ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠬᠦᠬᠡᠬᠤᠲᠠ ᠵᠢᠨ ᠢᠦᠢ ᠴᠢᠤᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ︽ᠪᠠᠶᠢᠴᠠᠭᠠᠬᠤ ᠰᠠᠨᠠᠭᠤᠯᠭ᠎ᠠ ᠶᠢᠨ ᠪᠢᠴᠢᠭ︾ ᠢ ᠢᠯᠡ ᠪᠠᠷ ᠵᠠᠷᠯᠠᠨ ᠬᠦᠷᠭᠡᠵᠦ ᠬᠤᠲᠠ ᠶᠢᠨ ᠬᠡᠪᠴᠢᠶᠡᠨ ᠤ ᠣᠳᠣᠬᠢᠴᠢᠯᠠᠯᠲᠠ ᠶᠢᠨ ᠵᠠᠰᠠᠯᠲᠠ ᠳᠤ ᠭᠦᠨᠵᠡᠭᠡᠢ ᠣᠷᠣᠯᠴᠠᠪᠠ

2023-05-09 18:28:55
ᠵᠣᠬᠢᠶᠠᠭᠴᠢ
ᠪᠣᠣ ᠰᠢᠨ ᠬᠣᠣ

 

    
    4 ᠰᠠᠷ᠎ᠠ ᠶᠢᠨ 21 ᠤ ᠡᠳᠦᠷ᠂ ᠢᠦᠢ ᠴᠢᠤᠸᠠᠨ ᠲᠣᠭᠤᠷᠢᠭ ᠤᠨ ᠠᠷᠠᠳ ᠤᠨ ᠪᠠᠶᠢᠴᠠᠭᠠᠬᠤ  ᠬᠣᠷᠢᠶᠠᠨ ᠠᠴᠠ ᠢᠦᠢ ᠴᠢᠤᠸᠠᠨ ᠲᠣᠭᠤᠷᠢᠭ ᠤᠨ ᠬᠠᠷᠢᠶ᠎ᠠ ᠣᠷᠣᠨ ᠳᠠᠬᠢ ᠬᠠᠶᠠᠭᠳᠠᠮᠠᠯ ᠬᠠᠭᠤᠴᠢᠨ ᠡᠳ᠋ ᠪᠣᠳᠠᠰ ᠢ ᠡᠭᠡᠭᠦᠯᠦᠨ ᠬᠤᠷᠢᠶᠠᠬᠤ ᠠᠵᠤ ᠠᠬᠤᠶᠢᠯᠠᠯ ᠵᠢᠴᠢ ᠬᠤᠪᠢ ᠶᠢᠨ ᠡᠵᠡᠩᠨᠡᠯᠲᠡ ᠶᠢᠨ ᠡᠷᠦᠬᠡ ᠳᠤ ᠣᠷᠣᠰᠢᠵᠤ ᠪᠠᠶᠢᠭ᠎ᠠ ᠠᠵᠢᠯ ᠲᠥᠷᠥᠯ ᠤᠨ ᠵᠠᠰᠠᠯᠲᠠ ᠶᠢᠨ ᠠᠰᠠᠭᠤᠳᠠᠯ ᠳᠤ ᠴᠢᠭᠯᠡᠭᠦᠯᠦᠨ᠂ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠢᠦᠢ ᠴᠢᠤᠸᠠᠨ ᠲᠣᠭᠤᠷᠢᠭ ᠤᠨ ᠬᠤᠪᠢᠶᠠᠷᠢ ᠲᠣᠪᠴᠢᠶ᠎ᠠ ᠳᠤ ᠨᠡᠶᠢᠭᠡᠮ ᠤᠨ ᠵᠠᠰᠠᠯᠲᠠ ᠶᠢᠨ ︽ᠪᠠᠶᠢᠴᠠᠭᠠᠬᠤ ᠰᠠᠨᠠᠭᠤᠯᠭ᠎ᠠ ᠶᠢᠨ ᠪᠢᠴᠢᠭ︾ ᠢ ᠲᠠᠷᠬᠠᠭᠠᠭᠰᠠᠨ ᠪᠥᠭᠡᠳ ᠢᠯᠡ ᠪᠠᠷ  ᠵᠠᠷᠯᠠᠨ ᠬᠦᠷᠭᠡᠵᠦ᠂ ᠠᠷᠠᠳ ᠤᠨ ᠬᠢᠨᠠᠯᠲᠠ ᠲᠠᠯᠪᠢᠭᠴᠢ ᠶᠢ ᠤᠷᠢᠵᠤ ᠢᠯᠡ ᠪᠠᠷ ᠵᠠᠷᠯᠠᠭᠰᠠᠨ ᠪᠥᠬᠦ ᠶᠠᠪᠤᠴᠠ ᠶᠢ ᠲᠤᠬᠠᠢ ᠶᠢᠨ ᠲᠠᠯᠠᠪᠤᠷ ᠲᠤᠨᠢ ᠭᠡᠷᠡᠴᠢᠯᠡᠭᠦᠯᠦᠨ ᠬᠢᠨᠠᠯᠲᠠ  ᠲᠠᠯᠪᠢᠪᠠ᠃

 

 

ᠢᠦᠢ ᠴᠢᠤᠸᠠᠨ ᠲᠣᠭᠤᠷᠢᠭ ᠤᠨ ᠠᠷᠠᠳ ᠤᠨ ᠪᠠᠶᠢᠴᠠᠭᠠᠬᠤ  ᠬᠣᠷᠢᠶᠠᠨ ᠠᠴᠠ ᠡᠷᠡᠭᠦᠦ ᠶᠢᠨ ᠬᠡᠷᠡᠭ ᠢ ᠰᠢᠢᠳᠪᠦᠷᠢᠯᠡᠬᠦ ᠶᠠᠪᠤᠴᠠ ᠳᠤ ᠬᠤᠯᠠᠭᠠᠶᠢᠯᠠᠭᠰᠠᠨ᠂ ᠳᠡᠭᠡᠷᠡᠮᠳᠡᠭᠰᠡᠨ ᠶᠠᠯ᠎ᠠ ᠶᠢᠨ ᠬᠡᠷᠡᠭ ᠤᠨ ᠨᠡᠯᠢᠶᠡᠳ ᠣᠯᠠᠨ ᠶᠠᠯ᠎ᠠ ᠬᠢᠭᠰᠡᠨ ᠰᠡᠵᠢᠭᠲᠡᠨ ᠤ ᠶᠠᠯ᠎ᠠ ᠬᠢᠵᠦ ᠣᠯᠣᠭᠰᠠᠨ ᠪᠤᠵᠠᠷ ᠡᠳ᠋ ᠢᠶᠠᠨ ᠢᠦᠢ ᠴᠢᠤᠸᠠᠨ ᠲᠣᠭᠤᠷᠢᠭ ᠤᠨ ᠬᠠᠷᠢᠶ᠎ᠠ ᠲᠣᠭᠤᠷᠢᠭ ᠤᠨ ᠬᠠᠶᠠᠭᠳᠠᠮᠠᠯ ᠬᠠᠭᠤᠴᠢᠨ ᠡᠳ᠋ ᠪᠣᠳᠠᠰ ᠢ  ᠡᠭᠡᠭᠦᠯᠦᠨ ᠬᠤᠷᠢᠶᠠᠬᠤ ᠠᠵᠤ ᠠᠬᠤᠶᠢᠯᠠᠯ ᠤᠨ ᠪᠤᠵᠠᠷ ᠡᠳ᠋ ᠢᠶᠠᠨ ᠪᠣᠷᠣᠯᠠᠭᠤᠯᠤᠭᠠᠳ ᠠᠰᠢᠭ ᠣᠯᠣᠭᠰᠠᠨ ᠢ ᠣᠯᠵᠤ ᠮᠡᠳᠡᠭᠡᠳ᠂ ᠬᠠᠤᠯᠢ ᠪᠠᠷᠢᠬᠤ ᠪᠠᠶᠢᠭᠤᠯᠭ᠎ᠠ ᠶᠢᠨ ᠬᠡᠷᠡᠭ ᠢ ᠳᠡᠩᠨᠡᠨ ᠢᠯᠡᠷᠡᠭᠦᠯᠬᠦ ᠪᠠ ᠪᠤᠵᠠᠷ ᠡᠳ᠋ ᠢ ᠨᠡᠬᠡᠵᠦ ᠬᠤᠬᠢᠷᠠᠯ ᠢ ᠡᠭᠡᠭᠦᠯᠦᠨ ᠠᠪᠴᠢᠷᠠᠬᠤ ᠠᠵᠢᠯ ᠢ ᠬᠦᠨᠳᠦ ᠨᠣᠴᠢᠲᠠᠢ ᠨᠥᠯᠥᠭᠡᠯᠡᠭᠰᠡᠨ ᠪᠠᠶᠢᠨ᠎ᠠ᠃ ᠳᠡᠭᠡᠳᠦ ᠤᠷᠤᠰᠬᠠᠯ ᠤᠨ ᠶᠠᠯᠠᠲᠤ ᠠᠵᠢᠯᠯᠠᠭ᠎ᠠ  ᠵᠢᠨ ᠬᠢᠵᠦ ᠣᠯᠣᠭᠰᠠᠨ ᠪᠤᠵᠠᠷ ᠡᠳ᠋ ᠢᠶᠠᠨ ᠬᠠᠤᠯᠢ ᠪᠤᠰᠤ ᠪᠠᠷ ᠬᠤᠳᠠᠯᠳᠤᠨ ᠠᠰᠢᠭ ᠣᠯᠬᠤ ᠠᠷᠭ᠎ᠠ ᠵᠠᠮ ᠢ  ᠨᠢ ᠲᠠᠰᠤᠯᠵᠤ᠂ ᠴᠣᠬᠢᠯᠲᠠ ᠥᠭᠬᠦ ᠬᠦᠴᠦᠨ ᠢ ᠪᠦᠷᠢᠯᠳᠦᠭᠦᠯᠵᠦ ᠴᠢᠩᠭᠠᠯᠠᠵᠤ᠂ ᠬᠠᠶᠠᠭᠳᠠᠮᠠᠯ ᠬᠠᠭᠤᠴᠢᠨ ᠡᠳ᠋ ᠪᠣᠳᠠᠰ ᠢ ᠬᠤᠷᠢᠶᠠᠨ ᠠᠪᠬᠤ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠲᠤᠶᠢᠯᠪᠤᠷᠢᠲᠠᠢ ᠴᠡᠪᠡᠷᠰᠢᠭᠦᠯᠵᠦ᠂ ᠠᠷᠠᠳ ᠤᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠢᠦᠢ ᠴᠢᠤᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠠᠴᠠ ᠳᠡᠭᠡᠷᠡᠬᠢ ᠬᠤᠶᠠᠷ ᠨᠢᠭᠡᠴᠢ ᠳᠤ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠬᠦᠷᠭᠡᠵᠦ ᠨᠡᠶᠢᠭᠡᠮ ᠤᠨ ᠵᠠᠰᠠᠯᠲᠠ ᠬᠢᠬᠦ ᠪᠡᠷ ᠲᠣᠭᠲᠠᠪᠠ᠃

 

 

 ᠪᠠᠶᠢᠴᠠᠭᠠᠬᠤ ᠲᠤᠰᠢᠶᠠᠯᠲᠠᠨ ᠡᠩ ᠲᠡᠷᠢᠭᠦᠨ ᠳᠤ ᠲᠤᠰ ᠤᠳᠠᠭᠠᠨ ᠤ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠢ ᠢᠯᠡ ᠪᠠᠷ ᠨᠡᠶᠢᠲᠡᠯᠡᠵᠦ ᠬᠦᠷᠭᠡᠬᠦ ᠶᠢᠨ ᠵᠣᠷᠢᠯᠭ᠎ᠠ ᠪᠠ ᠠᠴᠢ ᠬᠤᠯᠪᠣᠭᠳᠠᠯ ᠢ ᠲᠣᠳᠣᠷᠬᠠᠶᠢᠯᠠᠨ ᠥᠭᠦᠯᠡᠵᠦ᠂ ᠲᠠᠷᠠᠭ᠎ᠠ ᠨᠢ ᠭᠠᠷᠭᠠᠭᠰᠠᠨ ︽ᠪᠠᠶᠢᠴᠠᠭᠠᠬᠤ ᠰᠠᠨᠠᠭᠤᠯᠭ᠎ᠠ ᠶᠢᠨ ᠪᠢᠴᠢᠭ︾ ᠢ ᠲᠤᠬᠠᠢ ᠶᠢᠨ ᠲᠠᠯᠠᠪᠤᠷ ᠲᠤᠨᠢ  ᠵᠠᠷᠯᠠᠨ ᠬᠦᠷᠭᠡᠵᠦ᠂ ᠬᠠᠶᠠᠭᠳᠠᠮᠠᠯ ᠬᠠᠭᠤᠴᠢᠨ ᠡᠳ᠋ ᠪᠣᠳᠠᠰ ᠢ ᠡᠭᠡᠭᠦᠯᠦᠨ ᠬᠤᠷᠢᠶᠠᠬᠤ ᠠᠵᠢᠯ ᠲᠦᠷᠦᠯ ᠢ ᠪᠦᠲᠦᠮᠵᠢᠲᠡᠢ ᠵᠠᠰᠠᠬᠤ ᠪᠠ ᠶᠠᠯ᠎ᠠ ᠬᠢᠵᠦ ᠣᠯᠣᠭᠰᠠᠨ ᠠᠰᠢᠭ ᠣᠯᠵᠠᠪᠤᠷᠢ ᠪᠠᠨ ᠨᠢᠭᠤᠨ ᠳᠠᠯᠳᠠᠯᠠᠬᠤ ᠳᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠦᠭᠴᠦ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠭᠰᠠᠨ ᠤ ᠬᠠᠮᠲᠤ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠲᠤ ᠲᠣᠳᠣᠷᠬᠠᠢ ᠲᠡᠮᠳᠡᠭᠯᠡᠭᠰᠡᠨ ᠪᠣᠳᠠᠲᠤ ᠬᠡᠷᠡᠭ᠂ ᠬᠠᠤᠯᠢ ᠴᠠᠭᠠᠵᠠ ᠶᠢᠨ ᠬᠡᠷᠡᠭᠯᠡᠯᠲᠡ᠂ ᠰᠠᠨᠠᠭᠤᠯᠭ᠎ᠠ ᠶᠢᠨ ᠠᠭᠤᠯᠭ᠎ᠠ ᠵᠡᠷᠭᠡ ᠳᠤ ᠬᠠᠤᠯᠢ  ᠶᠢ ᠲᠠᠶᠢᠯᠪᠤᠷᠢᠯᠠᠨ ᠶᠣᠰᠣ ᠤᠴᠢᠷ ᠢ ᠶᠠᠷᠢᠪᠠ᠃ ᠢᠦᠢ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠥᠮᠥᠰ ᠲᠤᠬᠠᠢ ᠶᠢᠨ ᠲᠠᠯᠠᠪᠤᠷ ᠲᠤ  ︽ᠪᠠᠶᠢᠴᠠᠭᠠᠬᠤ ᠰᠠᠨᠠᠭᠤᠯᠭ᠎ᠠ ᠶᠢᠨ ᠪᠢᠴᠢᠭ︾  ᠲᠤ ᠲᠣᠰ ᠲᠣᠰ ᠭᠠᠷ ᠤᠨ ᠥᠰᠥᠭ ᠵᠢᠷᠤᠭᠰᠠᠨ ᠪᠥᠭᠡᠳ ᠪᠠᠶᠢᠴᠠᠭᠠᠬᠤ ᠰᠠᠨᠠᠭᠤᠯᠭ᠎ᠠ ᠶᠢᠨ ᠠᠭᠤᠯᠭ᠎ᠠ ᠶᠣᠰᠣᠭᠠᠷ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠠᠵᠢᠯ ᠤᠨ ᠪᠠᠶᠢᠳᠠᠯ ᠢᠶᠠᠨ ᠴᠠᠭ ᠲᠤᠬᠠᠢ ᠳᠤᠨᠢ ᠪᠢᠴᠢᠭ ᠢᠶᠠᠷ ᠬᠠᠷᠢᠭᠤ ᠥᠭᠭᠦᠨ᠎ᠡ ᠭᠡᠵᠦ ᠢᠯᠡᠷᠬᠡᠶᠢᠯᠡᠪᠡ᠃

 

 

ᠪᠠᠶᠢᠴᠠᠭᠠᠬᠤ ᠰᠠᠨᠠᠭᠤᠯᠭ᠎ᠠ ᠶᠢ ᠢᠯᠡ ᠪᠠᠷ ᠨᠡᠶᠢᠲᠡᠯᠡᠵᠦ ᠬᠦᠷᠭᠡᠬᠦ ᠪᠣᠯ ᠬᠠᠤᠯᠢ ᠪᠠᠷᠢᠬᠤ ᠠᠵᠢᠯ ᠤᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠪᠠᠶᠢᠴᠠᠭᠠᠬᠤ ᠬᠢᠨᠠᠯᠲᠠ ᠶᠢ ᠬᠡᠷᠡᠭᠯᠡᠨ ᠬᠤᠳᠠ ᠶᠢᠨ ᠬᠡᠪᠴᠢᠶᠡᠨ ᠤ ᠣᠳᠣᠬᠢᠴᠢᠯᠠᠭᠰᠠᠨ ᠵᠠᠰᠠᠯᠲᠠ ᠳᠤ ᠤᠯᠠᠮ ᠨᠢᠭᠡ ᠠᠯᠬᠤᠮ ᠣᠷᠣᠯᠴᠠᠬᠤ ᠪᠦᠲᠦᠮᠵᠢᠲᠡᠢ ᠠᠷᠭ᠎ᠠ ᠵᠠᠮ ᠮᠥᠨ᠂ ᠪᠠᠶᠢᠴᠠᠭᠠᠬᠤ ᠠᠵᠢᠯ ᠢ ᠢᠯᠡ ᠪᠣᠯᠭᠠᠬᠤ ᠶᠢᠨ ᠴᠢᠬᠤᠯᠠ ᠬᠡᠯᠪᠡᠷᠢ ᠶᠢᠨ ᠨᠢᠭᠡ ᠮᠥᠨ᠃ ᠢᠯᠡ ᠪᠠᠷ ᠵᠠᠷᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ︽ᠪᠠᠶᠢᠴᠠᠭᠠᠬᠤ ᠰᠠᠨᠠᠭᠤᠯᠭ᠎ᠠ ᠶᠢᠨ ᠪᠢᠴᠢᠭ︾ ᠢ ᠬᠦᠷᠭᠡᠭᠰᠡᠨ ᠨᠢ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠰᠠᠨᠠᠭᠤᠯᠭ᠎ᠠ ᠶᠢᠨ ᠵᠢᠷᠤᠮᠵᠢᠯᠳᠤ ᠴᠢᠨᠠᠷ᠂ ᠲᠥᠪ ᠴᠢᠩᠭ᠎ᠠ ᠴᠢᠨᠠᠷ᠂ ᠡᠷᠬᠡ ᠰᠦᠷᠲᠦ ᠴᠢᠨᠠᠷ ᠢ ᠢᠯᠡᠷᠡᠭᠦᠯᠵᠦ᠂ ᠢᠦᠢ ᠴᠢᠤᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠰᠠᠨᠠᠭᠠᠴᠢᠯᠠᠭ᠎ᠠ ᠠᠴᠠ ᠪᠠᠨ ᠠᠵᠢᠯᠯᠠᠬᠤ᠂ ᠲᠤᠰᠢᠶᠠᠯ ᠬᠠᠷᠢᠭᠤᠴᠠᠯᠭ᠎ᠠ ᠪᠠᠨ ᠴᠢᠳᠠᠮᠠᠭᠠᠢ ᠪᠠᠷ ᠭᠦᠢᠴᠡᠳᠬᠡᠬᠦ᠂ ᠵᠣᠷᠢᠭᠲᠠᠢ ᠪᠠᠷ ᠬᠢᠨᠠᠯᠲᠠ ᠲᠠᠯᠪᠢᠬᠤ᠂ ᠬᠢᠨᠠᠯᠲᠠ ᠲᠠᠯᠪᠢᠬᠤ ᠳᠠᠭᠠᠨ ᠴᠢᠳᠠᠮᠠᠭᠠᠢ ᠪᠠᠶᠢᠬᠤ ᠰᠢᠨ᠎ᠡ ᠳᠦᠷᠢ ᠲᠥᠷᠬᠦ ᠶᠢ ᠢᠯᠡᠷᠡᠭᠦᠯᠪᠡ᠃ ᠢᠦᠢ ᠴᠢᠤᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠬᠤᠶᠢᠰᠢᠳᠠ ᠶᠢᠨ ᠠᠵᠢᠯ ᠤᠨ ᠳᠤᠮᠳᠠ ᠪᠠᠨ ᠪᠠᠶᠢᠴᠠᠭᠠᠬᠤ ᠰᠠᠨᠠᠭᠤᠯᠭ᠎ᠠ ᠳᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠬᠤᠳᠠ ᠶᠢᠨ ᠬᠡᠪᠴᠢᠶᠡᠨ ᠤ ᠣᠳᠣᠬᠢᠴᠢᠯᠠᠭᠰᠠᠨ ᠵᠠᠰᠠᠯᠲᠠ ᠳᠤ ᠭᠦᠨᠵᠡᠭᠡᠢ ᠠᠭᠤᠰᠤᠯᠴᠠᠵᠤ᠂ ᠪᠠᠶᠢᠴᠠᠭᠠᠬᠤ ᠪᠠᠶᠢᠭᠤᠯᠭ᠎ᠠ ᠶᠢᠨ ᠲᠥᠪ ᠭᠤᠣᠯᠴᠢ ᠪᠠᠷ ᠬᠠᠤᠯᠢ ᠪᠠᠷᠢᠬᠤ ᠪᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢᠨ ᠰᠠᠶᠢᠨ ᠨᠥᠬᠦᠴᠡᠯᠳᠦᠯ ᠢ ᠪᠤᠢ ᠪᠣᠯᠭᠠᠵᠤ᠂ ᠵᠠᠰᠠᠭ ᠵᠠᠬᠢᠷᠭᠠᠨ ᠤ ᠨᠢᠭᠡᠴᠢ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠪᠠᠳᠠᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠨ᠎ᠠ᠃

 

ᠢᠷᠡᠯᠲᠡ
ᠬᠦᠬᠡᠬᠤᠲᠠ ᠵᠢᠨ     
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro