ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠠᠶᠢᠴᠠᠭᠠᠬᠤ ᠠᠵᠢᠯ ᠤᠨ ᠡᠭᠦᠷᠭᠡ ᠲᠤᠰᠢᠶᠠᠯ ᠢᠶᠠᠨ ᠴᠢᠳᠠᠮᠠᠭᠠᠶ ᠪᠠᠷ ᠭᠦᠶᠴᠡᠳᠬᠡᠵᠦ ᠬᠠᠲᠤᠨ ᠭᠣᠸᠯ ᠤᠨ ︽ ᠵᠢᠢ ᠦᠰᠦᠭ ᠦᠨ ᠮᠤᠷᠤᠶᠢᠯᠲᠠ ︾ ᠶᠢᠨ ᠰᠦᠷᠯᠢᠭ ᠰᠠᠶᠢᠬᠠᠨ ᠢ ᠰᠠᠬᠢᠨ ᠬᠠᠮᠠᠭᠠᠯᠠᠨ᠎ᠠ

2023-04-29 21:06:37
ᠵᠣᠬᠢᠶᠠᠭᠴᠢ
ᠨᠠᠪᠴᠢ


      4 ᠰᠠᠷ᠎ᠠ ᠶᠢᠨ 12 ᠤᠨ ᠡᠳᠦᠷ ᠂ ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ᠤᠰᠤᠨ ᠠᠰᠢᠭᠯᠠᠯᠲᠠ ᠶᠢᠨ ᠶᠠᠮᠤᠨ ᠲᠠᠶ ᠬᠠᠮᠲᠤᠷᠠᠨ ᠵᠧᠩᠵᠧᠸ ᠳᠦ ᠠᠩᠬᠠᠳᠤᠭᠠᠷ ᠬᠤᠭᠤᠴᠠᠭᠠᠨ ᠤ ᠬᠠᠲᠤᠨ ᠭᠣᠸᠯ  ᠳᠦ ᠦᠢᠯᠡᠴᠢᠯᠡᠵᠦ ᠪᠠᠲᠤᠯᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠶᠢᠴᠠᠭᠠᠬᠤ ᠶᠠᠷᠢᠶᠠᠨ ᠤ ᠲᠠᠪᠴᠠᠩ ᠢ ᠦᠷᠨᠢᠭᠦᠯᠪᠡ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠭᠠᠵᠠᠷ ᠣᠷᠣᠨ ᠤ ᠣᠨᠴᠠᠯᠢᠭ ᠲᠠᠶ ᠪᠠᠨ ᠤᠶᠠᠯᠳᠤᠭᠤᠯᠤᠨ ᠬᠠᠲᠤᠨ ᠭᠣᠸᠯ ᠤᠨ ᠬᠠᠮᠠᠭᠠᠯᠠᠯᠲᠠ ᠶᠢᠨ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ ᠃

 

 

ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ  ᠤ ᠬᠠᠲᠤᠨ ᠭᠣᠸᠯ  ᠳᠦ ᠦᠢᠯᠡᠴᠢᠯᠡᠵᠦ ᠪᠠᠲᠤᠯᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠶᠢᠴᠠᠭᠠᠬᠤ ᠶᠠᠷᠢᠶᠠᠨ ᠤ  ᠲᠠᠪᠴᠠᠩ   ᠳᠡᠭᠡᠷ᠎ᠡ ᠲᠠᠯᠪᠢᠭᠰᠠᠨ ᠶᠠᠷᠢᠶᠠᠨ ᠤ ᠲᠡᠭᠦᠪᠦᠷᠢ  ︱
      ᠬᠡᠷᠪᠡ ᠬᠠᠲᠤᠨ ᠭᠣᠸᠯ ᠢ ᠠᠪᠤᠷᠭᠤ ᠯᠣᠸ ᠪᠠᠷ ᠵᠦᠶᠷᠯᠡᠪᠡᠯ ᠂ ᠯᠣᠸ ᠶᠢᠨ ᠨᠢᠷᠤᠭᠤ ᠨᠢ ᠥᠪᠥᠷ ᠮᠣᠩᠭᠣᠯ ᠳᠤ ᠪᠠᠶᠢᠳᠠᠭ ︔ ᠬᠡᠷᠪᠡ ᠬᠠᠲᠤᠨ ᠭᠣᠣᠯ ᠢ ᠶᠡᠬᠡ ︽ ᠵᠢᠢ︾ ᠦᠰᠦᠭ ᠢᠶᠡᠷ  ᠦᠵᠡᠪᠡᠯ᠂ ᠥᠪᠥᠷ ᠮᠣᠩᠭᠣᠯ ᠳᠤ ︽ᠵᠢᠢ︾ ᠦᠰᠦᠭ  ᠦᠨ ᠮᠤᠷᠤᠢ ᠬᠡᠰᠡᠭ ᠨᠢ  ᠪᠠᠢᠢᠨ᠎ᠠ ᠃ ᠬᠠᠲᠤᠨ ᠭᠣᠸᠯ ᠥᠪᠥᠷ ᠮᠣᠩᠭᠣᠯ ᠢᠶᠠᠷ 843.5 ᠺᠢᠯᠣᠮᠧᠲ᠋ᠷ ᠤᠷᠤᠰᠤᠨ ᠥᠩᠭᠡᠷᠡᠵᠦ ᠂ ᠳᠡᠭᠡᠳᠦ ᠳᠤᠮᠳᠠᠳᠤ ᠤᠷᠤᠰᠬᠠᠯ ᠬᠣᠶᠠᠷ ᠬᠡᠰᠡᠭ  ᠨᠢ ᠥᠩᠭᠡᠷᠡᠵᠦ ᠂ ᠤᠷᠤᠰᠤᠨ ᠥᠩᠭᠡᠷᠡᠬᠦ ᠣᠷᠳᠣ ᠨᠢ ᠬᠠᠲᠤᠨ ᠭᠣᠸᠯ ᠳᠠᠭᠠᠸ ᠮᠤᠵᠢ ᠣᠷᠣᠨ ᠤ ᠬᠣᠶᠠᠳᠤᠭᠠᠷ ᠲᠤ ᠣᠷᠣᠨ᠎ᠠ ᠃ ︽  ᠵᠢᠢ ᠥᠰᠥᠭ ᠦᠨ ᠮᠤᠷᠤᠶᠢᠯᠲᠠ ︾ ᠵᠢᠨ 7 ᠠᠶᠢᠮᠠᠭ ᠬᠣᠲᠠ ᠪᠣᠯ ᠥᠪᠥᠷ ᠮᠣᠩᠭᠣᠯ ᠤᠨ ᠠᠵᠤ ᠠᠬᠤᠶ ᠨᠡᠶᠢᠭᠡᠮ ᠦᠨ ᠬᠠᠮᠤᠭ ᠤᠨ ᠬᠥᠭᠵᠢᠭᠰᠡᠨ ᠭᠠᠵᠠᠷ ᠣᠷᠣᠨ ᠪᠠᠶᠢᠵᠤ ᠂ ᠪᠥᠬᠥ ᠣᠷᠣᠨ ᠤ 75% ᠶᠢᠨ ᠴᠠᠬᠢᠯᠭᠠᠨ ᠭᠠᠷᠭᠠᠬᠤ ᠬᠡᠮᠵᠢᠶ᠎ᠡ ᠂ 80% ᠶᠢᠨ ᠪᠣᠯᠣᠳ ᠬᠠᠶᠢᠯᠤᠭᠤᠯᠬᠤ ᠪᠠ 50% ᠶᠢᠨ ᠥᠩᠭᠡᠲᠦ ᠲᠡᠮᠦᠷᠯᠢᠭ ᠵᠡᠷᠭᠡ ᠠᠵᠤ ᠦᠶᠯᠡᠰ ᠢ ᠲᠥᠪᠯᠡᠷᠡᠭᠦᠯᠦᠭᠰᠡᠨ ᠪᠠᠶᠢᠨ᠎ᠠ ᠃ ᠭᠡᠪᠡᠴᠦ ᠡᠭᠦᠨ ᠦ ᠵᠡᠷᠭᠡ ᠳᠦ ᠂ ᠪᠥᠬᠥ ᠣᠷᠣᠨ ᠤ 60.1% ᠵᠢᠨ ᠡᠯᠡᠰᠦᠷᠬᠡᠭ ᠭᠠᠵᠠᠷ ᠴᠤ ᠡᠨᠳᠡ ᠲᠥᠪᠯᠡᠷᠡᠵᠦ ᠪᠠᠶᠢᠳᠠᠭ ᠂ ︽ᠵᠢᠢ ᠥᠰᠥᠭ ᠦᠨ ᠮᠤᠷᠤᠶᠢᠯᠲᠠ ︾ ᠵᠢᠨ ᠭᠠᠵᠠᠷ ᠣᠷᠣᠨ ᠪᠣᠯ ᠥᠪᠥᠷ ᠮᠣᠩᠭᠣᠯ ᠤᠨ ᠥᠨᠢᠷ ᠲᠠᠩᠰᠤᠭ ᠭᠠᠵᠠᠷ ᠣᠷᠣᠨ ᠪᠣᠯᠬᠤ ᠮᠥᠷᠲᠡᠭᠡᠨ ᠪᠠᠰᠠ ᠠᠮᠢ ᠠᠬᠤᠶ ᠬᠡᠪᠡᠷᠡᠭ ᠭᠠᠵᠠᠷ ᠣᠷᠣᠨ ᠮᠥᠨ ᠭᠡᠵᠦ ᠬᠡᠯᠡᠵᠦ ᠪᠣᠯᠤᠨ᠎ᠠ ᠃ᠢᠯᠠᠩᠭᠤᠶ᠎ᠠ ᠤᠳᠤ ᠦᠶ᠎ᠡ ᠶᠢᠨ ᠦᠢᠯᠡᠳᠪᠦᠷᠢᠯᠡᠯ ᠪᠠ ᠵᠣᠷᠢᠭᠤᠳᠠ ᠶᠢᠨ ᠬᠦᠴᠦᠨ ᠵᠦᠢᠯ᠂ ᠵᠢᠱᠢᠶᠡᠯᠡᠪᠡᠯ ᠠᠵᠤ ᠦᠢᠯᠡᠳᠪᠦᠷᠢ ᠶᠢᠨ ᠭᠠᠳᠠᠭᠰᠢᠯᠠᠭᠤᠯᠤᠯᠲᠠ᠂ ᠲᠠᠷᠢᠶᠠᠯᠠᠩ ᠤᠨ ᠤᠰᠤ ᠬᠡᠷᠡᠭᠯᠡᠬᠦ᠂ ᠮᠠᠯ ᠠᠵᠤ ᠠᠬᠤᠶ ᠶᠢᠨ ᠠᠪᠴᠢᠷᠠᠭᠰᠠᠨ ᠡᠯᠡᠰᠦᠵᠢᠯ ᠵᠡᠷᠭᠡ ᠨᠢ ᠴᠥᠮ ᠬᠠᠲᠤᠨ ᠭᠣᠣᠯ ᠤᠨ ᠠᠮᠢ ᠠᠬᠤᠶ ᠳᠤ ᠬᠣᠣᠷ ᠬᠥᠨᠥᠭᠡᠯ ᠤᠴᠠᠷᠠᠭᠤᠯᠵᠤ ᠪᠠᠶᠢᠨ᠎ᠠ᠃ ᠬᠠᠲᠤᠨ ᠭᠣᠣᠯ ᠨᠢ ᠥᠪᠥᠷ ᠮᠣᠩᠭᠣᠯ ᠳᠤ ᠠᠪᠴᠤ ᠬᠡᠯᠡᠪᠡᠯ᠂ ᠰᠠᠯᠵᠤ ᠪᠣᠯᠤᠰᠢ ᠦᠭᠡᠢ ᠠᠮᠢᠨ ᠰᠤᠳᠠᠰᠤ᠂ ᠭᠣᠣᠯ ᠰᠤᠳᠠᠰᠤ ᠪᠣᠯᠬᠤ ᠤᠴᠢᠷ ᠠᠴᠠ ᠡᠷᠬᠡᠪᠰᠢ ᠣᠨᠴᠠᠭᠠᠢ ᠬᠠᠶᠢᠷᠠᠯᠠᠨ ᠬᠠᠮᠠᠭᠠᠯᠠᠬᠤ ᠬᠡᠷᠡᠭᠲᠡᠢ᠃ᠤᠢᠢᠷ᠎ᠠ ᠶᠢᠨ ᠵᠢᠯ ᠡᠴᠡ᠂ ᠥᠪᠥᠷ ᠮᠣᠩᠭᠣᠯ ᠤᠨ ᠪᠠᠶᠢᠴᠠᠭᠠᠬᠤ  ᠪᠠᠢᠭᠤᠯᠭ᠎ᠠ ᠶᠢᠨ ᠬᠢᠨ ᠬᠠᠳᠤᠨ ᠭᠣᠣᠯ ᠢ ᠬᠠᠮᠠᠭᠠᠯᠠᠬᠤ ᠪᠠᠷ ᠥᠪᠡᠷ ᠦᠨ ᠡᠭᠦᠷᠭᠡ ᠪᠡᠨ ᠪᠣᠯᠭᠠᠵᠤ᠂ ᠬᠠᠤᠯᠢ ᠶᠣᠰᠣᠭᠠᠷ ᠴᠢᠳᠠᠮᠠᠭᠠᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ︽ᠬᠠᠳᠤᠨ ᠭᠣᠣᠯ ᠤᠨ ᠬᠠᠮᠠᠭᠠᠯᠠᠭᠴᠢ︾ ᠵᠢᠨ ᠦᠢᠯᠡᠳᠦᠯ ᠢ ᠢᠳᠡᠪᠬᠢᠲᠡᠢ ᠡᠭᠦᠷᠭᠡᠯᠡᠵᠦ᠂ ᠬᠠᠳᠤᠨ ᠭᠣᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠶᠢᠴᠠᠭᠠᠬᠤ ᠬᠦᠴᠦᠨ ᠴᠢᠳᠠᠯ ᠢᠶᠠᠨ ᠡᠷᠭᠦᠵᠡᠢ᠃
     

 

ᠬᠡᠷᠡᠭ ᠰᠢᠶᠳᠪᠦᠷᠢᠯᠡᠬᠦ ᠪᠡᠨ ᠴᠢᠩᠭᠠᠳᠬᠠᠵᠤ ᠂ ᠭᠣᠸᠯᠳᠠᠯᠭ᠎ᠠ ᠲᠠᠶ ᠬᠦᠷᠢᠶᠡᠨ ᠳᠡᠬᠢ ᠬᠠᠸᠯᠢ ᠪᠠᠷᠢᠯᠲᠠ ᠶᠢᠨ ᠬᠠᠮᠠᠭᠠᠯᠠᠯᠲᠠ  ᠪᠠᠨ ᠳᠡᠭᠡᠭᠰᠢᠯᠡᠭᠦᠯᠦᠨ᠎ᠡ
      2020 ᠣᠨ ᠠᠴᠠ 2022 ᠣᠨ ᠪᠣᠯᠲᠠᠯ᠎ᠠ᠂ ᠬᠠᠲᠤᠨ ᠭᠣᠣᠯ ᠤᠨ ᠰᠠᠪᠠ ᠭᠠᠵᠠᠷ ᠤᠨ ᠣᠷᠴᠢᠨ ᠲᠣᠭᠣᠷᠢᠨ ᠤ ᠪᠡᠯᠡ ᠬᠦᠷᠦᠩᠭᠡ ᠶᠢᠨ ᠬᠦᠷᠢᠶᠡᠨ ᠳᠡᠬᠢ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠢ ᠨᠡᠢᠢᠳᠡ 4428 ᠬᠤᠪᠢ ᠰᠢᠶᠳᠪᠦᠷᠢᠯᠡᠵᠦ᠂ ᠵᠠᠭᠠᠯᠳᠤᠬᠤ ᠠᠴᠠ ᠡᠮᠦᠨᠡᠬᠢ ᠪᠠᠶᠢᠴᠠᠭᠠᠬᠤ ᠰᠠᠨᠠᠭᠤᠯᠭ᠎ᠠ ᠶᠢ 3551 ᠬᠤᠪᠢ ᠭᠠᠷᠭᠠᠵᠤ᠂ ᠨᠡᠶᠢᠲᠡ ᠶᠢᠨ ᠠᠰᠢᠭᠲᠤ ᠵᠠᠷᠭᠤ ᠶᠢ 262 ᠬᠤᠪᠢ ᠳᠤᠷᠠᠳᠪᠠ᠃
    (ᠨᠢᠭᠡ) ︽ᠤᠰᠤᠨ ᠤ ᠪᠣᠬᠢᠷᠲᠤᠯ︾ ᠢ ᠰᠡᠷᠭᠡᠶᠢᠯᠡᠨ ᠵᠠᠰᠠᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠣᠣᠯ ᠮᠥᠷᠡᠨ ᠨᠠᠭᠤᠷ ᠴᠥᠭᠥᠷᠥᠮ ᠦᠨ ᠡᠷᠭᠢ ᠶᠢᠨ ᠱᠤᠭᠤᠮ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠬᠠᠲᠤᠨ ᠭᠣᠸᠯ ᠤᠨ ᠰᠠᠪᠠ ᠭᠠᠵᠠᠷ ᠤᠨ ᠬᠠᠮᠤᠭ ᠤᠨ ᠶᠡᠬᠡ ᠴᠢᠳᠠᠮᠵᠢ ᠶᠢᠨ ᠴᠢᠨᠠᠷᠲᠠᠶ ᠴᠢᠭᠢᠭᠯᠢᠭ ᠭᠠᠵᠠᠷ ᠤᠨ ᠤᠯᠠᠭᠠᠨᠰᠤᠬᠠᠢ ᠨᠠᠭᠤᠷ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ ᠂ ᠣᠷᠴᠢᠨ ᠠᠬᠤᠶ ᠶᠢᠨ ᠪᠣᠬᠢᠷᠲᠤᠯ ᠤᠨ ᠲᠥᠷᠥᠯ ᠦᠨ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠢ 70 ᠰᠢᠢᠳᠪᠦᠷᠢᠯᠷᠪᠡ ᠃  ᠳᠠᠭ᠎ᠠ ᠵᠢᠨ ᠨᠠᠭᠤᠷ ᠤᠨ ᠨᠤᠭᠤ ᠭᠠᠵᠠᠷ ᠤᠨ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ ᠂ 47 ᠬᠠᠸᠯᠢ ᠪᠤᠰᠤ ᠡᠯᠡᠰᠦᠨ ᠲᠠᠯᠠᠪᠠᠶ ᠶᠢ ᠬᠠᠭᠠᠵᠤ ᠵᠣᠭᠰᠣᠭᠠᠬᠤ ᠶᠢ ᠰᠢᠮᠳᠠᠭᠤᠯᠵᠤ ᠂ 5.5 ᠲᠦᠮᠡᠨ ᠮᠥ ᠨᠤᠭᠤ ᠭᠠᠵᠠᠷ ᠢ ᠰᠡᠷᠭᠦᠭᠡᠬᠦ ᠶᠢ  ᠰᠢᠮᠳᠠᠭᠤᠯᠪᠠ ᠃ ᠠᠯᠠᠱᠠ ᠠᠶᠢᠮᠠᠭ ᠤᠨ ᠪᠠᠶᠢᠴᠠᠭᠠᠬᠤ ᠪᠠᠢᠭᠤᠯᠭ᠎ᠠ ᠶᠢᠨ ᠰᠢᠶᠳᠪᠦᠷᠢᠯᠡᠭᠰᠡᠨ ᠨᠢᠭᠡᠨ ᠬᠡᠷᠡᠭ ᠨᠢ ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ᠶᠢᠨ ︽ ᠭᠠᠷ ᠬᠣᠯᠪᠣᠨ ᠳᠥᠷᠪᠡᠨ ᠰᠠᠮᠠᠭᠤᠨ ᠢ ᠠᠷᠢᠯᠭᠠᠵᠤ ᠂ ᠡᠵᠢ ᠭᠣᠸᠯ ᠢ ᠬᠠᠮᠠᠭᠠᠯᠠᠬᠤ ︾ ᠲᠤᠰᠬᠠᠶ ᠠᠵᠢᠯᠯᠠᠭ᠎ᠠ ᠶᠢᠨ ᠠᠷᠪᠠᠨ ᠶᠡᠬᠡ ᠨᠡᠶᠢᠲᠡᠯᠢᠭ ᠬᠡᠷᠡᠭ ᠦᠨ ᠵᠢᠱᠢᠶ᠎ᠡ ᠳᠦ ᠰᠣᠩᠭᠣᠭᠳᠠᠪᠠ ᠃
      ︵ ᠬᠣᠶᠠᠷ ︶ ︽ ᠴᠦᠯᠯᠡᠷᠬᠡᠭᠵᠢᠯ ︾ ᠢ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠨᠤᠲᠤᠭ ᠪᠡᠯᠴᠢᠭᠡᠷ ᠦᠨ ᠣᠶᠢᠲᠤ ᠭᠠᠵᠠᠷ ᠤᠨ ᠬᠠᠮᠠᠭᠠᠯᠠᠯᠲᠠ ᠶᠢ ᠴᠢᠩᠭᠠᠷᠠᠭᠤᠯᠤᠨ᠎ᠠ ᠃ ︽ ᠤᠮᠠᠷᠠᠲᠤ ᠬᠢᠯᠢ ᠶᠢᠨ ᠨᠤᠲᠤᠭ ᠪᠡᠯᠴᠢᠭᠡᠷ ᠦᠨ ᠣᠶᠢᠲᠤ ᠭᠠᠵᠠᠷ ᠢ ᠰᠠᠬᠢᠨ ᠬᠠᠮᠠᠭᠠᠯᠠᠬᠤ ︾ ᠲᠤᠰᠬᠠᠶ ᠬᠢᠨᠠᠯᠲᠠ ᠲᠠᠯᠪᠢᠯᠲᠠ ᠶᠢ ᠥᠷᠨᠢᠭᠦᠯᠵᠦ ᠂ ᠤᠯᠠᠭᠠᠨᠪᠤᠬ᠎ᠠ ᠂ ᠬᠥᠪᠴᠢ ᠶᠢᠨ ᠡᠯᠡᠰᠦᠵᠢᠯ ᠢ ᠵᠠᠰᠠᠬᠤ ᠶᠢᠨ ᠲᠣᠭᠣᠷᠢᠨ ᠳᠤ ᠂ ᠬᠠᠲᠤᠨ ᠭᠣᠸᠯ ᠤᠨ ᠰᠠᠪᠠ ᠭᠠᠵᠠᠷ ᠤᠨ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠢ 551 ᠬᠤᠪᠢ ᠰᠢᠶᠳᠪᠦᠷᠢᠯᠡᠵᠦ ᠂ 6923 ᠮᠥ ᠣᠶᠢᠲᠤ ᠭᠠᠵᠠᠷ ᠢ ᠰᠡᠷᠭᠦᠭᠡᠬᠦ ᠶᠢ ᠰᠢᠮᠳᠠᠭᠤᠯᠵᠤ ᠂ 5228 ᠮᠥ ᠨᠤᠲᠤᠭ ᠪᠡᠯᠴᠢᠭᠡᠷ ᠢ ᠰᠡᠷᠭᠦᠭᠡᠪᠡ ᠃
      ︵ ᠭᠤᠷᠪᠠ ︶ ︽ ᠬᠥᠷᠥᠰᠥ ᠰᠢᠷᠣᠶ ᠶᠢᠨ ᠤᠷᠤᠰᠬᠠᠭᠳᠠᠯ ︾ ᠢ ᠰᠡᠷᠭᠡᠶᠢᠯᠡᠨ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠣᠷᠣᠨ ᠤ ᠬᠠᠮᠠᠭᠠᠯᠠᠯᠲᠠ ᠶᠢ ᠴᠢᠩᠭᠠᠷᠠᠭᠤᠯᠤᠨ᠎ᠠ ᠃ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠡᠶ ᠬᠠᠮᠲᠤᠷᠠᠨ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠬᠠᠲᠤᠨ ᠭᠣᠣᠯ ᠤᠨ ᠰᠠᠪᠠ ᠭᠠᠵᠠᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ 539 ᠵᠦᠢᠯ ᠦᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠬᠥᠷᠥᠰᠥ ᠰᠢᠷᠣᠶ ᠶᠢ ᠬᠠᠮᠠᠭᠠᠯᠠᠬᠤ ᠨᠥᠬᠥᠪᠥᠷᠢ ᠰᠦᠢᠳᠬᠡᠯ ᠢ 2.83 ᠳ᠋ᠦᠩᠰᠢᠭᠤᠷ ᠲᠥᠭᠥᠷᠢᠭ ᠨᠡᠬᠡᠮᠵᠢᠯᠡᠨ ᠲᠤᠰᠢᠶᠠᠯᠭᠠᠪᠠ᠃
     

 

 ᠬᠢᠨᠠᠯᠲᠠ ᠲᠠᠯᠪᠢᠬᠤ ᠪᠠᠨ ᠴᠢᠩᠭᠠᠳᠬᠠᠵᠤ ᠂ ᠠᠮᠢ ᠠᠬᠤᠶ ᠶᠢᠨ ᠣᠷᠴᠢᠨ ᠨᠥᠬᠥᠴᠡᠯ ᠢ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ
      ︵ ᠨᠢᠭᠡ ︶ ᠢᠯᠡ ᠪᠡᠷ ᠭᠡᠷᠡᠴᠢᠯᠡᠭᠡ ᠰᠣᠨᠣᠰᠬᠤ ᠶᠢ ᠪᠠᠷᠢᠮᠲᠠᠯᠠᠵᠤ ᠂ ᠨᠡᠶᠢᠭᠡᠮ ᠦᠨ ᠬᠢᠨᠠᠯᠲᠠ ᠲᠠᠯᠪᠢᠯᠲᠠ ᠶᠢ ᠴᠢᠩᠭᠠᠷᠠᠭᠤᠯᠤᠨ᠎ᠠ ᠃ᠠᠮᠢ ᠠᠬᠤᠶ ᠶᠢᠨ ᠬᠣᠬᠢᠷᠠᠯ ᠢᠶᠠᠷ ᠬᠦᠨᠳᠦ ᠨᠣᠴᠢᠲᠠᠶ᠂ ᠨᠡᠶᠢᠭᠡᠮ ᠦᠨ ᠨᠥᠯᠥᠭᠡ ᠪᠡᠷ ᠶᠡᠬᠡ ᠬᠡᠷᠡᠭ ᠲᠦ ᠢᠯᠡ ᠪᠡᠷ ᠭᠡᠷᠡᠴᠢᠯᠡᠭᠡ ᠰᠣᠨᠣᠰᠬᠤ ᠠᠷᠭ᠎ᠠ ᠮᠠᠶ᠋ᠢᠭ ᠢ ᠬᠡᠷᠡᠭᠯᠡᠨ᠂ ᠨᠡᠶᠢᠭᠡᠮ ᠦᠨ  ᠬᠡᠪᠴᠢᠶᠡᠨ ᠳᠦ ᠰᠤᠷᠭᠠᠨ  ᠬᠦᠮᠦᠵᠢᠯ ᠬᠢᠪᠡ ᠃ ᠵᠢᠱᠢᠶᠡᠯᠡᠪᠡᠯ ᠳᠠᠯᠠᠳ ᠬᠣᠰᠢᠭᠤᠨ ᠤ ᠪᠠᠶᠢᠴᠠᠭᠠᠬᠤ ᠬᠣᠷᠢᠶ᠎ᠠ ᠬᠠᠲᠤᠨ ᠭᠣᠸᠯ ᠤᠨ ᠠᠷᠪᠠᠨ ᠶᠡᠬᠡ ᠭᠤᠯᠳᠤᠩ ᠤᠨ ᠬᠠᠩᠭᠠᠯᠭ᠎ᠠ ᠶᠢᠨ ᠤᠰᠤᠨ ᠰᠤᠷᠪᠤᠯᠵᠢ ᠶᠢᠨ ᠭᠠᠵᠠᠷ ᠲᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠸᠯᠢ ᠪᠤᠰᠤ ᠪᠠᠷ ᠡᠵᠡᠯᠡᠨ ᠬᠡᠷᠡᠭᠯᠡᠭᠰᠡᠨ ᠡᠷᠡᠭᠦᠸ ᠶᠢᠨ ᠬᠡᠷᠡᠭ ᠢ ᠰᠢᠶᠳᠪᠦᠷᠢᠯᠡᠬᠦ ᠳᠤᠮᠳᠠ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ ᠂ ᠵᠠᠭᠠᠯᠳᠤᠭᠳᠠᠭᠴᠢ ᠶᠢᠨ ᠶᠠᠯ᠎ᠠ ᠳᠠᠭᠠᠨ ᠭᠡᠮᠰᠢᠭᠰᠡᠨ ᠢᠯᠡᠷᠡᠯ ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠵᠠᠰᠠᠨ ᠰᠡᠷᠭᠦᠭᠡᠵᠦ ᠵᠠᠰᠠᠭᠰᠠᠨ ᠪᠠᠶᠢᠳᠠᠯ ᠤᠨ ᠲᠤᠬᠠᠶ ᠭᠡᠷᠡᠴᠢᠯᠡᠭᠡ ᠰᠣᠨᠣᠰᠴᠤ ᠂ ᠵᠠᠭᠠᠯᠳᠤᠭᠳᠠᠭᠴᠢ ᠳᠤ ᠥᠯᠥ ᠵᠠᠭᠠᠯᠳᠤᠬᠤ ᠲᠣᠭᠲᠠᠭᠠᠯ ᠭᠠᠷᠭᠠᠪᠠ ᠃ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ︽ ᠬᠠᠲᠤᠨ ᠭᠣᠸᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠦᠶᠯᠡᠴᠢᠯᠡᠵᠦ ᠪᠠᠲᠤᠯᠠᠭᠰᠠᠨ ᠨᠡᠶᠢᠲᠡᠯᠢᠭ ᠬᠡᠷᠡᠭ ᠦᠨ ᠵᠢᠱᠢᠶ᠎ᠡ ︾ ᠳ᠋ᠤ ᠰᠣᠩᠭᠣᠭᠳᠠᠪᠠ ᠃
      (ᠬᠣᠶᠠᠷ) ᠵᠠᠭᠠᠯᠳᠤᠯᠭ᠎ᠠ ᠶᠢᠨ ᠢᠷᠡᠯᠳᠡ ᠶᠢ ᠵᠠᠰᠠᠬᠤ ᠶᠢ ᠪᠠᠷᠢᠮᠲᠠᠯᠠᠵᠤ᠂ ᠠᠵᠢᠯ ᠲᠦᠷᠤᠯ ᠦᠨ ᠬᠢᠨᠠᠯᠲᠠ ᠶᠢ ᠴᠢᠩᠭᠠᠳᠬᠠᠪᠠ᠃ᠨᠢᠭᠡ ᠬᠡᠷᠡᠭ ᠢ ᠰᠢᠶᠳᠪᠦᠷᠢᠯᠡᠭᠡᠳ ᠵᠠᠭᠤᠨ ᠬᠡᠷᠡᠭ ᠢ ᠵᠠᠰᠠᠵᠤ᠂ ᠬᠡᠷᠡᠭ ᠰᠢᠶᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃  ᠪᠤᠭᠤᠲᠤ ᠶᠢᠨ ᠬᠥᠩᠭᠡᠨ ᠴᠠᠭᠠᠨ ᠤ ᠦᠶᠯᠡᠰ ᠦᠨ ᠣᠷᠴᠢᠨ ᠲᠣᠭᠣᠷᠢᠨ ᠤ ᠪᠣᠬᠢᠷᠲᠤᠯ ᠤᠨ ᠢᠷᠭᠡᠨ ᠦ ᠬᠡᠷᠡᠭ ᠦᠨ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠢ ᠰᠢᠶᠳᠪᠦᠷᠢᠯᠡᠬᠦ ᠳᠤᠮᠳᠠ ᠂ ᠠᠮᠢ ᠠᠬᠤᠶ ᠶᠢᠨ ᠣᠷᠴᠢᠨ ᠲᠣᠭᠣᠷᠢᠨ ᠤ ᠰᠠᠯᠠᠭ᠎ᠠ ᠮᠥᠴᠢᠷ ᠲᠦ ᠪᠠᠶᠢᠴᠠᠭᠠᠬᠤ ᠰᠠᠨᠠᠭᠤᠯᠭ᠎ᠠ ᠲᠣᠭᠲᠠᠭᠠᠨ ᠲᠠᠷᠬᠠᠭᠠᠵᠤ ᠂ ᠪᠥᠬᠥ ᠣᠷᠣᠨ ᠤ ᠬᠡᠪᠴᠢᠶᠡᠨ ᠳᠦ ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠤ ᠠᠵᠢᠯ ᠲᠥᠷᠥᠯ ᠦᠨ ᠲᠤᠰᠬᠠᠶ ᠪᠠᠶᠢᠴᠠᠭᠠᠯᠲᠠ ᠶᠢ ᠥᠷᠨᠢᠭᠦᠯᠬᠦ ᠶᠢ ᠠᠬᠢᠭᠤᠯᠵᠤ ᠂ ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠤ ᠠᠵᠢᠯ ᠲᠥᠷᠥᠯ ᠦᠨ ᠪᠣᠬᠢᠷᠲᠤᠯ ᠤᠨ  ᠠᠰᠠᠭᠤᠳᠠᠯ ᠢ ᠰᠢᠢᠳᠪᠦᠷᠢᠯᠷᠪᠡ᠃

(ᠭᠤᠷᠪᠠ) ᠰᠡᠷᠭᠦᠭᠡᠯᠲᠡ ᠶᠢᠨ ᠴᠢᠨᠠᠷᠲᠠᠶ ᠪᠠᠷ ᠬᠠᠤᠯᠢ ᠪᠠᠷᠢᠬᠤ ᠶᠢ ᠪᠠᠷᠢᠮᠲᠠᠯᠠᠵᠤ᠂ ᠬᠠᠤᠯᠢ ᠪᠠᠷᠢᠬᠤ ᠬᠢᠨᠠᠯᠲᠠ ᠶᠢ ᠴᠢᠩᠭᠠᠳᠬᠠᠪᠠ᠃ᠰᠡᠷᠭᠦᠭᠡᠯᠲᠡ ᠶᠢᠨ ᠴᠢᠨᠠᠷᠲᠠᠶ ᠬᠠᠤᠯᠢ ᠪᠠᠷᠢᠬᠤ  ᠣᠨᠣᠯᠵᠢᠬᠤᠨ ᠢ ᠦᠢᠯᠡᠳᠦᠯᠭᠡᠵᠢᠭᠦᠯᠵᠦ᠂ ︽ᠪᠠᠶᠢᠴᠠᠭᠠᠬᠤ ᠠᠵᠢᠯ ᠤᠨ ᠨᠡᠶᠢᠲᠡ ᠶᠢᠨ ᠠᠰᠢᠭᠲᠤ ᠤᠢ︾᠂ ︽ᠨᠡᠶᠢᠲᠡ ᠶᠢᠨ ᠠᠰᠢᠭᠲᠤ ᠵᠠᠷᠭᠤ ᠶᠢᠨ ᠠᠮᠢ ᠠᠬᠤᠶ ᠶᠢ ᠰᠡᠷᠭᠦᠭᠡᠬᠦ ᠰᠠᠭᠤᠷᠢᠨ ᠭᠠᠵᠠᠷ︾ ᠢ 37 ᠪᠠᠶᠢᠭᠤᠯᠵᠤ᠂ ᠨᠡᠢᠢᠳᠡ 3.3 ᠲᠦᠮᠡᠨ  ᠮᠦ ᠨᠥᠬᠥᠵᠦ ᠨᠣᠭᠣᠭᠠᠷᠠᠭᠤᠯᠪᠠ᠃

 

 

ᠬᠠᠮᠵᠢᠯᠴᠠᠭ᠎ᠠ ᠪᠠᠨ ᠴᠢᠩᠭᠠᠳᠬᠠᠵᠤ ᠂ ᠠᠮᠢ ᠠᠬᠤᠶ ᠶᠢᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠬᠢᠷᠢ ᠲᠦᠪᠰᠢᠨ ᠢ  ᠳᠡᠭᠡᠭᠰᠢᠯᠡᠭᠦᠯᠪᠡ

︵ ᠨᠢᠭᠡ ︶ ᠭᠣᠸᠯ ᠮᠥᠷᠡᠨ ᠨᠠᠭᠤᠷ ᠴᠥᠭᠥᠷᠥᠮ ᠦᠨ ᠬᠠᠮᠠᠭᠠᠯᠠᠯᠲᠠ ᠶᠢᠨ ᠬᠠᠮᠵᠢᠯᠴᠠᠬᠤ ᠠᠵᠢᠯᠯᠠᠭ᠎ᠠ ᠶᠢ ᠡᠬᠢᠯᠡᠭᠦᠯᠪᠡ᠃ ᠭᠤᠷᠪᠠᠨ ᠵᠢᠯ ᠦᠨ ᠬᠤᠭᠤᠴᠠᠭ᠎ᠠ ᠲᠠᠶ ᠭᠣᠣᠯ ᠮᠥᠷᠡᠨ ᠨᠠᠭᠤᠷ ᠴᠥᠭᠥᠷᠥᠮ ᠦᠨ ᠬᠠᠮᠠᠭᠠᠯᠠᠯᠲᠠ ᠶᠢᠨ ᠬᠠᠮᠵᠢᠯᠴᠠᠭᠠᠨ ᠤ ᠨᠢᠭᠡᠳᠦᠯᠲᠡᠶ ᠠᠵᠢᠯᠯᠠᠭ᠎ᠠ ᠶᠢ ᠪᠠᠶᠢᠷᠢᠯᠠᠭᠤᠯᠵᠤ᠂ ᠬᠠᠳᠤᠨ ᠭᠣᠣᠯ᠂ ︽ ᠬᠦᠯᠦᠨ ᠨᠠᠭᠤᠷ ᠤᠯᠠᠭᠠᠨ ᠰᠤᠬᠠᠢ ᠨᠠᠭᠤᠷ ᠳᠠᠭ᠎ᠠ ᠵᠢᠨ ᠨᠠᠭᠤᠷ︾ ᠢᠶᠠᠷ ᠭᠣᠣᠯ ᠲᠠᠯᠠᠪᠤᠷ ᠪᠣᠯᠭᠠᠵᠤ᠂ ᠬᠠᠳᠤᠨ ᠭᠣᠣᠯ ᠳᠠᠭᠠᠤ ᠶᠢᠨ 7 ᠠᠶᠢᠮᠠᠭ ᠬᠤᠳᠠ ᠪᠠ ᠬᠥᠯᠥᠨ ᠪᠤᠢᠢᠷ᠂ ᠤᠯᠠᠭᠠᠨᠴᠠᠪ ᠵᠡᠷᠭᠡ ᠭᠠᠵᠠᠷ ᠤᠨ ᠪᠠᠶᠢᠴᠠᠭᠠᠬᠤ ᠪᠠᠶᠢᠭᠤᠯᠭ᠎ᠠ ᠪᠠᠷ ᠭᠣᠣᠯ ᠬᠦᠴᠦᠨ ᠪᠣᠯᠭᠠᠵᠤ᠂ ᠬᠠᠳᠤᠨ ᠭᠣᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠬᠠᠮᠵᠢᠯᠴᠠᠭ᠎ᠠ ᠶᠢ ᠴᠢᠩᠭᠠᠳᠬᠠᠪᠠ᠃ᠣᠳᠣᠬᠠᠨ ᠳᠤ ᠨᠢᠭᠡᠨᠲᠡ ᠠᠵᠢᠯᠯᠠᠭ᠎ᠠ ᠶᠢᠨ ᠲᠥᠰᠦᠯ ᠲᠣᠭᠲᠠᠭᠠᠵᠤ ᠂ ᠡᠨᠡ ᠵᠢᠯ ᠦᠨ 5 ᠰᠠᠷ᠎ᠠ ᠳᠤ ᠡᠬᠢᠯᠡᠯᠲᠡ ᠶᠢᠨ ᠶᠣᠰᠣᠯᠠᠯ ᠶᠠᠪᠤᠭᠤᠯᠵᠤ ᠂ ᠬᠠᠮᠲᠤᠷᠠᠨ ᠠᠵᠢᠯᠯᠠᠬᠤ ᠲᠣᠭᠲᠠᠴᠠ ᠶᠢ ᠪᠦᠷᠢᠯᠳᠦᠭᠦᠯᠬᠦ ᠪᠡᠷ ᠪᠣᠶ ᠂ ᠲᠤᠬᠠᠶ ᠶᠢᠨ ᠴᠠᠭ ᠲᠤ ︽ ᠬᠠᠲᠤᠨ ᠭᠣᠸᠯ ᠤᠨ ᠬᠠᠮᠠᠭᠠᠯᠠᠯᠲᠠ ᠶᠢᠨ ᠲᠤᠩᠬᠠᠭ ︾ ᠢ ᠨᠡᠶᠢᠲᠡᠯᠡᠬᠦ ᠪᠣᠯᠤᠨ᠎ᠠ ᠃

︵ ᠬᠣᠶᠠᠷ ︶ ᠮᠤᠵᠢ ᠣᠷᠣᠨ ᠠᠯᠤᠰᠯᠠᠨ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠶᠢ  ᠴᠢᠩᠭᠠᠷᠠᠭᠤᠯᠪᠠ ᠃ ᠱᠠᠨ ᠰᠢ ᠂ ᠾᠸᠪᠸᠢ ᠂ ᠯᠢᠶᠣᠤᠨᠢᠩ ᠂ ᠵᠡᠭᠦᠨ ᠬᠣᠶᠢᠲᠤ ᠣᠷᠣᠨ ᠤ ᠭᠤᠷᠪᠠᠨ ᠮᠤᠵᠢ ᠂ ᠬᠠᠲᠤᠨ ᠭᠣᠣᠯ ᠳᠠᠭᠠᠤ ᠨᠠᠢᠮᠠᠨ ᠮᠤᠵᠢ ᠣᠷᠣᠨ ᠤ ᠪᠠᠶᠢᠴᠠᠭᠠᠬᠤ ᠪᠠᠶᠢᠭᠤᠯᠭ᠎ᠠ  ᠲᠠᠶ ᠰᠠᠪᠠ ᠭᠠᠵᠠᠷ ᠠᠯᠤᠰᠯᠠᠨ ᠬᠠᠮᠵᠢᠯᠴᠠᠭᠰᠠᠨ ᠰᠠᠭᠤᠷᠢᠨ ᠳᠡᠭᠡᠷ᠎ᠡ ᠂ ᠥᠪᠥᠷ ᠮᠣᠩᠭᠣᠯ ᠤᠨ ᠬᠥᠬᠡᠬᠣᠲᠠ ᠂ ᠵᠡᠭᠦᠨᠭᠠᠷ ᠬᠣᠰᠢᠭᠤᠨ ᠤ ᠪᠠᠶᠢᠴᠠᠭᠠᠬᠤ ᠪᠠᠶᠢᠭᠤᠯᠭ᠎ᠠ ᠪᠣᠯᠤᠨ ᠱᠠᠨ ᠰᠢ ᠶᠢᠨ  ᠱᠦᠸ᠋ᠸ᠋ ᠵᠧᠸ ᠬᠣᠲᠠ ᠂ ᠾᠧ ᠴᠢᠦᠶ ᠰᠢᠶᠠᠨ ᠂  ᠫᠢᠶᠠᠨ ᠭᠤᠸᠠᠨ ᠰᠢᠶᠠᠨ ᠤ ᠪᠠᠶᠢᠴᠠᠭᠠᠬᠤ ᠪᠠᠶᠢᠭᠤᠯᠭ᠎ᠠ ᠂ ᠠᠯᠠᠱᠠ ᠠᠶᠢᠮᠠᠭ ᠤᠨ ᠪᠠᠶᠢᠴᠠᠭᠠᠬᠤ ᠬᠤᠪᠢᠶᠠᠷᠢ ᠬᠣᠷᠢᠶ᠎ᠠ ᠨᠢ ᠭᠠᠨᠰᠦ ᠶᠢᠨ ᠪᠠᠶ ᠶᠢᠨ ᠬᠤᠳᠠ᠂ ᠨᠢᠩᠰᠢᠶᠠ ᠶᠢᠨ ᠵᠦᠩ ᠸᠧᠶ ᠬᠤᠳᠠ ᠶᠢᠨ ᠪᠠᠶᠢᠴᠠᠭᠠᠬᠤ ᠪᠠᠶᠢᠭᠤᠯᠭ᠎ᠠ ᠲᠠᠶ ᠬᠠᠲᠤᠨ ᠭᠣᠣᠯ ᠤᠨ ᠰᠠᠪᠠ ᠭᠠᠵᠠᠷ ᠤᠨ ᠣᠷᠣᠨ ᠪᠦᠰᠡ ᠠᠯᠤᠰᠯᠠᠨ ᠬᠠᠮᠵᠢᠯᠴᠠᠨ ᠬᠡᠷᠡᠭ ᠰᠢᠶᠳᠪᠦᠷᠢᠯᠡᠬᠦ ᠲᠣᠭᠲᠠᠴᠠ ᠶᠢ ᠪᠠᠶᠢᠭᠤᠯᠵᠤ᠂ ᠣᠷᠣᠨ ᠪᠦᠰᠡ ᠠᠯᠤᠰᠯᠠᠭᠰᠠᠨ ᠨᠢᠭᠡ ᠪᠦᠯᠦᠭ ᠭᠣᠣᠯ ᠮᠥᠷᠡᠨ ᠨᠠᠭᠤᠷ ᠴᠥᠭᠥᠷᠥᠮ ᠢ ᠬᠠᠮᠠᠭᠠᠯᠠᠬᠤ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠢ ᠰᠢᠶᠳᠪᠦᠷᠢᠯᠡᠵᠦ᠂ ︽ᠳᠡᠭᠡᠳᠦ ᠤᠷᠤᠰᠬᠠᠯ ᠤᠨ ᠪᠣᠬᠢᠷᠲᠤᠯ᠂ ᠳᠤᠤᠷᠠᠳᠤ ᠤᠷᠤᠰᠬᠠᠯ ᠤᠨ ᠬᠣᠬᠢᠷᠠᠯ︾ ᠤᠨ ᠣᠷᠴᠢᠨ ᠠᠬᠤᠶ ᠶᠢᠨ ᠪᠣᠬᠢᠷᠲᠤᠯ ᠤᠨ ᠪᠡᠷᠬᠡ ᠰᠡᠳᠦᠪ ᠢ ᠬᠠᠮᠵᠢᠯᠴᠠᠨ ᠰᠢᠶᠳᠪᠦᠷᠢᠯᠡᠪᠡ᠃

︵ ᠭᠤᠷᠪᠠ ︶ ᠵᠠᠰᠠᠭ ᠵᠠᠬᠢᠷᠭᠠᠨ ᠤ ᠪᠠᠶᠢᠭᠤᠯᠭ᠎ᠠ ᠯᠤᠭ᠎ᠠ ᠶᠢᠨ ᠬᠠᠮᠵᠢᠯᠴᠠᠭ᠎ᠠ ᠬᠠᠮᠵᠢᠯᠴᠠᠭ᠎ᠠ ᠪᠠᠨ ᠭᠦᠨᠵᠡᠭᠡᠢᠷᠡᠭᠦᠯᠪᠡ ᠃ ︽ᠭᠣᠣᠯ ᠨᠠᠭᠤᠷ ᠤᠨ ᠳᠠᠷᠤᠭ᠎ᠠ + ᠪᠠᠶᠢᠴᠠᠭᠠᠬᠤ ᠳᠠᠷᠤᠭ᠎ᠠ︾ ᠶᠢᠨ ᠬᠠᠮᠲᠤᠷᠠᠨ ᠠᠵᠢᠯᠯᠠᠬᠤ ᠲᠣᠭᠲᠠᠴᠠ ᠶᠢ ᠭᠦᠨᠵᠡᠭᠡᠶ ᠪᠥᠭᠡᠳ ᠪᠣᠳᠠᠲᠠᠶ ᠪᠠᠷ ᠲᠦᠯᠬᠢᠨ ᠠᠬᠢᠭᠤᠯᠵᠤ᠂ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠡᠴᠡ ᠪᠠᠶᠢᠴᠠᠭᠠᠬᠤ ᠪᠠᠶᠢᠭᠤᠯᠭ᠎ᠠ ᠳᠤ 616 ᠬᠤᠪᠢ ᠰᠦᠪᠡᠭᠴᠢ ᠶᠢ ᠰᠢᠯᠵᠢᠭᠦᠯᠦᠨ ᠬᠦᠷᠭᠡᠪᠡ᠃ᠤᠷᠢᠳ ᠬᠣᠵᠢᠳ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠮᠢ ᠠᠬᠤᠢ ᠶᠢᠨ ᠣᠷᠴᠢᠨ ᠲᠣᠭᠣᠷᠢᠨ ᠤ ᠲᠢᠩᠬᠢᠮ ᠵᠡᠷᠭᠡ ᠤᠯᠠᠨ ᠠᠵᠢᠯ ᠲᠦᠷᠦᠯ ᠦᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠲᠡᠶ ᠤᠯᠤᠯᠴᠠᠨ ᠬᠠᠮᠵᠢᠯᠴᠠᠬᠤ ᠲᠠᠪᠴᠠᠩ ᠪᠠᠶᠢᠭᠤᠯᠵᠤ᠂ ᠭᠣᠣᠯ ᠮᠥᠷᠡᠨ ᠨᠠᠭᠤᠷ ᠴᠥᠭᠥᠷᠥᠮ ᠦᠨ ᠬᠠᠮᠠᠭᠠᠯᠠᠯᠲᠠ ᠶᠢᠨ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠡᠢ᠃

 


        ᠡᠨᠡ ᠤᠳᠠᠭ᠎ᠠ ᠶᠢᠨ ᠬᠤᠷᠠᠯ ᠤᠨ ᠲᠠᠷᠠᠭ᠎ᠠ᠂ ᠪᠢᠳᠡ ᠠᠵᠢᠯ ᠤᠨ ᠡᠷᠴᠢᠮ ᠢᠶᠡᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠷᠠᠯ ᠤᠨ ᠵᠣᠷᠢᠭ ᠰᠠᠨᠠᠭ᠎ᠠ ᠢᠯᠠᠩᠭᠤᠶ᠎ᠠ ᠶᠢᠩ ᠶᠦᠩ ᠪᠠᠶᠢᠴᠠᠭᠠᠬᠤ ᠳᠠᠷᠤᠭ᠎ᠠ ᠶᠢᠨ ᠶᠠᠷᠢᠶᠠᠨ ᠤ ᠱᠠᠭᠠᠷᠳᠠᠯᠭ᠎ᠠ ᠶᠢ ᠯᠠᠪᠳᠠᠭᠤᠨ ᠢᠶᠠᠷ ᠲᠤᠤᠱᠯᠠᠭᠤᠯᠵᠤ᠂ ᠲᠡᠭᠦᠨ ᠢ ᠬᠠᠳᠤᠨ ᠭᠣᠣᠯ ᠤᠨ ︽ ᠵᠢᠢ ᠦᠰᠦᠭ ᠦᠨ ᠮᠤᠷᠤᠶᠢᠯᠲᠠ︾ ᠶᠢᠨ ᠣᠷᠣᠨ ᠳᠤ ᠴᠡᠴᠡᠭᠯᠡᠭᠦᠯᠦᠨ ᠵᠢᠮᠢᠰᠯᠡᠭᠦᠯᠦᠨ᠎ᠡ᠃

ᠢᠷᠡᠯᠲᠡ
ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠢᠢᠴᠠᠭᠠᠬᠤ ᠬᠤᠷᠢᠶ᠎ᠠ ᠵᠢᠨ ᠤᠷᠴᠢᠭᠤᠯᠭ᠎ᠠ ᠵᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro