ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠲᠠᠪᠤᠨ ᠨᠢᠭᠡᠴᠢ ᠲᠠᠢ ᠬᠠᠮᠲᠤᠷᠡᠨ 《 ᠦᠨᠳᠤᠰᠤᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ 》 ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠠᠮ ᠤᠨ ᠦᠨᠳᠤᠰᠤᠲᠡᠨ ᠤ ᠲᠦᠷᠦ ᠶᠢᠨ ᠪᠤᠳᠤᠯᠭ᠎ᠠ ᠶᠢᠨ ᠤᠨᠤᠯ ᠢ ᠭᠦᠨᠵᠡᠭᠡᠢ ᠰᠤᠷᠤᠯᠴᠠ ᠤᠬᠠᠭᠤᠯᠵᠤ᠂ ᠳᠤᠮᠳᠠᠲᠤ ᠶᠢᠨ ᠦᠨᠳᠤᠰᠤᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠤᠯᠭᠠᠵᠤ᠂ ︽ ᠵᠢᠱᠢᠶᠡᠴᠢ ᠦᠪᠡᠷᠲᠡᠭᠡᠨ ᠵᠠᠰᠠᠬᠤ ᠤᠷᠤᠨ ︾ ᠢ ᠪᠦᠬᠦ ᠲᠠᠯ᠎ᠠ ᠪᠠᠷ ᠪᠦᠳᠤᠭᠡᠨ ᠪᠠᠶᠢᠭᠤᠯᠬᠤ ᠡᠭᠦᠷᠭᠡ ᠶᠢ ᠨᠠᠶᠢᠲᠠᠪᠤᠷᠢᠵᠢᠭᠤᠯᠬᠤ ᠶᠢᠨ ᠲᠦᠯᠤᠭᠡ᠂ 5 ᠰᠠᠷ᠎ᠠ ᠶᠢᠨ 9 ᠤ ᠡᠳᠤᠷ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠲᠦᠪ ᠴᠡᠴᠡᠷᠯᠢᠭ ᠲᠤ ᠭᠦᠨᠵᠡᠭᠡᠶᠢᠷᠡᠨ ︽ ᠦᠨᠳᠤᠰᠤᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ ︾ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ᠃
ᠠᠵᠢᠯᠯᠠᠭ᠎ᠠ ᠨᠢ ᠦᠵᠡᠭᠦᠯᠭᠡ ᠶᠢᠨ ᠰᠠᠮᠪᠠᠷ᠎ᠠ ᠶᠢ ᠳᠡᠯᠭᠡᠨ ᠦᠵᠡᠭᠦᠯᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠳᠤᠬᠠᠢ ᠶᠢᠨ ᠲᠠᠯᠠᠪᠠᠢ ᠳᠤ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ︽ ᠢᠷᠭᠡᠨ ᠤ ᠬᠠᠤᠯᠢ ᠶᠢᠨ ᠪᠢᠴᠢᠭ ︾᠂ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠠᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ ︾᠂ ︽ ᠳᠤᠮᠳᠠᠲᠤ ᠤᠯᠤᠰ ᠤᠨ ᠡᠪ ᠬᠠᠮᠲᠤ ᠨᠠᠮ ᠤᠨ ᠨᠢᠭᠡᠳᠤᠮᠡᠯ ᠹᠠᠷᠤᠨᠲ ᠤᠨ ᠠᠵᠢᠯ ᠤᠨ ᠲᠦᠷᠢᠮ ︾᠂ ︽ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠨᠳᠤᠰᠤᠲᠡᠨ ᠤ ᠪᠦᠯᠬᠦᠮᠳᠠᠯ ᠳᠠᠪᠰᠢᠯᠲᠠ ᠶᠢ ᠠᠬᠢᠭᠤᠯᠬᠤ ᠲᠦᠷᠢᠮ ︾᠂ ︽ ᠨᠠᠰᠤᠨ ᠳᠤ ᠦᠯᠤ ᠬᠦᠷᠤᠭ᠍ᠰᠡᠳ ᠤᠨ ᠬᠠᠤᠯᠢ ᠴᠠᠭᠠᠵᠠ ᠶᠢᠨ ᠡᠮᠬᠢᠳᠭᠡᠯ ︾ ᠵᠡᠷᠭᠡ ᠨᠠᠮ ᠤᠨ ᠦᠨᠳᠤᠰᠤᠲᠡᠨ ᠤ ᠲᠦᠷᠤ ᠶᠢᠨ ᠪᠤᠳᠤᠯᠭ᠎ᠠ ᠵᠢᠴᠢ ᠬᠠᠤᠯᠢ ᠴᠠᠭᠠᠵᠠ ᠬᠠᠤᠯᠢ ᠳᠤᠭᠲᠠᠭᠠᠯ ᠢ ᠤᠬᠠᠭᠤᠯᠵᠤ᠂ ︽ ᠲᠠᠪᠤᠨ ᠬᠠᠮᠲᠤ ᠶᠢᠨ ᠲᠠᠨᠢᠯᠲᠠ ︾ ᠶᠢᠨ ᠰᠠᠭᠤᠷᠢ ᠶᠢ ᠪᠠᠬᠢᠵᠢᠭᠦᠯᠪᠡ᠃
ᠳᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ︽ ᠨᠠᠢᠮᠠᠳᠤᠭᠠᠷ ᠲᠠᠪᠤᠨ ᠵᠢᠯ ︾ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠲᠦᠪᠯᠡᠷᠡᠭᠦᠯᠤᠨ ᠤᠬᠠᠭᠤᠯᠬᠤ᠂ ᠡᠷᠤᠬᠡ ᠳᠤ ᠬᠦᠷᠴᠤ ᠤᠬᠠᠭᠤᠯᠬᠤ᠂ ᠸᠢᠴᠠᠲ ᠤᠨ ᠤᠯᠡᠨ ᠨᠠᠶᠢᠲᠡ ᠶᠢᠨ ᠳᠠᠪᠴᠡᠩ ᠳᠤ ᠤᠬᠠᠭᠤᠯᠬᠤ ᠵᠡᠷᠭᠡ ᠤᠯᠡᠨ ᠵᠤᠶᠢᠯ ᠤᠨ ᠬᠡᠯᠪᠡᠷᠢ ᠪᠠᠷ ᠳᠠᠮᠵᠢᠭᠤᠯᠤᠨ᠂ ᠦᠨᠳᠤᠰᠤᠲᠡᠨ ᠤ ᠲᠦᠷᠤ ᠶᠢᠨ ᠪᠤᠳᠤᠯᠭ᠎ᠠ ᠬᠠᠤᠯᠢ ᠴᠠᠭᠠᠵᠠ ᠬᠠᠤᠯᠢ ᠳᠤᠭᠲᠠᠭᠠᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠠᠢ ᠦᠷᠨᠢᠭᠦᠯᠵᠤ᠂ ︽ ᠵᠢᠱᠢᠶᠡᠴᠢ ᠦᠪᠡᠷᠲᠡᠭᠡᠨ ᠵᠠᠰᠠᠬᠤ ᠤᠷᠤᠨ ︾ ᠪᠠ ᠦᠨᠳᠤᠰᠤᠲᠡᠨ ᠤ ᠪᠦᠯᠬᠦᠮᠳᠠᠯ ᠳᠠᠪᠰᠢᠯᠲᠠ ᠤᠨ ᠠᠵᠢᠯ ᠢ ᠪᠦᠬᠦ ᠲᠠᠯ᠎ᠠ ᠪᠠᠷ ᠪᠦᠳᠤᠭᠡᠨ ᠪᠠᠶᠢᠭᠤᠯᠬᠤ ᠳᠤ ᠪᠠᠶᠢᠴᠠᠭᠠᠬᠤ ᠭᠦᠴᠤᠨ ᠢᠶᠠᠨ ᠡᠷᠭᠦᠨ᠎ᠡ᠃