ᠪᠠᠩᠬᠢ ᠶᠢᠨ ᠺᠠᠷᠲ ᠢᠶᠠᠨ ᠪᠣᠰᠤᠳ ᠲᠤ ᠲᠦᠷᠢᠶᠡᠰᠦᠯᠡᠨ ᠦᠭᠬᠦ ᠪᠤᠶᠤ ᠬᠤᠳᠠᠯᠳᠤᠭᠠᠳ ︽ᠬᠤᠪᠢ ᠤᠯᠬᠤ︾ ᠳᠤ ᠠᠮᠲᠠᠰᠢᠭᠰᠠᠨ ᠨᠢᠭᠡᠨ ᠵᠠᠯᠠᠭᠤ ︽ᠮᠡᠳᠡᠭᠡ ᠵᠠᠩᠭᠢ ᠰᠦᠯᠵᠢᠶᠡᠨ ᠦ ᠶᠠᠯᠠᠲᠤ ᠠᠵᠢᠯᠯᠠᠭ᠎ᠠ ᠶᠢ ᠬᠠᠪᠰᠤᠷᠤᠭᠰᠠᠨ ᠶᠠᠯ᠎ᠠ︾ ᠬᠢᠭᠰᠡᠨ ᠢᠶᠠᠷ ᠰᠡᠵᠢᠭᠯᠡᠭᠳᠡᠵᠦ ᠪᠠᠷᠢᠪᠴᠢᠯᠠᠭᠳᠠᠪᠠ
ᠥᠪᠡᠷ ᠢᠶᠠᠨ ᠳᠠᠩᠰᠠᠯᠠᠵᠤ ᠪᠦᠷᠢᠳᠬᠡᠭᠦᠯᠦᠭᠰᠡᠨ ᠪᠠᠩᠬᠢ ᠶᠢᠨ ᠺᠠᠷᠲ᠂ ᠭᠠᠷ ᠤᠲᠠᠰᠤᠨ ᠤ ᠺᠠᠷᠲ ᠢ ᠪᠤᠰᠤᠳ ᠲᠤ ᠲᠦᠷᠢᠶᠡᠰᠦᠯᠡᠵᠦ᠂ ᠬᠤᠳᠠᠯᠳᠤᠪᠠᠯ ᠬᠤᠪᠢ ᠣᠯᠵᠤ ᠬᠡᠳᠦᠨ ᠮᠢᠩᠭᠠᠨ ᠲᠥᠭᠦᠷᠢᠭ ᠤᠨ ︽ᠠᠰᠢᠭ︾ ᠣᠯᠴᠢᠬᠠᠨ᠎ᠠ ᠭᠡᠨ᠎ᠡ᠃ ᠰᠣᠨᠣᠰᠬᠤ ᠳᠤ ᠰᠦᠷᠡᠬᠡᠢ ᠶᠡᠭᠡ ᠰᠢᠨᠣᠯ ᠡᠭᠦᠰᠬᠡᠬᠦ ᠪᠣᠯᠪᠠᠴᠦ ᠬᠠᠤᠯᠢ ᠪᠤᠰᠤ ᠡᠲᠡᠭᠡᠳ ᠵᠠᠪᠰᠢᠶᠠᠨ ᠢ ᠳᠠᠯᠢᠮᠳᠠᠭᠤᠯᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠬᠢᠬᠦ ᠳᠤ ᠬᠦᠷᠪᠡᠯ ᠨᠡᠷ᠎ᠡ ᠳᠡᠭᠡᠷ᠎ᠡ ᠪᠡᠨ ᠪᠦᠷᠢᠳᠬᠡᠭᠦᠯᠦᠭᠰᠡᠨ ᠺᠠᠷᠲ ᠴᠢᠨᠢ ︽ᠵᠣᠯᠢᠶᠠᠰᠤ︾ ᠪᠣᠯᠵᠣ ᠂ ᠥᠪᠡᠷ ᠢᠶᠡᠨ ᠴᠤ ᠶᠠᠯ᠎ᠠ ᠳᠤ ᠤᠨᠠᠨ᠎ᠠ᠃
ᠬᠡᠷᠡᠭ ᠤᠨ ᠪᠠᠶᠢᠳᠠᠯ᠄
2021 ᠣᠨ ᠤ 8 ᠰᠠᠷ᠎ᠠ ᠳᠤ᠂ ᠸᠠᠩ ᠣᠪᠣᠭᠲᠤ ᠠᠵᠢᠯ ᠥᠬᠡᠶ ᠵᠠᠯᠠᠭᠤ ᠨᠢᠭᠡᠨ ᠨᠡᠶᠢᠭᠡᠮ ᠤᠨ ᠬᠠᠷᠢᠯᠴᠠᠭᠠᠨ ᠤ ᠵᠥᠭᠡᠯᠡᠨ ᠲᠣᠨᠤᠭ ᠳᠡᠭᠡᠷ᠎ᠡ ᠠᠴᠠ ᠮᠠᠰᠢ ᠲᠦᠷᠭᠡᠨ ᠵᠣᠭᠤᠰ ᠤᠯᠬᠤ ᠳᠦᠷᠰᠦ ᠰᠢᠩᠭᠡᠭᠡᠯᠲᠡ ᠶᠢ ᠦᠵᠡᠭᠰᠡᠭᠡᠷ ᠪᠠᠢᠭᠠᠳ ᠰᠠᠨᠠᠭᠠᠴᠢᠯᠠᠭ᠎ᠠ ᠠᠴᠠ ᠪᠠᠨ ᠨᠥᠭᠦᠭᠡ ᠡᠲᠡᠭᠡᠳ ᠲᠠᠢ ᠬᠠᠷᠢᠯᠴᠠᠵᠤ᠂ ᠥᠪᠡᠷ ᠦᠨ ᠪᠠᠩᠬᠢ ᠶᠢᠨ ᠺᠠᠷᠲ ᠢᠶᠠᠨ ᠬᠤᠳᠠᠯᠳᠤᠭᠰᠠᠨ ᠴᠤ ᠠᠮᠠᠷᠬᠠᠨ ᠵᠣᠭᠤᠰ ᠣᠯᠴᠢᠬᠠᠳᠠᠭ ︽ᠬᠤᠳᠠᠯᠳᠤᠭᠠᠨ ᠤ ᠠᠵᠠ ᠲᠣᠬᠢᠶᠠᠯ︾ ᠢ ᠣᠯᠵᠤ ᠮᠡᠳᠡᠪᠡ᠃ ᠸᠠᠩ ᠣᠪᠣᠭᠲᠤ ᠠᠰᠢᠭ ᠣᠯᠬᠤ ᠡᠭᠦᠳᠡᠨ ᠠᠴᠠ ᠤᠷᠢᠳ ᠬᠤᠵᠢᠳ ᠭᠤᠷᠪᠠ ᠤᠳᠠᠭ᠎ᠠ ᠠᠳᠠᠯᠢ ᠪᠤᠰᠤ ᠠᠷᠭ᠎ᠠ ᠪᠠᠷ ᠥᠪᠡᠷ ᠤᠨ ᠪᠠᠩᠬᠢ ᠶᠢᠨ ᠺᠠᠷᠲ᠂ U ᠪᠠᠮᠪᠠᠶ᠂ ᠭᠠᠷ ᠤᠲᠠᠰᠤᠨ ᠤ ᠺᠠᠷᠲ ᠢᠶᠠᠨ ᠪᠤᠰᠤᠳ ᠲᠤ ᠲᠦᠷᠢᠶᠡᠰᠦᠯᠡᠬᠦ ᠶᠢ ᠨᠢ ᠲᠦᠷᠢᠶᠡᠰᠦᠯᠡᠵᠦ᠂ ᠬᠤᠳᠠᠯᠳᠤᠬᠤ ᠶᠢ ᠨᠢ ᠬᠤᠳᠠᠯᠳᠤᠭᠠᠳ ᠨᠡᠶᠢᠲᠡ 3500 ᠲᠥᠭᠦᠷᠢᠭ ᠤᠨ ᠠᠰᠢᠭ ᠣᠯᠵᠠᠶ᠃
2023 ᠣᠨ ᠤ 4 ᠰᠠᠷ᠎ᠠ ᠳᠤ᠂ ᠶᠠᠯ᠎ᠠ ᠬᠢᠭᠰᠡᠨ ᠰᠡᠵᠢᠭᠳᠡᠨ ᠸᠠᠩ ᠣᠪᠣᠭᠲᠤ ᠨᠢ ᠮᠡᠳᠡᠭᠡ ᠵᠠᠩᠭᠢ ᠰᠦᠯᠵᠢᠶᠡᠨ ᠤ ᠶᠠᠯᠠᠲᠤ ᠠᠵᠢᠯᠯᠠᠭ᠎ᠠ ᠳᠤ ᠬᠠᠪᠰᠤᠷᠤᠭᠰᠠᠨ ᠶᠠᠯ᠎ᠠ ᠬᠢᠭᠰᠡᠨ ᠢᠶᠠᠷ ᠰᠡᠵᠢᠭᠯᠡᠭᠳᠡᠵᠦ᠂ ᠣᠲᠤᠭ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠠᠴᠠ ᠬᠠᠤᠯᠢ ᠶᠣᠰᠣᠭᠠᠷ ᠪᠠᠷᠢᠪᠴᠢᠯᠠᠬᠤ ᠶᠢ ᠵᠥᠪᠰᠢᠶᠡᠷᠡᠪᠡ᠃
ᠪᠠᠢᠴᠠᠭᠠᠬᠤ ᠲᠤᠰᠢᠶᠠᠯᠲᠠᠨ ᠤ ᠰᠠᠨᠠᠭᠤᠯᠭ᠎ᠠ᠄
︽ᠬᠤᠪᠢ ᠣᠯᠭᠣᠬᠤ︾ ᠮᠡᠬᠡᠯᠡᠯ ᠢ ᠰᠡᠷᠡᠮᠵᠢᠯᠡᠬᠦ ᠬᠡᠷᠡᠭᠲᠡᠶ᠂ ︽ᠮᠡᠳᠡᠭᠡ ᠵᠠᠩᠭᠢ ᠰᠦᠯᠵᠢᠶᠡᠨ ᠤ ᠶᠠᠯᠠᠲᠤ ᠠᠵᠢᠯᠯᠠᠭ᠎ᠠ ᠶᠢ ᠬᠠᠪᠰᠤᠷᠤᠭᠰᠠᠨ︾ ᠨᠢ ᠳᠠᠷᠤᠶ ︽ᠶᠠᠯᠠᠲᠤ ᠡᠲᠡᠭᠡᠳ ᠢ ᠬᠠᠪᠰᠤᠷᠤᠭᠰᠠᠨ ᠠᠵᠢᠯᠯᠠᠭ᠎ᠠ︾ ᠪᠣᠯᠣᠨ᠎ᠠ᠃ ᠠᠷᠠᠳ ᠢᠷᠭᠡᠨ ᠨᠡᠷ᠎ᠡ ᠳᠡᠭᠡᠷᠡᠬᠢ ᠪᠠᠩᠬᠢ ᠶᠢᠨ ᠺᠠᠷᠲ᠂ ᠢᠲᠡᠭᠡᠮᠵᠢ ᠶᠢᠨ ᠺᠠᠷᠲ ᠢᠶᠠᠨ ᠪᠣᠯᠭᠤᠮᠵᠢᠲᠠᠶ ᠬᠠᠮᠢᠶᠠᠷᠬᠤ ᠬᠡᠷᠡᠭᠲᠡᠶ᠂ ᠲᠦᠷᠢᠶᠡᠰᠦᠯᠡᠬᠦ ᠪᠠ ᠬᠤᠳᠠᠯᠳᠤᠬᠤ ᠨᠢ ᠴᠥᠮ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠮᠥᠨ᠂ ᠬᠤᠪᠢ ᠬᠥᠮᠦᠨ ᠤ ᠬᠠᠤᠯᠢ ᠴᠠᠭᠠᠵᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠪᠠᠩᠬᠢ ᠶᠢᠨ ᠺᠠᠷᠲ᠂ ᠢᠲᠡᠭᠡᠮᠵᠢ ᠶᠢᠨ ᠺᠠᠷᠲ ᠢᠶᠠᠨ ᠰᠠᠢᠨ ᠬᠢᠴᠢᠶᠡᠵᠦ᠂ ᠮᠡᠳᠡᠭᠡ ᠵᠠᠩᠭᠢ ᠶᠢᠨ ᠰᠦᠯᠵᠢᠶᠡᠨ ᠤ ᠶᠠᠯᠠᠲᠤ ᠡᠲᠡᠭᠡᠳ ᠤᠨ ᠬᠠᠮᠰᠠᠭᠠᠲᠠᠨ ᠪᠣᠯᠬᠤ ᠠᠴᠠ ᠵᠠᠶᠢᠯᠠᠰᠬᠢᠬᠦ ᠬᠡᠷᠡᠭᠲᠡᠶ᠃