ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠬᠢᠩᠭᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠦᠨᠳᠦᠰᠦᠲᠡᠨ ᠤ ᠲᠦᠷᠥ ᠶᠢᠨ ᠪᠣᠳᠤᠯᠭ᠎ᠠ ᠶᠢᠨ ᠣᠨᠤᠯ ᠤᠨ ᠲᠤᠬᠠᠢ ᠰᠢᠯᠭᠠᠯᠲᠠ ᠶᠠᠪᠤᠭᠳᠠᠭᠤᠯᠪᠠ

2016-04-07 16:25:40
ᠵᠣᠬᠢᠶᠠᠭᠴᠢ
ᠪᠣᠣ ᠢᠦᠢ ᠯᠢᠶᠠᠨ

    ᠣᠶᠢᠷ᠎ᠠ ᠳᠤ ᠬᠢᠩᠭᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠪᠦᠬᠦ ᠺᠠᠳ᠋ᠷ ᠴᠠᠭᠳᠠᠭ᠎ᠠ ᠪᠠᠨ ᠵᠤᠬᠢᠶᠠᠨ ᠪᠠᠶᠢᠭᠤᠯᠵᠤ ᠦᠨᠳᠦᠰᠦᠲᠡᠨ ᠤ ᠤᠨᠤᠯ ᠬᠢᠭᠡᠳ ᠦᠨᠳᠦᠰᠦᠲᠡᠨ ᠤ ᠲᠦᠷᠥ ᠶᠢᠨ ᠪᠤᠳᠣᠯᠭ᠎ᠠ ᠶᠢᠨ ᠲᠣᠬᠠᠢ ᠰᠣᠷᠤᠯᠴᠠᠬᠤ ᠶᠢᠨ ᠬᠠᠮᠳᠤ ᠰᠢᠯᠭᠠᠨ ᠪᠠᠶᠢᠴᠠᠭᠠᠯᠲᠠ ᠶᠠᠪᠤᠭᠳᠠᠭᠤᠯᠤᠰᠠᠨ ᠪᠠᠶᠢᠨ᠎ᠠ᠃ ᠮᠦᠨ ᠪᠠᠰᠠ ᠬᠠᠮᠳᠤᠪᠡᠷ《ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠳᠦᠷᠰᠦ ᠰᠢᠩᠭᠡᠭᠡᠯᠳᠡ 》 ᠶᠢ ᠰᠤᠨᠢᠷᠬᠠᠨ ᠦᠵᠡᠭᠰᠡᠨ ᠪᠠᠶᠢᠨ᠎ᠠ᠃

    ᠲᠤᠰ ᠤᠳᠠᠭᠠᠨ ᠤ ᠰᠤᠷᠤᠯᠴᠠᠯᠭ᠎ᠠ ᠪᠠ ᠰᠢᠯᠭᠠᠨ ᠪᠠᠶᠢᠴᠠᠭᠠᠯᠳᠠ ᠪᠠᠷ ᠳᠠᠮᠵᠢᠵᠤ ᠪᠦᠬᠦ ᠺᠠᠳ᠋ᠷ ᠴᠠᠭᠳᠠᠭ᠎ᠠ ᠨᠠᠷ ᠤᠨ ᠨᠠᠮ ᠪᠠ ᠤᠯᠤᠰ ᠤᠨ ᠦᠨᠳᠦᠰᠦᠳᠡᠨ ᠤ ᠲᠦᠷᠤ ᠶᠢᠨ ᠪᠤᠳᠣᠯᠭ᠎ᠠ ᠶᠢᠨ ᠲᠤᠬᠠᠢ ᠮᠡᠳᠡᠯᠭᠡ ᠶᠢ ᠦᠪᠡᠷᠰᠡᠳ ᠤᠨ ᠤᠬᠠᠮᠰᠡᠷ ᠠᠴᠠ ᠪᠠᠨ ᠰᠤᠷᠴᠤ ᠬᠡᠷᠡᠭᠯᠡᠬᠦ ᠦᠵᠡᠯᠳᠡ ᠲᠠᠨᠢᠯᠲᠠ ᠶᠢ ᠨᠢ ᠳᠡᠭᠡᠭᠰᠢᠯᠡᠭᠦᠯᠵᠥ᠂ ᠦᠨᠳᠦᠰᠦᠳᠡᠨ ᠤ ᠪᠦᠯᠬᠦᠮᠳᠡᠯ ᠢ ᠬᠠᠭᠠᠴᠠᠭᠤᠯᠬᠤ ᠶᠢ ᠡᠰᠡᠷᠭᠦᠴᠡᠨ᠂ ᠤᠯᠤᠰ ᠦᠨᠳᠦᠰᠦᠳᠡᠨ ᠤ ᠪᠠᠨ ᠪᠦᠯᠬᠦᠮᠳᠡᠯ ᠨᠢᠭᠡᠳᠤᠯ ᠢ ᠬᠠᠮᠠᠭᠠᠯᠠᠬᠤ ᠦᠵᠡᠯᠳᠡ ᠲᠠᠨᠢᠯᠲᠠ ᠶᠢ ᠳᠡᠭᠡᠭᠰᠢᠯᠡᠭᠦᠯᠵᠥ ᠪᠠᠶᠢᠴᠠᠭᠠᠬᠤ ᠪᠠᠶᠢᠭᠤᠯᠭ᠎ᠠ ᠶᠢᠨ ᠦᠢᠯᠡᠴᠢᠯᠡᠭᠡ ᠶᠢ ᠲᠠᠰᠤᠷᠡᠯ ᠦᠭᠡᠢ ᠳᠡᠭᠡᠭᠰᠢᠯᠡᠭᠦᠯᠵᠦ ᠦᠨᠳᠦᠰᠦᠳᠡᠨ ᠤ ᠭᠠᠵᠡᠷ ᠤᠷᠤᠨ ᠤ ᠨᠡᠶᠢᠭᠡᠮ ᠤᠨ ᠠᠵᠤ ᠠᠬᠤᠢ ᠶᠢᠨ ᠬᠦᠭᠵᠢᠯᠳᠡ ᠳᠤ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃



 


ᠢᠷᠡᠯᠲᠡ
ᠬᠢᠩᠭᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro