠶᠢ ᠳᠡᠭᠡᠭᠰᠢᠯᠡᠭᠦᠯᠬᠦ ᠢᠨᠵᠧᠨᠧᠷᠢᠩ︾ ᠋ ᠢ ᠪᠣᠳᠠᠲᠠᠢ ᠪᠠᠷ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 2  ᠤᠨ ᠦᠳᠡ ᠶᠢᠨ ᠬᠣᠶᠢᠨ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ︽ᠣᠢ ᠪᠢᠯᠢᠭ ᠦᠨ ᠰᠢᠭᠤᠷᠭ᠎ᠠ︾ ᠵᠢᠨ ᠬᠡᠯᠪᠡᠷᠢ ᠪᠡᠷ ᠲᠣᠭᠠᠴᠢᠯᠠᠭᠰᠠᠨ ᠪᠠᠢᠢᠴᠠᠭᠠᠬᠤ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢᠨ ᠦᠵᠡᠭᠦᠯᠦᠯᠭᠡ ᠰᠣᠯᠢᠯᠴᠠᠭᠠᠨ ᠤ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃


W020230306595497848092    1.jpg


ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠲᠣᠭᠠᠴᠢᠯᠠᠭᠰᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠦᠨ ᠪᠦᠬᠦ ᠤᠯᠤᠰ ᠤᠨ ︽ᠲᠤᠮᠤ ᠳ᠋ᠠᠶᠢᠲ᠋ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠷᠭ᠎ᠠ ᠶᠢᠨ ᠤᠨᠤᠯ︾ ᠋ ᠤᠨ ᠶᠠᠷᠢᠶᠠᠨ ᠤ ᠲᠠᠪᠴᠠᠩ ᠵᠢᠴᠢ ᠲᠣᠭᠠᠴᠢᠯᠠᠭᠰᠠᠨ ᠪᠠᠶᠢᠴᠠᠭᠠᠬᠤ ᠠᠵᠢᠯ ᠤᠨ ᠲᠤᠬᠠᠢ ᠶᠢᠨ ᠲᠠᠯᠠᠪᠠᠢ ᠶᠢᠨ ᠲᠣᠭᠣᠷᠢᠨ ᠦᠵᠡᠵᠦ ᠰᠤᠷᠤᠯᠴᠠᠬᠤ ᠠᠵᠢᠯᠯᠠᠭ᠎ᠠ ᠶᠢᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠂ ᠪᠦᠬᠦ ᠣᠷᠣᠨ ᠤ ᠲᠣᠭᠠᠴᠢᠯᠠᠭᠰᠠᠨ ᠪᠠᠶᠢᠴᠠᠭᠠᠬᠤ ᠠᠵᠢᠯ ᠤᠨ ᠰᠡᠳᠬᠢᠴᠡ ᠪᠣᠯᠤᠨ ᠲᠥᠯᠥᠪᠯᠡᠭᠡ  ᠵᠢᠴᠢ ᠣᠷᠳᠣᠰ ᠬᠣᠲᠠ ᠶᠢᠨ ᠪᠠᠶᠢᠴᠠᠭᠠᠬᠤ ᠬᠣᠷᠢᠶ᠎ᠠ ᠶᠢᠨ ︽ ᠡᠷᠡᠭᠦᠸ ᠰᠢᠢᠳᠬᠡᠯ ᠭᠦᠶᠴᠡᠳᠬᠡᠵᠦ ᠪᠠᠶᠢᠭ᠎ᠠ ᠬᠥᠮᠦᠰ ᠦᠨ ᠨᠡᠶᠢᠭᠡᠮ ᠦᠨ ᠳᠠᠭᠠᠳᠬᠠᠯ  ᠲᠤᠰᠢᠶᠠᠬᠤ ᠳᠤ ᠬᠢᠨᠠᠯᠲᠠ ᠲᠠᠯᠪᠢᠬᠤ ᠵᠠᠭᠪᠤᠷ ︾ ᠢ ᠰᠤᠳᠤᠯᠤᠨ ᠨᠡᠭᠡᠭᠡᠭᠰᠡᠨ ᠂ ᠬᠡᠷᠡᠭᠯᠡᠭᠰᠡᠨ ᠲᠤᠬᠠᠶ ᠲᠠᠨᠢᠯᠲᠠ ᠪᠠ ᠣᠶᠢᠯᠠᠭᠠᠯᠲᠠ ᠵᠡᠷᠭᠡ ᠶᠢ ᠰᠤᠨᠤᠰᠪᠠ ᠃


W020230306595498059149   2.jpg


 ᠯᠢ ᠶᠦᠩ ᠵᠢᠶᠦ᠋ᠨ ᠴᠢᠬᠤᠯᠠᠴᠢᠯᠠᠭᠰᠠᠨ ᠨᠢ ᠂ ᠲᠣᠭᠠᠴᠢᠯᠠᠭᠰᠠᠨ ᠠᠷᠭ᠎ᠠ ᠪᠠᠷᠢᠯ ᠢ ᠰᠠᠶᠢᠲᠤᠷ ᠬᠡᠷᠡᠭᠯᠡᠨ ᠬᠠᠸᠯᠢ ᠴᠠᠭᠠᠵᠠ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠬᠤ ᠪᠣᠯ ᠪᠠᠶᠢᠴᠠᠭᠠᠬᠤ ᠠᠵᠢᠯ ᠤᠨ ᠶᠡᠬᠡ ᠬᠠᠨᠳᠤᠰᠢ ᠮᠥᠨ ᠂ ᠡᠷᠬᠡᠪᠰᠢ ᠲᠣᠭᠠᠴᠢᠯᠠᠭᠰᠠᠨ ᠪᠠᠢᠢᠴᠠᠭᠠᠬᠤ ᠶᠢᠨ ᠳᠡᠯᠭᠡᠷᠡᠭᠦᠯᠦᠯᠲᠡ ᠪᠠ ᠬᠡᠷᠡᠭᠯᠡᠯᠲᠡ ᠶᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ ᠂ ᠦᠵᠡᠯ ᠰᠠᠨᠠᠭ᠎ᠠ  ᠂ ᠵᠣᠷᠢᠭ ᠰᠠᠨᠠᠭ᠎ᠠ   ᠪᠠ ᠠᠵᠢᠯᠯᠠᠭ᠎ᠠ ᠪᠠᠨ ᠨᠢᠭᠡᠳᠬᠡᠵᠦ ᠂ ᠲᠣᠭᠠᠴᠢᠯᠠᠭᠰᠠᠨ ᠪᠠᠶᠢᠴᠠᠭᠠᠬᠤ ᠠᠵᠢᠯ ᠤᠨ ︽ ᠶᠠᠭᠠᠬᠢᠵᠤ ᠦᠵᠡᠬᠦ ︾ ︽ ᠶᠠᠭᠠᠬᠢᠵᠤ ᠬᠢᠬᠦ ︾ ᠪᠠ ︽ ᠶᠠᠭᠤ ᠬᠢᠬᠦ ︾ ᠲᠠᠢ ᠨᠢᠭᠲᠠ ᠤᠶᠠᠯᠳᠤᠭᠤᠯᠤᠨ ᠪᠥᠬᠥ ᠣᠷᠣᠨ ᠤ ᠲᠣᠭᠠᠴᠢᠯᠠᠭᠰᠠᠨ ᠪᠠᠶᠢᠴᠠᠭᠠᠬᠤ ᠠᠵᠢᠯ ᠢ ᠠᠬᠢᠭᠤᠯᠬᠤ ᠬᠡᠷᠡᠭᠲᠡᠶ ᠃

《 ᠶᠠᠭᠠᠬᠢᠵᠤ ᠦᠵᠡᠬᠦ ᠪᠤᠶ 》

ᠲᠣᠭᠠᠴᠢᠯᠠᠭᠰᠠᠨ ᠪᠠᠢᠢᠴᠠᠭᠠᠬᠤ ᠪᠣᠯ ᠣᠨᠴᠠ ᠵᠠᠷᠢᠮ ᠬᠡᠷᠡᠭ ᠡᠴᠡ ᠲᠦᠷᠦᠯ ᠦᠨ ᠬᠡᠷᠡᠭ ᠬᠦᠷᠲᠡᠯ᠎ᠡ᠂ ᠰᠠᠨᠠᠭᠠᠴᠢᠯᠠᠭ᠎ᠠ ᠦᠭᠡᠢ ᠪᠠᠶᠢᠭᠰᠠᠨ ᠠᠴᠠ ᠰᠠᠨᠠᠭᠠᠴᠢᠯᠠᠭ᠎ᠠ ᠲᠠᠶ ᠪᠣᠯᠬᠤ᠂ ᠠᠵᠢᠯ ᠲᠦᠷᠦᠯ ᠦᠨ ᠳᠤᠲᠤᠭᠠᠳᠤ ᠠᠴᠠ ᠠᠵᠢᠯ ᠲᠦᠷᠦᠯ ᠦᠨ ᠭᠠᠳᠠᠭᠠᠳᠦ ᠳᠤ ᠬᠦᠷᠲᠡᠯᠡᠬᠢ ᠪᠡᠷ ᠮᠥᠨ ᠴᠢᠨᠠᠷ ᠪᠣᠯᠭᠠᠵᠤ᠂ ᠵᠠᠭᠪᠤᠷ᠂ ᠲᠣᠭ᠎ᠠ ᠪᠠᠷᠢᠮᠲᠠ ᠪᠠ ᠲᠠᠪᠴᠠᠩ ᠢᠶᠠᠷ ᠡᠯᠧᠮᠧᠨ᠋ᠲ ᠪᠣᠯᠭᠠᠭᠰᠠᠨ ᠪᠠᠶᠢᠴᠠᠭᠠᠬᠤ ᠠᠵᠢᠯ ᠤᠨ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠮᠥᠨ᠂ ᠪᠠᠶᠢᠴᠠᠭᠠᠬᠤ ᠠᠵᠢᠯ ᠤᠨ ᠲᠡᠦᠬᠡᠨ ᠳᠡᠭᠡᠷᠡᠬᠢ ᠪᠠᠰᠠ ᠨᠢᠭᠡ ᠤᠳᠠᠭ᠎ᠠ ᠶᠢᠨ ᠠᠵᠢᠯ ᠤᠨ ᠬᠡᠯᠪᠡᠷᠢ ᠶᠢᠨ ᠬᠤᠪᠢᠰᠬᠠᠯ ᠮᠥᠨ᠂ ᠪᠠᠶᠢᠴᠠᠭᠠᠬᠤ ᠪᠠᠶᠢᠭᠤᠯᠭ᠎ᠠ ᠡᠷᠬᠡᠪᠰᠢ ᠴᠠᠭ ᠦᠶ᠎ᠡ ᠲᠡᠶ ᠵᠡᠷᠭᠡ ᠪᠡᠷ ᠤᠷᠤᠭᠰᠢᠯᠠᠵᠤ᠂ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠢᠳᠡᠪᠬᠢᠲᠡᠢ ᠪᠡᠷ ᠲᠠᠭᠠᠵᠤ  ᠠᠮᠵᠢᠬᠤ ᠬᠡᠷᠡᠭᠲᠡᠢ᠃ 

《 ᠶᠠᠭᠠᠬᠢᠵᠤ ᠬᠢᠬᠦ ᠪᠤᠶ 》

ᠶᠡᠷᠦᠩᠬᠡᠢ ᠵᠠᠷᠴᠢᠮ ᠪᠠ ᠬᠠᠷᠢᠭᠤᠴᠠᠯᠭ᠎ᠠ ᠶᠢᠨ ᠭᠣᠣᠯ ᠴᠣᠭᠴᠠ ᠶᠢ ᠲᠣᠳᠣᠷᠬᠠᠶᠢᠯᠠᠵᠤ᠂ ᠰᠠᠭᠤᠷᠢ ᠲᠣᠭ᠎ᠠ᠂ ᠶᠡᠷᠦᠩᠬᠡᠢ ᠲᠥᠯᠥᠪᠵᠢᠭᠦᠯᠭᠡ ᠶᠢ ᠲᠣᠳᠣᠷᠬᠠᠢ ᠣᠶᠢᠯᠠᠭᠠᠵᠤ᠂ ᠴᠡᠭ ᠰᠣᠩᠭᠣᠨ ᠰᠢᠪᠲᠤᠯᠤᠯᠲᠠ ᠬᠢᠵᠦ᠂ ᠪᠠᠶᠢᠭᠤᠯᠬᠤ ᠶᠢᠨ ᠳᠠᠭᠠᠤ ᠬᠡᠷᠡᠭᠯᠡᠵᠦ᠂ ︽ᠮᠡᠷᠭᠡᠵᠢᠯ ᠦᠨ ᠠᠵᠢᠯᠳᠠᠨ + ᠲᠤᠬᠠᠶᠢᠯᠠᠭᠰᠠᠨ ᠠᠵᠢᠯ ᠤᠨ ᠠᠵᠢᠯᠳᠠᠨ︾᠂ ︽ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ + ᠠᠶᠢᠮᠠᠭ ᠬᠤᠳᠠ ᠶᠢᠨ ᠬᠣᠷᠢᠢ᠎ᠠ︾ ᠬᠣᠶᠠᠷ ᠢ ᠨᠢᠭᠡᠳᠬᠡᠵᠦ᠂ ᠲᠣᠭᠠᠴᠢᠯᠠᠭᠰᠠᠨ ᠪᠠᠶᠢᠴᠠᠭᠠᠬᠤ ᠠᠵᠢᠯ ᠤᠨ ᠰᠡᠳᠬᠢᠴᠡ ᠠᠷᠭ᠎ᠠ ᠬᠡᠮᠵᠢᠢ᠎ᠡ ᠶᠢ ᠨᠡᠩ ᠰᠢᠨᠵᠢᠯᠡᠬᠦ ᠤᠬᠠᠭᠠᠨᠴᠢ᠂ ᠨᠡᠩ ᠨᠢᠭᠲᠠ ᠴᠢᠩᠭ᠎ᠠ᠂ ᠨᠡᠩ ᠪᠦᠲᠦᠮᠵᠢᠲᠡᠢ  ᠪᠣᠯᠭᠠᠬᠤ ᠬᠡᠷᠡᠭᠲᠡᠢ ᠃

《 ᠶᠠᠭᠤ ᠬᠢᠬᠦ ᠪᠤᠶ 》

 ᠲᠤᠭᠠᠴᠢᠯᠠᠭᠰᠠᠨ ᠪᠠᠶᠢᠴᠠᠭᠠᠬᠤ ᠪᠣᠯ ᠳᠠᠷᠤᠶ ᠲᠣᠭ᠎ᠠ ᠪᠠᠷᠢᠮᠲᠠ ᠠᠴᠠ ᠴᠢᠨᠠᠷ ᠴᠢᠨᠰᠠᠭ᠎ᠠ᠂ ᠦᠷ᠎ᠡ ᠪᠦᠲᠦᠮᠵᠢ᠂ ᠲᠠᠢᠢᠴᠢᠨ ᠬᠦᠴᠦᠨ ᠢ ᠳᠡᠭᠡᠭᠰᠢᠯᠡᠭᠦᠯᠬᠦ ᠶᠠᠪᠤᠳᠠᠯ ᠪᠣᠯᠤᠨ᠎ᠠ᠃ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠦᠨ ᠬᠢᠨ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠡᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠷᠡᠭᠦᠦ ᠶᠢᠨ ᠬᠡᠷᠡᠭ ᠦᠨ ᠪᠠᠢᠢᠴᠠᠭᠠᠬᠤ ᠶᠢᠨ︽ᠭᠤᠷᠪᠠᠨ ᠥᠨᠳᠥᠷ ᠬᠣᠶᠠᠷ ᠳᠣᠣᠷ᠎ᠠ︾᠂ ᠢᠷᠭᠡᠨ ᠦ ᠬᠡᠷᠡᠭ ᠦᠨ ᠪᠠᠢᠢᠴᠠᠭᠠᠬᠤ ᠶᠢᠨ︽ᠭᠤᠷᠪᠠᠨ ᠳᠣᠣᠷ᠎ᠠ ᠬᠣᠶᠠᠷ ᠴᠥᠭᠡᠨ︾᠂ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠪᠦᠰᠡ ᠠᠯᠤᠰᠯᠠᠨ ᠬᠠᠮᠵᠢᠯᠴᠠᠬᠤ ᠵᠡᠷᠭᠡ ᠪᠣᠳᠠᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠮᠤ ᠳ᠋ᠠᠶᠢᠲ᠋ᠠ ᠶᠢᠨ ᠬᠢᠨᠠᠯᠲᠠ ᠶᠢᠨ ᠵᠠᠭᠪᠤᠷ ᠢ ᠢᠳᠡᠪᠬᠢᠲᠡᠢ ᠪᠠᠶᠢᠭᠤᠯᠤᠨ ᠪᠣᠶᠢᠵᠢᠭᠤᠯᠵᠤ᠂ ᠲᠣᠭ᠎ᠠ ᠪᠠᠷᠢᠮᠲᠠ ᠪᠠᠷ ᠬᠠᠤᠯᠢ ᠴᠠᠭᠠᠵᠠ ᠶᠢᠨ ᠬᠢᠨᠠᠯᠲᠠ ᠲᠠᠯᠪᠢᠵᠤ᠂ ᠲᠦᠷᠦᠯ ᠦᠨ ᠬᠡᠷᠡᠭ ᠦᠨ ᠬᠢᠨᠠᠯᠲᠠ ᠪᠠᠷ ᠨᠡᠶᠢᠭᠡᠮ ᠦᠨ ᠵᠠᠰᠠᠯᠲᠠ ᠶᠢ ᠠᠬᠢᠭᠤᠯᠬᠤ ᠬᠡᠷᠡᠭᠲᠡᠢ᠃


W020230306595498206178  3.jpg


ᠬᠤᠷᠠᠯ ᠢ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠪᠠᠶᠢᠴᠠᠭᠠᠬᠤ ᠳᠠᠷᠤᠭ᠎ᠠ ᠯᠢ ᠵᠢᠶᠠᠨ ᠡᠷᠭᠢᠯᠡᠵᠦ ᠂ ᠬᠣᠯᠪᠣᠭᠳᠠᠯ ᠪᠥᠬᠥᠶ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠲᠤᠬᠠᠶᠢᠯᠠᠭᠰᠠᠨ ᠠᠵᠢᠯ ᠤᠨ ᠱᠤᠭᠤᠮ ᠤᠨ ᠪᠣᠳᠠᠲᠤ ᠪᠠᠶᠢᠳᠠᠯ ᠲᠠᠶ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ ᠂ ᠲᠤᠬᠠᠶᠢᠯᠠᠭᠰᠠᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠣᠷᠢᠶ᠎ᠠ ᠶᠢᠨ ᠤᠳᠤᠷᠢᠳᠤᠯᠭ᠎ᠠ ᠪᠠ ᠪᠥᠬᠥ ᠪᠠᠶᠢᠴᠠᠭᠠᠬᠤ ᠲᠤᠰᠢᠶᠠᠯᠲᠠᠨ ᠬᠤᠷᠠᠯ ᠳᠤ ᠣᠷᠣᠯᠴᠠᠵᠠᠶ ᠃



ᠢᠷᠡᠯᠲᠡ
ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠪᠠᠢᠢᠴᠠᠭᠠᠬᠤ ᠬᠤᠷᠢᠶ᠎ᠠ ᠵᠢᠨ ᠤᠷᠴᠢᠭᠤᠯᠭ᠎ᠠ ᠵᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro