ᠥᠪᠥᠷ ᠮᠣᠩᠭᠣᠯ ᠤᠨ ᠬᠣᠶᠠᠷ ᠪᠠᠢᠢᠴᠠᠭᠠᠬᠤ ᠠᠵᠢᠯᠲᠠᠨ ᠪᠥᠬᠥ ᠤᠯᠤᠰ ᠤᠨ ᠨᠠᠰᠤᠨ ᠳᠤ ᠦᠯᠦ ᠬᠦᠷᠦᠭᠰᠡᠳ ᠦᠨ ᠪᠠᠢᠢᠴᠠᠭᠠᠬᠤ ᠲᠤᠬᠠᠶᠢᠯᠠᠭᠰᠠᠨ ᠠᠵᠢᠯ ᠤᠨ ᠤᠷᠤᠯᠳᠤᠭᠠᠨ ᠳᠤ ᠲᠣᠳᠣᠷᠠᠪᠠ
4 ᠰᠠᠷ᠎ᠠ ᠶᠢᠨ 17 ᠤ ᠡᠳᠦᠷ ᠡᠴᠡ 21 ᠦ ᠡᠳᠦᠷ ᠪᠣᠯᠲᠠᠯ᠎ᠠ ᠂ ᠭᠤᠷᠪᠠᠳᠤᠭᠠᠷ ᠬᠤᠭᠤᠴᠠᠭᠠᠨ ᠤ ᠪᠥᠬᠥ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠨᠠᠰᠤᠨ ᠳᠤ ᠥᠯᠥ ᠭᠦᠷᠦᠭᠰᠡᠳ ᠦᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠤᠷᠤᠯᠳᠤᠭᠠᠨ ᠤᠯᠤᠰ ᠤᠨ ᠪᠠᠶᠢᠴᠠᠭᠠᠬᠤ ᠲᠤᠰᠢᠶᠠᠯᠲᠠᠨ ᠤ ᠳᠡᠭᠡᠳᠦ ᠰᠤᠷᠭᠠᠭᠤᠯᠢ ᠶᠢᠨ ᠵᠢᠶᠠᠩᠰᠦ ᠶᠢᠨ ᠬᠤᠪᠢᠶᠠᠷᠢ ᠰᠤᠷᠭᠠᠭᠤᠯᠢ ᠳᠤ ᠶᠠᠪᠤᠭᠳᠠᠵᠤ ᠂ 31 ᠮᠤᠵᠢ ᠬᠣᠲᠠ ᠥᠪᠡᠷᠲᠡᠭᠡᠨ ᠵᠠᠰᠠᠬᠤ ᠣᠷᠣᠨ ᠪᠠ ᠰᠢᠨᠵᠢᠶᠠᠩ ᠤᠨ ᠦᠶᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠴᠡᠷᠢᠭ ᠦᠨ ᠬᠤᠷᠢᠶ᠎ᠠ ᠵᠢᠨ 96 ᠰᠢᠯᠭᠠᠭᠤᠯᠤᠭᠴᠢ ᠣᠷᠣᠯᠴᠠᠵᠠᠶ ᠃ᠡᠭᠦᠨ ᠳᠦ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠵᠠᠩ ᠯᠦ ᠫᠢᠩ ᠂ ᠲᠦᠩᠯᠢᠶᠣᠤ ᠬᠣᠲᠠ ᠶᠢᠨ ᠬᠣᠷᠴᠢᠨ ᠵᠡᠭᠦᠨ ᠭᠠᠷᠤᠨ ᠬᠣᠶᠢᠲᠤ ᠬᠣᠰᠢᠭᠤᠨ ᠤ ᠪᠠᠶᠢᠴᠠᠭᠠᠬᠤ ᠬᠣᠷᠢᠶ᠎ᠠ ᠶᠢᠨ ᠵᠣᠣ ᠱᠠᠨ ︽ ᠭᠤᠷᠪᠠᠳᠤᠭᠠᠷ ᠬᠤᠭᠤᠴᠠᠭᠠᠨ ᠤ ᠪᠥᠬᠥ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠨᠠᠰᠤᠨ ᠳᠤ ᠥᠯᠥ ᠭᠦᠷᠦᠭᠰᠡᠳ ᠦᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠴᠢᠳᠠᠪᠤᠷᠢᠲᠠᠨ ︾ ᠤ ᠴᠤᠯᠠ ᠶᠢ ᠭᠥᠷᠳᠡᠵᠦ ᠂ ᠵᠣᠣ ᠱᠠᠨ ᠤ ᠨᠠᠰᠤᠨ ᠳᠤ ᠦᠯᠦ ᠬᠦᠷᠦᠭᠰᠡᠳ ᠦᠨ ᠪᠠᠢᠴᠠᠭᠠᠬᠤ ᠲᠤᠬᠠᠶᠢᠯᠠᠭᠰᠠᠨ ᠠᠵᠢᠯ ᠤᠨ ᠪᠢᠷ ᠦᠨ ᠰᠢᠯᠭᠠᠯᠲᠠ ᠶᠢᠨ ᠬᠢᠷᠢ ᠪᠦᠲᠦᠮᠵᠢ ᠨᠢ ᠪᠥᠬᠥ ᠤᠯᠤᠰ ᠤᠨ ᠲᠠᠪᠤᠳᠤᠭᠠᠷ ᠲᠤ ᠣᠷᠣᠪᠠ ᠃
4 ᠰᠠᠷ᠎ᠠ ᠶᠢᠨ 24 ᠦ ᠡᠳᠦᠷ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠤᠷᠤᠯᠳᠤᠭᠠᠨ ᠳᠤ ᠣᠷᠣᠯᠴᠠᠭᠰᠠᠳ ᠢ ᠭᠥᠯᠢᠶᠡᠨ ᠠᠪᠴᠤ ᠠᠭᠤᠯᠵᠠᠵᠤ ᠂ ᠤᠷᠤᠯᠳᠤᠭᠠᠨ ᠤ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠲᠡᠳᠡᠨ ᠳᠦ ᠪᠠᠶᠠᠷ ᠬᠦᠷᠭᠡᠪᠡ ᠃ᠯᠢ ᠶᠦᠩ ᠵᠢᠶᠦ᠋ᠨ ᠵᠢᠭᠠᠵᠤ ᠭᠠᠷᠭᠠᠭᠰᠠᠨ ᠨᠢ ᠂ ᠤᠷᠤᠯᠳᠤᠭᠠᠨ ᠳᠤ ᠣᠯᠤᠭᠰᠠᠨ ᠠᠮᠵᠢᠯᠲᠠ ᠪᠦᠲᠦᠮᠵᠢ ᠨᠢ ᠥᠪᠥᠷ ᠮᠣᠩᠭᠣᠯ ᠤᠨ ᠪᠠᠶᠢᠴᠠᠭᠠᠬᠤ ᠠᠵᠢᠯ ᠳᠤ ᠥᠩᠭᠡ ᠬᠡᠷᠡᠯ ᠨᠡᠮᠡᠷᠢᠯᠡᠭᠰᠡᠨ ᠢᠶᠡᠷ ᠪᠠᠷᠠᠬᠤ ᠥᠬᠡᠶ ᠂ ᠨᠠᠩ ᠴᠢᠬᠤᠯᠠ ᠨᠢ ᠤᠷᠤᠯᠳᠤᠭᠠᠨ ᠳᠤ ᠪᠡᠯᠡᠳᠬᠡᠬᠦ ᠤᠷᠤᠯᠳᠤᠭᠠᠨ ᠳᠤ ᠤᠷᠤᠯᠴᠠᠬᠤ ᠪᠡᠷ ᠳᠡᠮᠵᠢᠨ ᠢᠲᠡᠭᠡᠯ ᠵᠣᠷᠢᠭ ᠪᠠ ᠠᠪᠢᠶᠠᠰ ᠴᠢᠳᠠᠪᠤᠷᠢ ᠶᠢ ᠨᠡᠮᠡᠭᠳᠡᠭᠦᠯᠦᠭᠰᠡᠨ ᠪᠠᠶᠢᠨ᠎ᠠ ᠃ ᠬᠣᠶᠢᠰᠢᠳᠠ ᠢᠷᠠᠭᠤ ᠠᠯᠳᠠᠷ ᠢᠶᠠᠨ ᠨᠠᠨᠳᠢᠩᠨᠠᠵᠤ᠂ ᠪᠠᠷᠳᠠᠮᠨᠠᠬᠤ ᠦᠭᠡᠢ ᠪᠠᠴᠢᠮᠳᠠᠬᠤ ᠦᠭᠡᠢ ᠪᠠᠶᠢᠵᠤ᠂ ︽ᠤᠯᠠᠮᠵᠢᠯᠠᠵᠤ ᠬᠠᠪᠰᠤᠷᠴᠤ ᠳᠠᠭᠠᠭᠤᠯᠬᠤ︾ ᠦᠢᠯᠡᠳᠦᠯ ᠢᠶᠡᠨ ᠰᠠᠶᠢᠲᠤᠷ ᠪᠠᠳᠠᠷᠠᠭᠤᠯᠵᠤ᠂ ᠲᠠᠬᠢᠨ ᠰᠢᠯᠢᠳᠡᠭ ᠠᠮᠵᠢᠯᠲᠠ ᠭᠠᠷᠭᠠᠵᠤ᠂ ᠲᠠᠬᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠶ᠃ᠲᠡᠷᠡ ᠴᠢᠬᠤᠯᠠᠴᠢᠯᠠᠭᠰᠠᠨ ᠨᠢ ᠂ ᠬᠠᠷᠠᠯᠲᠠ ᠪᠠᠨ ᠪᠡᠶᠡᠯᠡᠭᠦᠯᠬᠦ ᠳᠦ ᠬᠠᠮᠤᠭ ᠤᠨ ᠴᠢᠬᠤᠯᠠ ᠨᠢ ᠴᠢᠷᠮᠠᠶᠢᠨ ᠲᠡᠮᠡᠴᠡᠬᠦ ᠶᠠᠪᠤᠳᠠᠯ ᠪᠣᠯᠤᠨ᠎ᠠ ᠭᠡᠳᠡᠭ ᠢ ᠢᠮᠠᠭᠲᠠ ᠢᠲᠡᠭᠡᠵᠦ ᠂ ᠠᠰᠠᠭᠤᠳᠠᠯ ᠳᠤ ᠬᠠᠨᠳᠤᠬᠤ ᠳᠠᠭᠠᠨ ᠵᠠᠶᠢᠯᠠᠬᠤ ᠦᠭᠡᠶ ᠂ ᠬᠦᠴᠦᠷᠬᠡᠭ ᠡᠲᠡᠭᠡᠳ ᠡᠴᠡ ᠠᠶᠤᠬᠤ ᠦᠭᠡᠶ ᠂ ᠬᠦᠴᠢᠷ ᠪᠡᠷᠬᠡᠰᠢᠶᠡᠯ ᠳᠦ ᠬᠠᠨᠳᠤᠬᠤ ᠳᠠᠭᠠᠨ ᠤᠬᠤᠷᠢᠬᠤ ᠦᠭᠡᠶ ᠂ ᠵᠣᠪᠠᠭᠤᠷᠢ ᠵᠦᠳᠡᠭᠦᠷᠢ ᠶᠢ ᠲᠡᠰᠪᠦᠷᠢᠯᠡᠵᠦ ᠂ ᠡᠷᠡᠯᠬᠡᠭ ᠢᠶᠡᠷ ᠤᠷᠤᠭᠰᠢᠯᠠᠬᠤ ᠬᠡᠷᠡᠭᠲᠡᠶ ᠭᠡᠵᠡᠶ ᠃ᠲᠡᠷᠡ ᠱᠠᠭᠠᠷᠳᠠᠭᠰᠠᠨ ᠨᠢ ᠂ ᠤᠷᠤᠯᠳᠤᠭᠠᠨ ᠤ ᠪᠠᠶᠢᠳᠠᠯ ᠢ ᠪᠦᠬᠦ ᠲᠠᠯ᠎ᠠ ᠪᠠᠷ ᠳ᠋ᠦᠩᠨᠡᠵᠦ ᠂ ᠲᠤᠷᠰᠢᠯᠭ᠎ᠠ ᠪᠠᠨ ᠬᠤᠪᠢᠶᠠᠯᠴᠠᠨ ᠡᠳ᠋ᠯᠡᠬᠦ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ ᠂ ᠨᠡᠶᠢᠲᠡᠯᠢᠭ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠤᠨ ᠂ ᠪᠥᠬᠥ ᠨᠠᠰᠤᠨ ᠳᠤ ᠦᠯᠦ ᠬᠦᠷᠦᠭᠰᠡᠳ ᠦᠨ ᠪᠠᠢᠴᠠᠭᠠᠬᠤ ᠠᠵᠢᠯᠲᠠᠨ ᠤ ᠵᠣᠷᠢᠭ ᠰᠠᠨᠠᠭ᠎ᠠ ᠶᠢ ᠬᠥᠭᠵᠢᠭᠡᠬᠦ ᠂ ᠠᠵᠢᠯ ᠤᠨ ᠪᠦᠲᠦᠮᠵᠢ ᠶᠢ ᠳᠡᠭᠡᠭᠰᠢᠯᠡᠭᠦᠯᠬᠦ ᠂ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠵᠤ ᠂ ︽ ᠪᠦᠬᠦᠯᠢ ᠴᠣᠭᠴᠠ ᠪᠠᠷ ᠨᠢ ᠲᠡᠷᠢᠭᠦᠯᠡᠵᠦ ᠂ ᠨᠠᠷᠠᠲᠤ ᠲᠡᠮᠳᠡᠭᠲᠦ ᠪᠠᠨ ᠭᠡᠷᠡᠯᠲᠦᠭᠦᠯᠬᠦ ︾ ᠬᠠᠷᠠᠯᠲᠠ ᠶᠢ ᠬᠠᠷᠠᠭᠠᠯᠠᠨ ᠂ ︽ ᠣᠳᠣᠨ ᠮᠡᠴᠢᠳ ᠲᠦᠭᠡᠵᠦ ︾ ᠂ ︽ ᠥᠩᠭᠡ ᠭᠢᠯᠪᠠᠭ᠎ᠠ ᠪᠠᠨ ᠭᠠᠶᠢᠬᠠᠭᠤᠯᠬᠤ ︾ ᠶᠢ ᠪᠡᠶᠡᠯᠡᠭᠦᠯᠵᠦ ᠂ ᠥᠪᠥᠷ ᠮᠣᠩᠭᠣᠯ ᠤᠨ ᠣᠨᠴᠠᠯᠢᠭ ᠲᠠᠶ ᠨᠠᠰᠤᠨ ᠳᠤ ᠦᠯᠦ ᠬᠦᠷᠦᠭᠰᠡᠳ ᠦᠨ ᠪᠠᠢᠴᠠᠭᠠᠬᠤ ᠠᠵᠢᠯ ᠢ ᠪᠣᠳᠠᠲᠠᠶ ᠬᠢᠵᠦ ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠡᠨᠡᠬᠦ ︽ ᠰᠡᠳᠬᠢᠯ ᠢᠶᠡᠨ ᠰᠠᠬᠢᠬᠤ ︾ ᠦᠶᠯᠡᠰ ᠢ ᠰᠠᠶᠢᠲᠤᠷ ᠬᠢᠬᠦ ᠬᠡᠷᠡᠭᠲᠡᠶ ᠃
ᠡᠨᠡ ᠤᠳᠠᠭᠠᠨ ᠤ ᠤᠷᠤᠯᠳᠤᠭᠠᠨ ᠳᠥᠷᠪᠡᠨ ᠡᠳᠦᠷ ᠦᠷᠭᠦᠯᠵᠢᠯᠡᠪᠡ ᠂ ᠨᠠᠰᠤᠨ ᠳᠤ ᠥᠯᠥ ᠬᠦᠷᠦᠭᠰᠡᠳ ᠦᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠪᠢᠷ ᠦᠨ ᠰᠢᠯᠭᠠᠯᠲᠠ ᠂ ᠬᠡᠷᠡᠭ ᠢᠶᠡᠷ ᠬᠠᠤᠯᠢ ᠶᠢ ᠲᠠᠶᠢᠯᠪᠤᠷᠢᠯᠠᠬᠤ ᠪᠠ ᠲᠤᠬᠠᠶᠢᠯᠠᠭᠰᠠᠨ ᠠᠵᠢᠯ ᠤᠨ ᠬᠠᠷᠢᠭᠤ ᠮᠠᠷᠭᠤᠯᠲᠠ ᠂ ᠨᠠᠰᠤᠨ ᠳᠤ ᠥᠯᠥ ᠬᠦᠷᠦᠭᠰᠡᠳ ᠦᠨ ᠪᠠᠶᠢᠴᠠᠭᠠᠬᠤ ᠠᠵᠢᠯ ᠤᠨ ᠠᠷᠭ᠎ᠠ ᠪᠣᠳᠣᠯᠭ᠎ᠠ ᠶᠢᠨ ᠥᠭᠦᠯᠡᠯ ᠦᠨ ᠵᠣᠬᠢᠶᠠᠨ ᠪᠢᠴᠢᠯᠭᠡ ᠂ ᠬᠠᠤᠯᠢ ᠪᠠᠷ ᠵᠠᠰᠠᠬᠤ ᠤᠬᠠᠭᠤᠯᠤᠨ ᠲᠠᠶᠢᠯᠪᠤᠷᠢᠯᠠᠬᠤ ᠨᠡᠮᠡᠯᠲᠡ ᠤᠷᠤᠯᠳᠤᠭᠠᠨ ᠵᠡᠷᠭᠡ ᠳᠥᠷᠪᠡᠨ ᠭᠣᠭᠴᠣᠭ᠎ᠠ ᠬᠤᠪᠢᠶᠠᠨ᠎ᠠ ᠃ ᠨᠠᠰᠤᠨ ᠳᠤ ᠦᠯᠤ ᠬᠥᠷᠦᠭᠰᠡᠳ ᠦᠨ ︽ᠲᠦᠷᠪᠡᠨ ᠶᠡᠬᠡ ᠪᠠᠢᠴᠠᠭᠠᠬᠤ︾ ᠶᠢᠨ ᠲᠤᠬᠠᠶᠢᠯᠠᠭᠰᠠᠨ ᠠᠵᠢᠯ ᠢ ᠬᠠᠮᠤᠷᠴᠤ᠂ ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠬᠠᠤᠯᠢ ᠪᠠ ᠨᠠᠰᠤᠨ ᠳᠤ ᠦᠯᠤ ᠬᠥᠷᠦᠭᠰᠡᠳ ᠦᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ ᠶᠢ ᠨᠠᠶᠢᠳᠠᠪᠤᠷᠢᠵᠢᠭᠤᠯᠬᠤ ᠱᠠᠭᠠᠷᠳᠠᠯᠭ᠎ᠠ ᠲᠠᠶ ᠤᠶᠠᠯᠳᠤᠭᠤᠯᠤᠨ᠂ ᠨᠠᠰᠤᠨ ᠳᠤ ᠦᠯᠦ ᠬᠦᠷᠦᠭᠰᠡᠳ ᠦᠨ ᠪᠠᠢᠴᠠᠭᠠᠬᠤ ᠠᠵᠢᠯᠲᠠᠨ ᠤ ᠬᠡᠷᠡᠴᠢ ᠪᠠᠷᠢᠮᠲᠠ ᠶᠢ ᠬᠢᠨᠠᠨ ᠪᠠᠶᠢᠴᠠᠭᠠᠬᠤ᠂ ᠬᠠᠤᠯᠢ ᠴᠠᠭᠠᠵᠠ ᠶᠢ ᠬᠡᠷᠡᠭᠯᠡᠬᠦ᠂ ᠬᠠᠤᠯᠢ ᠶᠢ ᠲᠠᠶᠢᠯᠪᠤᠷᠢᠯᠠᠨ ᠶᠣᠰᠣ ᠶᠠᠷᠢᠬᠤ᠂ ᠲᠤᠰᠢᠶᠠᠯ ᠬᠠᠷᠢᠭᠤᠴᠠᠯᠭ᠎ᠠ ᠪᠠᠨ ᠨᠡᠶᠢᠯᠡᠭᠦᠯᠦᠨ ᠭᠦᠢᠴᠡᠳᠬᠡᠬᠦ ᠵᠢᠴᠢ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠵᠡᠷᠭᠡ ᠶᠡᠷᠦᠩᠬᠡᠶᠢᠯᠡᠭᠰᠡᠨ ᠴᠢᠳᠠᠪᠤᠷᠢ ᠶᠢ ᠭᠣᠣᠯᠳᠠᠯᠭ᠎ᠠ ᠲᠠᠶ ᠪᠠᠷ ᠰᠢᠯᠭᠠᠨ ᠪᠠᠶᠢᠴᠠᠭᠠᠪᠠ᠃