ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠠᠴᠠ ᠪᠠᠶᠠᠷ ᠤᠨ ᠡᠳᠤᠷ ᠤᠨ ᠰᠡᠭᠦᠯᠴᠢ ᠶᠢᠨ ︽ᠰᠡᠳᠬᠢᠯ ᠢᠶᠡᠨ ᠬᠤᠷᠢᠶᠠᠬᠤ︾ ᠬᠤᠷᠠᠯ ᠬᠤᠷᠠᠯᠳᠤᠵᠦ᠂ ᠠᠵᠢᠯ ᠤᠨ ᠰᠠᠬᠢᠯᠭ᠎ᠠ ᠪᠠᠳᠦ ᠶᠢ ᠴᠢᠬᠤᠯᠠᠴᠢᠯᠠᠪᠠ
ᠬᠤᠷᠴᠢᠨ ᠪᠠᠷᠠᠭᠤᠨ ᠭᠠᠷᠤᠨ ᠳᠤᠮᠳᠠᠳᠦ ᠬᠤᠰᠢᠭᠤᠨ ᠤ ᠪᠠᠶᠢᠴᠠᠭᠠᠬᠤ ᠬᠤᠷᠢᠶ᠎ᠠ ᠤᠷᠴᠢᠮ ᠤᠨ ᠡᠳᠤᠷ᠂ ᠪᠠᠶᠠᠷ ᠤᠨ ᠡᠳᠤᠷ ᠤᠨ ᠰᠡᠭᠦᠯᠴᠢ ᠶᠢᠨ ᠠᠩᠬᠠᠳᠤᠭᠠᠷ ᠤᠳᠠᠭᠠᠨ ᠤ ᠪᠦᠭᠦ ᠠᠵᠢᠯᠳᠡᠳ ᠤᠨ ᠬᠤᠷᠠᠯ ᠬᠤᠷᠠᠯᠳᠤᠵᠦ᠂ ᠪᠠᠶᠢᠴᠠᠭᠠᠬᠤ ᠲᠠᠷᠤᠭ᠎ᠠ ᠢᠤᠢ ᠴᠣᠣ ᠬᠤᠸᠠ ᠨᠦᠭᠦᠷ ᠠᠴᠠ ᠪᠦᠬᠦ ᠬᠤᠷᠢᠶᠠᠨ ᠤ ᠠᠵᠢᠯᠳᠡᠳ ᠢ ᠪᠠᠶᠠᠷ ᠤᠨ ᠡᠳᠤᠷ ᠤᠨ ᠠᠭᠤᠷ ᠠᠮᠢᠰᠬᠤᠯ ᠠᠴᠠ ᠠᠵᠢᠯ ᠤᠨ ᠪᠠᠶᠢᠳᠠᠯ ᠳᠤ ᠰᠢᠯᠵᠢᠬᠦ ᠶᠢ ᠱᠠᠭᠠᠷᠳᠠᠵᠦ᠂ ᠪᠦᠬᠦ ᠰᠡᠳᠭᠢᠯ ᠪᠤᠬᠦ ᠵᠤᠷᠢᠭ ᠢᠶᠠᠷ ᠵᠶ᠋ᠠᠨᠠᠵᠢᠯ ᠤᠨ ᠪᠠᠶᠢᠳᠠᠯ ᠳᠤ ᠤᠷᠤᠬᠤ ᠶᠢ ᠱᠠᠭᠠᠷᠳᠠᠪᠠ᠃ ᠡᠯ᠎ᠡ ᠵᠤᠶᠢᠯ ᠤᠨ ᠠᠵᠢᠯ ᠶᠠᠪᠤᠳᠠᠯ ᠡᠷᠭᠡᠪᠰᠢ ᠬᠤᠷᠳᠤᠬᠠᠨ ᠵᠠᠮ ᠳᠤ ᠪᠠᠨ ᠤᠷᠤᠵᠦ᠂ ᠡᠯ᠎ᠠ ᠰᠠᠯᠠᠭ᠎ᠠ ᠲᠠᠰᠤᠭ ᠤᠨ ᠬᠢᠨᠢ 2015 ᠤᠨ ᠤ ᠠᠵᠢᠯ ᠤᠨ ᠰᠠᠭᠤᠷᠢ ᠲᠡᠭᠡᠷ᠎ᠠ ᠪᠠᠨ ᠦᠷᠭᠦᠯᠵᠢᠯᠠᠨ ᠴᠢᠷᠮᠠᠶᠢᠬᠤ ᠶᠢ ᠱᠠᠭᠠᠷᠳᠠᠵᠦ᠂ ᠰᠢᠨ᠎ᠡ ᠨᠢᠭᠡᠨ ᠵᠢᠯ ᠤᠨ ᠠᠵᠢᠯ ᠤᠨ ᠲᠦᠰᠤᠪ ᠢ ᠲᠦᠰᠦᠪᠯᠠᠬᠦ ᠶᠢ ᠴᠢᠩᠭᠠᠳᠬᠠᠪᠠ᠃
ᠰᠠᠬᠢᠯᠭ᠎ᠠ ᠪᠠᠳᠦ ᠪᠠᠶᠢᠴᠠᠭᠠᠬᠤ ᠲᠤᠭᠤᠶᠢᠯᠠᠩ ᠤᠨ ᠲᠠᠷᠤᠭ᠎ᠠ ᠲᠡᠭᠰᠢ ᠨᠦᠬᠦᠷ ᠴᠢᠬᠤᠯᠠᠴᠢᠯᠠᠬᠤ ᠨᠢ᠂ ᠰᠠᠬᠢᠯᠭ᠎ᠠ ᠪᠠᠳᠦ ᠤᠪᠤᠷ ᠰᠤᠷᠳᠠᠯ ᠤᠨ ᠪᠦᠳᠦᠭᠡᠨ ᠪᠠᠶᠢᠭᠤᠯᠠᠯᠳᠠ ᠳᠤ ᠵᠣᠷᠰᠢᠯ ᠤᠨ ᠬᠢᠨᠠᠨ ᠪᠠᠶᠢᠴᠠᠭᠠᠯᠳᠠ ᠶᠠᠪᠤᠭᠤᠯᠬᠤ ᠪᠤᠯ ᠨᠢᠭᠡᠨᠳᠠ ᠡᠯ᠎ᠡ ᠱᠠᠲᠦᠨ ᠤ ᠰᠠᠬᠢᠯᠭ᠎ᠠ ᠪᠠᠳᠦ ᠶᠢᠨ ᠰᠠᠯᠠᠭ᠎ᠠ ᠮᠦᠴᠢᠷ ᠤᠨ ᠠᠵᠢᠯ ᠤᠨ ᠭᠤᠤᠯᠳᠠᠯᠭ᠎ᠠ ᠪᠤᠯᠵᠦ᠂ ᠮᠠᠨ ᠤ ᠬᠤᠷᠢᠶᠠᠨ ᠤ ᠰᠠᠬᠢᠯᠭ᠎ᠠ ᠪᠠᠳᠦ ᠶᠢᠨ ᠰᠠᠯᠠᠭ᠎ᠠ ᠮᠦᠴᠢᠷ ᠠᠴᠠ ᠦᠨᠦ ᠵᠢᠯ ᠡᠨᠠᠬᠦ ᠠᠵᠢᠯ ᠢ ᠦᠷᠬᠦᠯᠵᠢᠯᠠᠨ ᠴᠢᠨᠠᠷᠳᠠᠢ ᠦᠷᠨᠢᠭᠦᠯᠵᠦ᠂ ᠨᠠᠮ ᠤᠨ ᠲᠦᠷᠢᠮ᠂ ᠨᠠᠮ ᠤᠨ ᠰᠠᠬᠢᠯᠭ᠎ᠠ ᠪᠠ ᠡᠯ᠎ᠡ ᠲᠦᠷᠤᠯ ᠤᠨ ᠰᠠᠬᠢᠯᠭ᠎ᠠ ᠪᠠᠳᠦ ᠶᠢᠨ ᠪᠠᠶᠢᠴᠠᠭᠠᠯᠳᠠ ᠨᠢ ᠮᠠᠨ ᠤ ᠬᠤᠷᠢᠶᠠᠨ ᠳᠤ ᠵᠢᠷᠤᠮ ᠶᠤᠰᠤᠭᠠᠷ ᠦᠷᠨᠢᠭᠦᠯᠬᠦ ᠶᠢ ᠪᠠᠳᠤᠯᠠᠨ᠎ᠡ᠃ ᠡᠭᠦᠨ ᠤ ᠲᠦᠯᠤᠭᠡ᠂ ᠮᠠᠨ ᠤ ᠬᠤᠷᠢᠶᠠᠨ ᠤ ᠰᠠᠬᠢᠯᠭ᠎ᠠ ᠪᠠᠳᠦ ᠶᠢᠨ ᠪᠠᠶᠢᠴᠠᠭᠠᠯᠳᠠ ᠶᠢᠨ ᠰᠠᠯᠠᠭ᠎ᠠ ᠮᠦᠴᠢᠷ ᠠᠴᠠ ᠪᠠᠶᠢᠴᠠᠭᠠᠬᠤ ᠲᠠᠷᠤᠭ᠎ᠠ ᠠᠴᠠ ᠵᠢᠭᠠᠪᠤᠷᠢ ᠠᠪᠴᠦ᠂ ᠬᠤᠶᠠᠷ ᠭᠠᠷᠠᠭ ᠤᠨ ᠴᠠᠭ ᠢ ᠠᠰᠢᠭᠯᠠᠵᠦ ᠮᠠᠨ ᠤ ᠬᠤᠷᠢᠶᠠᠨ ᠤ ᠪᠦᠬᠦ ᠠᠵᠢᠯᠳᠠᠳ ᠤᠨ ᠰᠠᠬᠢᠯᠭ᠎ᠠ ᠪᠠᠳᠦ ᠤᠪᠤᠷ ᠰᠤᠷᠳᠠᠯ ᠤᠨ ᠪᠠᠶᠢᠳᠠᠯ ᠳᠤ ᠪᠠᠶᠢᠴᠠᠭᠠᠯᠳᠠ ᠬᠢᠨ᠎ᠡ᠃ ᠭᠤᠤᠯᠳᠠᠯᠭ᠎ᠠ ᠨᠢ ᠪᠤᠯ᠂ ᠠᠵᠢᠯᠯᠠᠬᠤ ᠡᠳᠤᠷ ᠠᠷᠢᠬᠢᠳᠠᠬᠤ᠂ ᠵᠢᠵᠢᠬᠦᠷᠯᠠᠬᠦ ᠴᠠᠭ᠂ ᠠᠵᠢᠯᠯᠠᠬᠤ ᠬᠤᠭᠤᠴᠠᠭᠠᠨ ᠳᠤ ᠨᠠᠭᠠᠳᠤᠨ ᠲᠤᠭᠯᠠᠭᠠᠮ ᠨᠠᠭᠠᠳᠬᠤ᠂ ᠵᠤᠭᠤᠭ ᠲᠡᠯᠭᠡᠬᠦ᠂ ᠬᠤᠪᠢ ᠶᠢᠨ ᠤᠴᠢᠷ ᠲᠤ ᠶᠠᠭᠠᠷᠠᠬᠤ ᠵᠡᠷᠭᠡ ᠲᠤᠬᠠᠶᠢᠯᠠᠭᠰᠠᠨ ᠠᠵᠢᠯ ᠠᠴᠠ ᠤᠨᠳᠤᠤ ᠤᠶᠢᠯᠡ ᠶᠠᠪᠤᠳᠠᠯ ᠬᠢᠬᠦ ᠶᠢ ᠴᠠᠭᠠᠵᠠᠯᠠᠨ᠎ᠠ᠃ ᠪᠦᠬᠦ ᠠᠵᠢᠯᠳᠡᠳ ᠲᠡᠭᠡᠷ᠎ᠠ ᠳᠤᠷᠠᠳᠤᠭᠰᠠᠨ ᠪᠠᠶᠢᠳᠠᠯ ᠳᠤ ᠠᠩᠬᠠᠷᠤᠯ ᠢᠶᠠᠨ ᠲᠦᠪᠯᠠᠷᠠᠬᠦᠯᠵᠦ᠂ ᠡᠯ᠎ᠠ ᠲᠦᠷᠤᠯ ᠤᠨ ᠰᠠᠬᠢᠯᠭ᠎ᠠ ᠪᠠᠳᠦ ᠶᠢᠨ ᠲᠤᠷᠢᠮ ᠲᠤᠭᠳᠠᠭᠠᠯ ᠢ ᠴᠢᠩᠭ᠎ᠠ ᠪᠠᠷᠢᠮᠳᠠᠯᠬᠤ ᠶᠢ ᠱᠠᠭᠠᠷᠳᠠᠭᠰᠠᠨ ᠪᠠᠶᠢᠨ᠎ᠡ᠃