ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ ᠪᠠᠶᠢᠴᠠᠭᠠᠬᠤ ᠬᠤᠷᠢᠶᠠᠨ ᠤ ᠭᠤᠮᠤᠳᠠᠯ ᠵᠠᠭᠠᠯᠳᠤᠯᠭ᠎ᠠ ᠪᠠᠶᠢᠴᠠᠭᠠᠬᠤ ᠰᠠᠯᠠᠭᠠᠨ ᠤ ᠺᠠᠳ᠋ᠷ ᠴᠠᠭᠳᠠᠭ᠎ᠠ ᠭᠠᠯᠳᠦ ᠲᠡᠷᠭᠡᠨ ᠦᠷᠲᠡᠭᠡᠨ ᠳᠤ ᠬᠦᠷᠴᠦ ᠬᠠᠤᠯᠢ ᠴᠠᠭᠠᠵᠠ ᠶᠢᠨ ᠮᠡᠳᠡᠯᠭᠡ ᠲᠦᠭᠡᠮᠡᠯᠵᠢᠭᠦᠯᠪᠡ
ᠴᠠᠭᠠᠨ ᠰᠠᠷ᠎ᠠ ᠶᠢᠨ ᠪᠠᠶᠠᠷ ᠤᠨ ᠡᠳᠤᠷ ᠲᠠᠭᠤᠰᠬᠤ ᠲᠠᠰᠢᠷᠠᠮ ᠢᠶᠠᠷ᠂ ᠭᠠᠯᠳᠦ ᠲᠡᠷᠭᠡᠨ ᠦᠷᠲᠡᠭᠡᠨ ᠳᠤ ᠮᠠᠰᠢ ᠤᠯᠠᠨ ᠪᠤᠴᠠᠯᠳᠠ ᠶᠢᠨ ᠠᠵᠢᠯᠳᠡᠳ ᠪᠠᠶᠢᠨ᠎ᠠ᠃ ᠭᠠᠳᠠᠭᠰᠢ ᠭᠠᠷᠴᠦ ᠠᠵᠢᠯ ᠬᠢᠭᠰᠡᠳ ᠤᠨ ᠡᠷᠬᠡ ᠠᠰᠢᠭ ᠢᠶᠠᠨ ᠬᠠᠮᠭᠠᠯᠠᠬᠤ ᠦᠵᠡᠯ ᠤᠬᠠᠮᠰᠠᠷ ᠢ ᠲᠡᠭᠡᠭᠰᠢᠯᠡᠭᠦᠯᠭᠦ ᠶᠢᠨ ᠲᠦᠯᠦᠭᠡ᠂ ᠤᠷᠴᠢᠮ ᠤᠨ ᠡᠳᠤᠷ ᠲᠤ ᠭᠤᠮᠤᠳᠠᠯ ᠵᠠᠭᠠᠯᠳᠤᠯᠭ᠎ᠠ ᠪᠠᠶᠢᠴᠠᠭᠠᠬᠤ ᠰᠠᠯᠠᠭᠠᠨ ᠤ ᠺᠠᠳ᠋ᠷ ᠴᠠᠭᠳᠠᠭ᠎ᠠ ᠠᠴᠠ ᠬᠦᠮᠤᠨ ᠤᠯᠠᠨ ᠴᠤᠭᠯᠠᠷᠠᠭᠰᠠᠨ ᠭᠠᠯᠲᠦ ᠲᠡᠷᠭᠡᠨ ᠦᠷᠳᠡᠭᠡᠨ ᠳᠤ ᠬᠠᠤᠯᠢ ᠴᠠᠭᠠᠵᠠ ᠶᠢᠨ ᠮᠠᠳᠡᠯᠭᠡ᠂ ᠡᠷᠭᠡ ᠠᠰᠢᠭ ᠢᠶᠠᠨ ᠬᠠᠮᠭᠠᠯᠠᠬᠤ ᠮᠡᠳᠡᠯᠭᠡ ᠶᠢ ᠤᠬᠠᠭᠤᠯᠵᠦ᠂ ᠭᠠᠳᠠᠭᠰᠢ ᠭᠠᠷᠴᠦ ᠠᠵᠢᠯ ᠬᠢᠭᠰᠡᠳ ᠲᠤ ᠦᠪᠡᠷ ᠪᠡᠶ᠎ᠡ ᠶᠢᠨ ᠬᠠᠤᠯᠢ ᠶᠤᠰᠤᠨ ᠤ ᠡᠷᠬᠡ ᠠᠰᠢᠭ ᠢᠶᠠᠨ ᠬᠠᠮᠭᠠᠯᠠᠬᠤ ︽ᠬᠠᠤᠯᠢ ᠴᠠᠭᠠᠵᠠ ᠶᠢᠨ ᠵᠡᠪᠰᠡᠭ︾ —︽ᠭᠠᠳᠠᠭᠰᠢ ᠭᠠᠷᠴᠦ ᠠᠵᠢᠯ ᠬᠢᠭᠰᠡᠳ ᠲᠤ ᠵᠤᠷᠢᠭᠤᠯᠤᠭᠰᠠᠨ ᠨᠢᠭᠡ ᠬᠠᠭᠤᠳᠠᠰᠦ ᠵᠠᠬᠢᠳᠠᠯ︾ ᠭᠡᠬᠦ ᠬᠠᠤᠯᠢ ᠴᠠᠭᠠᠵᠠ ᠶᠢᠨ ᠤᠬᠠᠭᠤᠯᠬᠤ ᠬᠠᠭᠤᠳᠠᠰᠦ ᠶᠢ ᠤᠯᠠᠨ ᠲᠦᠮᠠᠨ ᠳᠤ ᠲᠠᠷᠬᠠᠭᠠᠵᠦ᠂ ︽ᠬᠦᠳᠡᠯᠮᠦᠷᠢ ᠶᠢᠨ ᠬᠠᠤᠯᠢ︾᠂ ︽ᠭᠡᠷ᠎ᠡ ᠶᠢᠨ ᠬᠠᠤᠯᠢ︾᠂ ︽ᠬᠦᠳᠡᠯᠮᠦᠷᠢ ᠶᠢᠨ ᠭᠡᠷ᠎ᠡ ᠶᠢ ᠵᠦᠷᠢᠴᠡᠬᠦ ᠪᠠ ᠬᠦᠴᠦᠨ ᠦᠭᠡᠢ ᠪᠤᠯᠭᠠᠬᠤ ᠳᠤ ᠠᠵᠦ ᠠᠬᠤᠢ ᠶᠢᠨ ᠲᠦᠯᠦᠪᠤᠷᠢ ᠦᠭᠬᠦ ᠠᠷᠭ᠎ᠠ︾᠂ ︽ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠷᠠᠳ ᠲᠤ ᠤᠶᠢᠯᠡᠴᠢᠯᠡᠬᠤ ᠵᠦᠭᠯᠡᠭᠦᠷ︾ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠦᠭᠰᠡᠨ ᠪᠠᠶᠢᠨ᠎ᠡ᠃
ᠲᠤᠬᠠᠢ ᠶᠢᠨ ᠲᠠᠯᠠᠪᠤᠷ ᠲᠤ᠂ ᠤᠯᠠᠨ ᠵᠢᠯ ᠭᠠᠳᠠᠭᠰᠢ ᠭᠠᠷᠴᠦ ᠠᠵᠢᠯ ᠬᠢᠭᠰᠡᠨ ᠨᠢᠭᠡ ᠠᠵᠢᠯᠲᠠᠨ ᠤ ᠠᠰᠠᠭᠤᠨ ᠯᠠᠪᠯᠠᠬᠤ ᠠᠰᠠᠭᠤᠳᠠᠯ ᠢ ᠬᠦᠯᠢᠶᠡᠵᠦ᠂ ᠡᠨᠠᠬᠦ ᠲᠠᠷᠢᠶᠠᠴᠢᠨ ᠠᠵᠢᠯᠴᠢᠨ ᠤᠷᠳᠦ ᠬᠤᠭᠤᠴᠠᠭ᠎ᠠ ᠪᠠᠷ ᠭᠠᠳᠠᠭᠰᠢ ᠭᠠᠷᠴᠦ ᠠᠵᠢᠯ ᠬᠢᠭᠰᠡᠨ ᠠᠴᠠ ᠲᠠᠷᠢᠶᠠᠯᠡᠩ ᠢ ᠲᠡᠮᠵᠢᠬᠦ ᠤᠯᠠᠨ ᠵᠤᠶᠢᠯ ᠤᠨ ᠨᠦᠬᠦᠪᠦᠷᠢ ᠶᠢ ᠤᠯᠤᠭᠰᠠᠨ ᠦᠭᠡᠢ ᠪᠠᠶᠢᠬᠤ ᠠᠰᠠᠭᠤᠳᠠᠯ ᠢ ᠮᠡᠳᠡᠭᠰᠡᠨ ᠤ ᠲᠠᠷᠠᠭ᠎ᠠ᠂ ᠲᠡᠭᠦᠨ ᠤ ᠠᠯᠢ ᠰᠠᠯᠠᠭ᠎ᠠ ᠮᠦᠴᠢᠷ ᠲᠤ ᠤᠴᠢᠵᠦ ᠡᠨᠡᠬᠦ ᠪᠠᠶᠢᠳᠠᠯ ᠢᠶᠠᠨ ᠤᠶᠢᠯᠠᠭᠠᠵᠦ ᠪᠤᠯᠬᠤ ᠪᠠ ᠦᠪᠡᠷ ᠤᠨ ᠪᠠᠶᠢᠳᠠᠯ ᠢᠶᠠᠨ ᠬᠡᠷᠬᠢᠨ ᠲᠤᠰᠬᠠᠬᠤ ᠲᠤᠬᠠᠢ ᠨᠠᠷᠢᠨ ᠬᠢᠨᠠᠮᠠᠭᠠᠢ ᠲᠠᠶᠢᠯᠪᠤᠷᠢᠯᠠᠯᠳᠠ ᠬᠢᠵᠦ ᠦᠭᠭᠦᠭᠰᠡᠨ ᠪᠠᠶᠢᠨ᠎ᠠ᠃ ᠲᠡᠷᠡ ᠠᠵᠢᠯᠲᠠᠨ ᠮᠠᠨ ᠤ ᠲᠠᠶᠢᠯᠪᠤᠷᠢᠯᠠᠨ ᠦᠭᠭᠦᠭᠰᠡᠨ ᠢ ᠰᠤᠨᠤᠰᠤᠭᠠᠳ ᠶᠡᠬᠡᠳᠠ ᠰᠡᠳᠭᠢᠯ ᠬᠦᠳᠡᠯᠵᠦ᠂ ︽ᠪᠠᠶᠢᠴᠠᠭᠠᠭᠴᠢ ᠳᠤ ᠲᠠᠯᠠᠷᠬᠠᠯ᠎ᠠ᠂ ᠲᠠᠨᠤᠰ ᠲᠠᠢ ᠡᠷᠳᠠᠬᠡᠨ ᠠᠭᠤᠯᠵᠠᠭᠰᠠᠨ ᠪᠤᠯ ᠰᠠᠶᠢᠨ ᠪᠠᠶᠢᠭᠰᠠᠨ︾ ᠭᠡᠵᠦ ᠬᠡᠯᠡᠪᠡ᠃ ᠠᠳᠠ ᠬᠦᠰᠡᠬᠦ ᠨᠢ ᠪᠦᠭᠦ ᠭᠠᠳᠠᠭᠰᠢ ᠭᠠᠷᠴᠦ ᠠᠵᠢᠯ ᠬᠡᠭᠰᠡᠳ᠂ ᠡᠨᠡᠭᠦ ᠠᠵᠢᠯᠲᠠᠨ ᠲᠠᠢ ᠠᠳᠠᠯᠢ ᠪᠠᠷ ᠬᠠᠨᠤᠮᠵᠢᠲᠠᠢ ᠢᠨᠢᠶᠡᠳᠦ ᠪᠠᠷ ᠰᠢᠨ᠎ᠡ ᠵᠢᠯ ᠤᠨ ᠠᠶᠠᠨ ᠵᠠᠮ ᠢᠶᠠᠨ ᠡᠬᠢᠯᠡᠬᠦ ᠪᠤᠯᠳᠤᠭᠠᠢ᠃