ᠭᠤᠷᠪᠠᠨ ᠮᠤᠵᠢ ᠶᠢᠨ ᠳᠥᠷᠪᠡᠨ ᠪᠠᠶᠢᠴᠠᠭᠠᠬᠤ ᠪᠠᠶᠢᠭᠤᠯᠭ᠎ᠠ ᠬᠠᠷ᠎ᠠ ᠭᠤᠣᠯ ᠤᠨ ᠰᠠᠪᠠ ᠭᠠᠵᠠᠷ ᠢ ᠬᠠᠮᠠᠭᠠᠯᠠᠬᠤ ᠰᠠᠶᠢᠨ ᠵᠣᠷ ᠭᠠᠷᠭᠠᠪᠠ
ᠬᠠᠷ᠎ᠠ ᠭᠤᠣᠯ ᠪᠣᠯ ᠮᠠᠨ ᠤ ᠤᠯᠤᠰ ᠤᠨ ᠬᠤᠶᠠᠳᠤᠭᠠᠷ ᠶᠡᠭᠡ ᠳᠣᠲᠣᠭᠠᠳᠤ ᠬᠠᠭᠤᠷᠠᠢ ᠶᠢᠨ ᠭᠤᠣᠯ ᠪᠣᠯᠣᠨ᠎ᠠ᠂ ᠬᠥᠬᠡᠨᠠᠭᠤᠷ ᠲᠥᠪᠡᠳ ᠤᠨ ᠥᠨᠳᠦᠷᠯᠢᠭ ᠤᠨ ᠴᠢ ᠯᠢᠶᠠᠨ ᠱᠠᠨ ᠠᠭᠤᠯᠠ ᠶᠢᠨ ᠳᠤᠮᠳᠠ ᠬᠡᠰᠡᠭ ᠤᠨ ᠠᠷᠤ ᠬᠤᠷᠮᠣᠢ ᠠᠴᠠ ᠡᠬᠢ ᠠᠪᠴᠤ᠂ ᠬᠥᠬᠡᠨᠠᠭᠤᠷ᠂ ᠭᠠᠨᠰᠤ᠂ ᠥᠪᠥᠷ ᠮᠣᠩᠭᠤᠯ ᠤᠨ 14 ᠰᠢᠶᠠᠨ ︵ᠬᠤᠲᠠ᠂ ᠤᠷᠤᠨ᠂ ᠬᠤᠰᠢᠭᠤ︶ ᠵᠢᠴᠢ ᠳ᠋ᠦᠩᠹᠧᠩ ᠰᠠᠨᠰᠠᠷ ᠤᠨ ᠬᠤᠲᠠ ᠪᠠᠷ ᠤᠷᠤᠰᠤᠨ ᠥᠩᠭᠡᠷᠡᠵᠦ᠂ ᠪᠥᠬᠦ ᠣᠷᠳᠣ ᠨᠢ ᠪᠠᠷᠤᠭ 928 ᠺᠢᠯᠣᠮᠧᠲᠷ ᠪᠠᠶᠢᠵᠤ᠂ ᠰᠠᠪᠠ ᠭᠠᠵᠠᠷ ᠤᠨ ᠲᠠᠯᠠᠪᠠᠶ ᠨᠢ 14.3 ᠲᠦᠮᠡᠨ ᠬᠠᠪᠳᠠᠭᠠᠢ ᠳᠥᠷᠪᠡᠯᠵᠢᠨ ᠺᠢᠯᠣᠮᠧᠲᠷ ᠪᠠᠶᠢᠳᠠᠭ᠃ ᠭᠠᠵᠠᠷ ᠤᠨ ᠲᠥᠷᠬᠦ ᠶᠢᠨ ᠣᠨᠴᠠᠯᠢᠭ ᠪᠠ ᠭᠠᠵᠠᠷ ᠵᠦᠢ ᠶᠢᠨ ᠪᠠᠶᠢᠷᠢᠯᠠᠯ ᠵᠡᠷᠭᠡ ᠡᠯᠧᠮᠧᠨ᠋ᠲ ᠤᠨ ᠨᠥᠯᠥᠭᠡ ᠠᠴᠠ ᠪᠣᠯᠵᠤ᠂ ᠬᠠᠷ᠎ᠠ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠲᠤᠶᠢᠯ ᠤᠨ ᠬᠡᠪᠡᠷᠡᠭ ᠪᠠᠶᠢᠳᠠᠭ᠃ ᠣᠶᠢᠷ᠎ᠠ ᠶᠢᠨ ᠵᠢᠯ ᠳᠦ᠂ ᠠᠮᠢᠳᠤ ᠪᠣᠳᠠᠰ ᠤᠨ ᠲᠦᠷᠦᠯ ᠵᠦᠢᠯ ᠪᠠᠭᠠᠰᠴᠤ᠂ ᠳᠣᠣᠷᠠᠳᠤ ᠤᠷᠤᠰᠬᠠᠯ ᠤᠨ ᠨᠣᠭᠤᠭᠠᠨ ᠪᠦᠷᠢᠳᠦ ᠶᠡᠭᠡ ᠬᠡᠪᠴᠢᠶ᠎ᠡ ᠪᠠᠷ ᠬᠠᠲᠠᠩᠭᠢᠷᠠᠨ ᠡᠯᠡᠰᠦᠷᠬᠡᠭᠵᠢᠵᠤ᠂ ᠪᠠᠷᠠᠭᠤᠨ ᠬᠤᠶᠢᠲᠤ ᠣᠷᠣᠨ ᠪᠠ ᠤᠮᠠᠷᠠᠲᠤ ᠣᠷᠣᠨ ᠤ ᠡᠯᠡᠰᠦᠨ ᠰᠢᠭᠤᠷᠭ᠎ᠠ ᠶᠢᠨ ᠴᠢᠬᠤᠯᠠ ᠡᠭᠦᠰᠦᠯᠲᠡ ᠶᠢᠨ ᠣᠷᠣᠨ ᠤ ᠨᠢᠭᠡ ᠪᠣᠯᠵᠤ᠂ ᠪᠦᠬᠦᠶᠢᠯᠡ ᠰᠠᠪᠠ ᠭᠠᠵᠠᠷ ᠤᠨ ᠠᠮᠢ ᠠᠬᠤᠢ ᠶᠢᠨ ᠠᠮᠤᠷ ᠲᠦᠪᠰᠢᠨ ᠪᠠ ᠣᠷᠴᠢᠨ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠬᠤ ᠴᠢᠬᠤᠯᠠᠲᠠᠢ ᠪᠤᠯᠤᠭᠠᠳ ᠪᠠᠶᠢᠨ᠎ᠠ᠃
4 ᠰᠠᠷ᠎ᠠ ᠶᠢᠨ 17 ᠤ ᠡᠳᠦᠷ᠂ ᠠᠯᠠᠱᠠ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠵᠢᠨ ᠲᠦᠷᠦᠬᠦᠯᠡᠨ ᠬᠢᠭᠰᠡᠨ ︽ᠬᠠᠷ᠎ᠠ ᠭᠤᠣᠯ ᠤᠨ ᠰᠠᠪᠠ ᠭᠠᠵᠠᠷ ᠤᠨ ᠭᠤᠷᠪᠠᠨ ᠮᠤᠵᠢ ︵ᠥᠪᠡᠷᠲᠡᠭᠡᠨ ᠵᠠᠰᠠᠬᠤ ᠣᠷᠣᠨ︶ ᠶᠢᠨ ᠳᠥᠷᠪᠡᠨ ᠪᠠᠶᠢᠴᠠᠭᠠᠬᠤ ᠪᠠᠶᠢᠭᠤᠯᠭ᠎ᠠ ᠶᠢᠨ ᠠᠮᠢ ᠠᠬᠤᠢ ᠶᠢᠨ ᠣᠷᠴᠢᠨ ᠲᠣᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠲᠠ ᠶᠢᠨ ᠬᠠᠮᠵᠢᠯᠴᠠᠭᠠᠨ ᠤ ᠬᠤᠷᠠᠯ︾ ᠬᠠᠷ᠎ᠠ ᠭᠤᠣᠯ ᠤᠨ ᠡᠬᠢ ᠪᠣᠯᠬᠤ ᠴᠢ ᠯᠢᠶᠠᠨ ᠰᠢᠶᠠᠨ ᠳᠤ ᠬᠤᠷᠠᠯᠳᠤᠵᠠᠢ᠃ ᠠᠯᠠᠱᠠ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠂ ᠭᠠᠨᠰᠤ ᠮᠤᠵᠢ ᠶᠢᠨ ᠵᠢᠦᠴᠢᠦᠸᠠᠨ ᠬᠤᠳᠠ ᠶᠢᠨ ᠪᠠᠶᠢᠴᠠᠭᠠᠬᠤ ᠬᠤᠷᠢᠶ᠎ᠠ᠂ ᠭᠠᠨᠰᠤ ᠮᠤᠵᠢ ᠶᠢᠨ ᠵᠠᠩᠶᠧ ᠬᠤᠳᠠ ᠶᠢᠨ ᠪᠠᠶᠢᠴᠠᠭᠠᠬᠤ ᠬᠤᠷᠢᠶ᠎ᠠ᠂ ᠬᠥᠬᠡᠨᠠᠭᠤᠷ ᠮᠤᠵᠢ ᠶᠢᠨ ᠬᠠᠶᠢᠪᠸᠢ ᠶᠢᠨ ᠲᠥᠪᠡᠳ ᠦᠨᠳᠦᠰᠦᠲᠡᠨ ᠤ ᠥᠪᠡᠷᠲᠡᠭᠡᠨ ᠵᠠᠰᠠᠬᠤ ᠵᠧᠦ ᠶᠢᠨ ᠪᠠᠶᠢᠴᠠᠭᠠᠬᠤ ᠬᠤᠷᠢᠶ᠎ᠠ ᠲᠠᠢ ᠬᠠᠮᠲᠤ ᠪᠠᠷ ︽ᠬᠠᠷ᠎ᠠ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠨᠥᠬᠦᠴᠡᠯ ᠪᠠ ᠡᠬᠢ ᠪᠠᠶᠠᠯᠢᠭ ᠤᠨ ᠬᠠᠮᠠᠭᠠᠯᠠᠯᠲᠠ ᠶᠢ ᠬᠦᠴᠦ ᠪᠠᠨ ᠬᠠᠮᠲᠤᠳᠬᠠᠨ ᠲᠦᠯᠬᠢᠨ ᠠᠬᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠳᠤ ᠭᠠᠷ ᠤᠨ ᠦᠰᠦᠭ ᠵᠢᠷᠤᠪᠠ᠃
ᠰᠠᠨᠠᠯ ᠤᠨ ᠪᠢᠴᠢᠭ ᠲᠦ ᠭᠠᠷ ᠤᠨ ᠦᠰᠦᠭ ᠵᠢᠷᠤᠬᠤ ᠶᠤᠰᠤᠯᠠᠯ ᠤᠨ ᠲᠤᠬᠠᠢ ᠵᠢᠨ ᠲᠠᠯᠠᠪᠠᠢ ᠵᠢᠨ ᠵᠢᠷᠤᠭ ︵ᠵᠡᠭᠦᠨ ᠡᠴᠡ ᠪᠠᠷᠠᠭᠤᠨᠰᠢ︶᠄
ᠠᠯᠠᠱᠠ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠵᠢᠨ ᠭᠦᠸ᠋ᠸ ᠸᠸᠨ ᠰᠢᠦ ᠪᠠᠶᠢᠴᠠᠭᠠᠬᠤ ᠳᠠᠷᠤᠭ᠎ᠠ
ᠭᠠᠨᠰᠤ ᠮᠤᠵᠢ ᠶᠢᠨ ᠵᠢᠦᠴᠢᠦᠸᠠᠨ ᠬᠤᠳᠠ ᠶᠢᠨ ᠪᠠᠶᠢᠴᠠᠭᠠᠬᠤ ᠬᠤᠷᠢᠶ᠎ᠠ ᠵᠢᠨ ᠸᠠᠩ ᠶᠧ ᠪᠠᠶᠢᠴᠠᠭᠠᠬᠤ ᠳᠠᠷᠤᠭ᠎ᠠ
ᠭᠠᠨᠰᠤ ᠮᠤᠵᠢ ᠶᠢᠨ ᠵᠠᠩᠶᠧ ᠬᠤᠳᠠ ᠶᠢᠨ ᠪᠠᠶᠢᠴᠠᠭᠠᠬᠤ ᠬᠤᠷᠢᠶ᠎ᠠ ᠵᠢᠨ ᠱᠢ ᠯᠢ ᠪᠠᠶᠢᠴᠠᠭᠠᠬᠤ ᠳᠠᠷᠤᠭ᠎ᠠ
ᠬᠥᠬᠡᠨᠠᠭᠤᠷ ᠮᠤᠵᠢ ᠶᠢᠨ ᠬᠠᠶᠢᠪᠸᠢ ᠶᠢᠨ ᠲᠥᠪᠡᠳ ᠦᠨᠳᠦᠰᠦᠲᠡᠨ ᠤ ᠥᠪᠡᠷᠲᠡᠭᠡᠨ ᠵᠠᠰᠠᠬᠤ ᠵᠧᠦ ᠶᠢᠨ ᠪᠠᠶᠢᠴᠠᠭᠠᠬᠤ ᠬᠤᠷᠢᠶ᠎ᠠ ᠵᠢᠨ ᠺᠠᠢ ᠰᠢᠶᠤᠤ ᠴᠢᠩ ᠪᠠᠶᠢᠴᠠᠭᠠᠬᠤ ᠳᠠᠷᠤᠭ᠎ᠠ
︽ᠰᠠᠨᠠᠯ︾ ᠨᠢ ᠭᠤᠷᠪᠠᠨ ᠮᠤᠵᠢ ᠶᠢᠨ ᠳᠥᠷᠪᠡᠨ ᠭᠠᠵᠠᠷ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠬᠡᠷᠡᠭ ᠤᠨ ᠰᠦᠪᠡᠭᠴᠢ ᠶᠢ ᠰᠢᠯᠵᠢᠭᠦᠯᠦᠨ ᠬᠦᠷᠭᠡᠬᠦ᠂ ᠣᠷᠣᠨ ᠪᠦᠰᠡ ᠠᠯᠤᠰᠯᠠᠭᠰᠠᠨ ᠬᠡᠷᠡᠭ ᠢ ᠰᠢᠢᠳᠪᠦᠷᠢᠯᠡᠬᠦ ᠲᠠᠯ᠎ᠠ ᠪᠠᠷ ᠬᠠᠮᠵᠢᠯᠴᠠᠬᠤ᠂ ᠬᠠᠮᠲᠤᠷᠠᠭᠰᠠᠨ ᠬᠤᠷᠠᠯ ᠬᠢᠬᠦ᠂ ᠬᠠᠮᠲᠤᠷᠠᠨ ᠰᠡᠷᠭᠡᠶᠢᠯᠡᠨ ᠵᠠᠰᠠᠬᠤ ᠲᠠᠯ᠎ᠠ ᠪᠠᠷ ᠵᠣᠬᠢᠴᠠᠭᠤᠯᠬᠤ᠂ ᠨᠠᠮ ᠵᠠᠰᠠᠭ ᠲᠤ ᠬᠠᠷᠢᠭᠤ ᠮᠡᠳᠡᠭᠦᠯᠬᠦ ᠪᠠ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠵᠣᠯᠭᠠᠭᠤᠯᠬᠤ᠂ ᠬᠡᠷᠡᠭ ᠢ ᠰᠤᠳᠤᠯᠤᠨ ᠶᠠᠷᠢᠯᠴᠠᠬᠤ ᠪᠠ ᠵᠠᠳᠠᠯᠤᠨ ᠰᠢᠨᠵᠢᠯᠡᠵᠦ ᠰᠣᠯᠢᠯᠴᠠᠬᠤ ᠲᠠᠯ᠎ᠠ ᠪᠠᠷ ᠬᠠᠮᠵᠢᠯᠴᠠᠬᠤ᠂ ᠮᠡᠳᠡᠭᠡ ᠵᠠᠩᠭᠢ ᠶᠢᠨ ᠤᠬᠠᠭᠤᠯᠭ᠎ᠠ ᠶᠢᠨ ᠲᠠᠯ᠎ᠠ ᠪᠠᠷ ᠬᠠᠮᠵᠢᠯᠴᠠᠬᠤ ᠵᠡᠷᠭᠡ ᠲᠤᠯᠤᠭᠠᠨ ᠵᠦᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠪᠠᠶᠢᠴᠠᠭᠠᠬᠤ ᠠᠵᠢᠯ ᠢ ᠨᠢᠭᠡ ᠴᠣᠭᠴᠠᠵᠢᠭᠤᠯᠬᠤ ᠳᠠᠪᠠᠭᠤᠯᠢᠭ ᠢ ᠪᠠᠳᠠᠷᠠᠭᠤᠯᠵᠤ᠂ ᠠᠮᠢ ᠠᠬᠤᠢ ᠶᠢᠨ ᠣᠷᠴᠢᠨ ᠲᠤᠭᠤᠷᠢᠨ ᠤ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠠᠷ᠎ᠠ ᠭᠤᠣᠯ ᠤᠨ ᠰᠠᠪᠠ ᠭᠠᠵᠠᠷ ᠤᠨ ᠲᠣᠪᠣᠶᠢᠮ᠎ᠠ ᠠᠰᠠᠭᠤᠳᠠᠯ ᠢ ᠬᠠᠤᠯᠢ ᠪᠠᠷ ᠵᠠᠰᠠᠵᠦ᠂ ᠬᠠᠷ᠎ᠠ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠮᠠᠨ ᠤ ᠤᠯᠤᠰ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠠᠮᠢ ᠠᠬᠤᠢ ᠶᠢᠨ ᠠᠮᠤᠷ ᠲᠦᠪᠰᠢᠨ ᠢ ᠪᠠᠲᠤ ᠪᠠᠬᠢ ᠪᠠᠶᠢᠭᠤᠯᠬᠤ ᠳᠤ ᠬᠠᠤᠯᠢ ᠴᠠᠭᠠᠵᠠ ᠶᠢᠨ ᠬᠦᠴᠦᠲᠡᠢ ᠪᠠᠳᠤᠯᠠᠭ᠎ᠠ ᠬᠠᠩᠭᠠᠬᠰᠠᠨ ᠪᠠᠶᠢᠨ᠎ᠠ᠃