ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠬᠢᠩᠭᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠤᠯᠠᠭᠠᠨᠬᠤᠲᠠ ᠳᠠᠬᠢ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠶᠢᠨ ᠠᠮᠢᠳᠤᠷᠡᠯ ᠨᠢ ᠬᠦᠴᠢᠷᠳᠡᠢ ᠪᠠᠭᠠᠴᠤᠳ ᠲᠤ ᠬᠠᠶᠢᠷ᠎ᠠ ᠬᠠᠯᠠᠮᠵᠢ ᠬᠦᠷᠳᠡᠭᠡᠬᠦ ᠠᠵᠢᠯᠯᠠᠭ᠎ᠠ ᠦᠷᠨᠢᠭᠦᠯᠵᠦ ᠪᠠᠶᠢᠨ᠎ᠠ

2016-04-07 16:12:38
ᠵᠣᠬᠢᠶᠠᠭᠴᠢ
ᠪᠣᠣ ᠢᠣᠢ ᠯᠢᠶᠠᠨ

     3 ᠰᠠᠷ᠎ᠠ ᠶᠢᠨ 4 ᠤ ᠡᠳᠥᠷ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠳᠠᠰᠢᠷᠠᠮ ᠢᠶᠠᠷ ᠬᠢᠩᠭᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠯᠸᠢ ᠹᠧᠩ ᠠᠴᠠ ᠰᠤᠷᠤᠯᠴᠠᠬᠤ ᠬᠦᠳᠡᠯᠭᠡᠭᠡᠨ ᠢ ᠦᠷᠨᠢᠭᠦᠯᠵᠦ᠂ ᠨᠠᠮ ᠤᠨ ᠳᠤᠭᠤᠶᠢᠯᠠᠩ ᠤᠨ ᠭᠡᠰᠢᠭᠦᠨ᠂ ᠤᠯᠤᠰ ᠲᠦᠷᠥ ᠶᠢᠨ ᠭᠡᠯᠳᠡᠰ ᠤᠨ ᠡᠷᠬᠢᠯᠡᠭᠴᠢ ᠯᠢ ᠢᠤᠢ ᠮᠸᠢ ᠲᠦᠷᠦᠭᠦᠳᠡᠢ ᠬᠡᠳᠦᠨ ᠬᠦᠮᠦᠰ ᠪᠠᠶᠢᠭᠤᠯᠭ᠎ᠠ ᠶᠢᠨ ᠢᠶᠠᠨ ᠪᠦᠬᠦ ᠺᠠᠳ᠋ᠷ ᠴᠠᠭᠳᠠᠭ᠎ᠠ ᠪᠠᠨ ᠲᠦᠯᠦᠭᠡᠯᠡᠨ ᠤᠯᠠᠭᠠᠨᠬᠤᠲᠠ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠳᠤ ᠬᠦᠷᠴᠦ ᠭᠤᠶᠤ ᠰᠢᠨ᠎ᠡ 100 ᠪᠢᠴᠢᠭ ᠤᠨ ᠪᠣᠭᠴᠣ᠂ ᠪᠢᠴᠢᠭ ᠤᠨ ᠬᠡᠷᠡᠭᠰᠡᠯ᠂ ᠨᠣᠮ ᠳᠡᠪᠲᠡᠷ᠂ ᠬᠤᠪᠴᠠᠰᠤ ᠬᠤᠨᠡᠷ ᠪᠠ 1870 ᠲᠦᠭᠦᠷᠢᠭ ᠲᠤᠰᠠᠯᠠᠬᠤ ᠵᠤᠭᠤᠰ ᠵᠡᠷᠭᠡ ᠪᠠᠨ ᠠᠮᠢᠳᠦᠷᠡᠯ ᠨᠢ ᠬᠦᠴᠢᠷᠳᠡᠯᠲᠡᠢ ᠪᠠᠭᠠᠴᠤᠳ ᠲᠤ ᠬᠦᠷᠭᠡᠨ ᠦᠭᠴᠦ ᠬᠠᠶᠢᠷ᠎ᠠ ᠬᠠᠯᠠᠮᠵᠢ ᠬᠦᠷᠳᠡᠭᠡᠭᠰᠡᠨ ᠪᠠᠶᠢᠨ᠎ᠠ᠃

    ᠤᠯᠠᠭᠠᠨᠬᠤᠲᠠ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠪᠣᠯ ᠠᠶᠢᠮᠠᠭ ᠤᠨ ᠲᠥᠪ ᠤᠯᠠᠭᠠᠨᠬᠤᠲᠠ ᠳᠤ ᠴᠣᠯᠤ ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠪᠦᠭᠡᠳ ᠰᠤᠷᠤᠭᠴᠢᠳ ᠤᠨ ᠤᠯᠠᠩᠬᠢ ᠨᠢ ᠪᠦᠷ ᠮᠠᠨ ᠤ ᠠᠶᠢᠮᠠᠭ ᠤᠨ ᠪᠥᠢᠲᠠ ᠪᠦᠭᠯᠡᠬᠦᠦ ᠬᠦᠳᠡᠭᠡ ᠲᠤᠰᠬᠤᠨ ᠤ ᠮᠠᠯᠵᠢᠬᠤ ᠲᠠᠷᠢᠶᠠᠯᠠᠬᠤ ᠤᠷᠤᠨ ᠠᠴᠠ ᠢᠷᠡᠭᠰᠡᠨ ᠪᠠᠶᠢᠵᠦ ᠵᠠᠷᠢᠮ ᠨᠢ ᠠᠵᠤ ᠠᠮᠢᠳᠤᠷᠠᠯ ᠨᠢ ᠶᠠᠳᠠᠭᠤ ᠬᠦᠴᠢᠷᠳᠡᠢ᠂ ᠵᠠᠷᠢᠮ ᠨᠢ ᠡᠴᠢᠭᠡ ᠡᠬᠡ ᠨᠢ ᠤᠷᠤᠭ ᠰᠠᠯᠤᠭᠰᠠᠨ ᠪᠤᠶᠤ ᠪᠠᠰᠠ ᠵᠠᠷᠢᠮ ᠨᠢ 《 ᠭᠡᠷ ᠲᠡᠭᠡᠨ ᠦᠯᠡᠳᠡᠵᠤ ᠬᠤᠴᠤᠷᠠᠭᠰᠠᠨ》ᠭᠡᠷ ᠪᠦᠯᠢ ᠶᠢᠨ ᠬᠡᠤᠬᠡᠳ ᠪᠤᠯᠤᠨ᠎ᠠ᠃ ᠡᠬᠦᠨ ᠳᠤ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠬᠠᠨ ᠢᠤᠢ ᠡᠨᠡᠬᠦ ᠪᠠᠶᠢᠳᠡᠯ ᠢ ᠮᠡᠳᠡᠭᠰᠡᠨ ᠤ ᠳᠠᠷᠠᠭ᠎ᠠ ᠲᠤᠩ ᠬᠦᠨᠳᠦᠳᠭᠡᠨ ᠦᠵᠡᠵᠦ ᠠᠩᠬᠠᠷᠤᠯ ᠳᠠᠭᠠᠨ ᠠᠪᠴᠤ ᠲᠡᠷᠡ ᠳᠠᠷᠤᠢ ᠳᠤᠨᠢ ᠲᠤᠰᠬᠠᠢ ᠬᠤᠷᠠᠯ ᠬᠤᠷᠠᠯᠳᠤᠵᠤ ᠪᠦᠬᠦ ᠺᠠᠳ᠋ᠷ ᠴᠠᠭᠳᠠᠭ᠎ᠠ ᠪᠠᠨ ᠣᠷᠢᠶᠠᠯᠠᠨ ᠵᠤᠬᠢᠶᠠᠨ ᠪᠠᠶᠢᠭᠤᠯᠵᠤ ᠵᠤᠭᠤᠰ ᠮᠦᠩᠬᠦ ᠡᠳ᠋ ᠪᠣᠳᠡᠰ ᠢ ᠬᠤᠷᠠᠮᠳᠤᠭᠤᠯᠤᠨ ᠴᠤᠭᠯᠠᠭᠤᠯᠵᠤ ᠲᠡᠳᠡᠭᠡᠷ ᠠᠮᠢᠳᠤᠷᠠᠯ ᠨᠢ ᠶᠠᠳᠠᠭᠤ ᠬᠦᠴᠢᠷᠳᠡᠯᠳᠡᠢ ᠪᠠᠭᠠᠴᠤᠳ ᠲᠤ ᠬᠠᠶᠢᠷ᠎ᠠ ᠬᠠᠯᠠᠮᠵᠢ ᠬᠦᠷᠳᠡᠭᠡᠭᠰᠡᠨ ᠪᠠᠶᠢᠨ᠎ᠠ᠃

    ᠡᠨᠡ ᠤᠳᠠᠭᠠᠨ ᠤ ᠬᠦᠳᠡᠯᠭᠡᠭᠡᠨ ᠨᠢ ᠪᠦᠬᠦ ᠺᠠᠳ᠋ᠷ ᠴᠠᠭᠳᠠᠭ᠎ᠠ ᠨᠠᠷ ᠤᠨ ᠯᠸᠢ ᠹᠧᠩ ᠠᠴᠠ ᠰᠣᠷᠤᠯᠴᠠᠵᠤ ᠰᠠᠶᠢᠨ ᠬᠦᠮᠦᠨ ᠤ ᠰᠠᠶᠢᠨ ᠦᠢᠯᠡ ᠠᠵᠢᠯᠯᠠᠭ᠎ᠠ ᠦᠷᠨᠢᠭᠦᠯᠵᠤ᠂ ᠥᠪᠡᠷᠰᠡᠳ ᠤᠨ ᠪᠤᠳᠠᠳᠤ ᠥᠢᠯᠡ ᠠᠵᠢᠯᠯᠠᠭ᠎ᠠ ᠪᠠᠷ ᠢᠶᠠᠨ ᠦᠨᠳᠦᠰᠦᠳᠡᠨ ᠤ ᠪᠦᠯᠬᠦᠮᠳᠡᠯ ᠢ ᠠᠬᠢᠭᠤᠯᠣᠭᠰᠠᠨ ᠪᠤᠳᠠᠳᠤ ᠢᠯᠡᠷᠡᠯ ᠪᠣᠯᠣᠨ᠎ᠠ᠃ ᠮᠦᠨᠴᠦ ᠲᠡᠳᠡᠭᠡᠷ ᠠᠮᠢᠳᠤᠷᠠᠯ ᠨᠢ ᠬᠦᠴᠢᠷᠳᠡᠢ ᠰᠤᠷᠤᠭᠴᠢᠳ ᠤᠨ ᠠᠮᠢᠳᠤᠷᠠᠯ ᠤᠨ ᠳᠠᠷᠤᠭᠠᠰᠤ ᠶᠢ ᠬᠥᠩᠭᠡᠷᠡᠭᠦᠯᠵᠥ ᠲᠡᠳᠡᠨᠡᠷ ᠢ ᠪᠠᠶᠠᠰᠬᠠᠨ ᠬᠤᠶᠢᠰᠢᠲᠡ ᠶᠢᠨ ᠠᠮᠢᠳᠤᠷᠡᠯ ᠰᠤᠷᠤᠯᠭ᠎ᠠ ᠳᠤᠨᠢ ᠵᠣᠷᠢᠭᠵᠢᠭᠤᠯᠤᠯ ᠦᠭᠭᠦᠭᠰᠡᠨ ᠪᠠᠶᠢᠨ᠎ᠠ᠃ 

 

  

ᠢᠷᠡᠯᠲᠡ
ᠬᠢᠩᠭᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro