ᠣᠲᠤᠭ ᠬᠤᠰᠢᠭᠤᠨ ᠤ ᠪᠠᠶᠢᠴᠠᠭᠠᠬᠤ ᠬᠤᠷᠢᠶ᠎ᠠ ᠥᠯᠵᠡᠶᠢᠲᠦ ᠡᠳᠦᠷ ᠢᠶᠠᠨ ᠪᠡᠯᠭᠡᠯᠡᠬᠦ ᠰᠣᠨᠢᠷᠬᠠᠯᠲᠠᠢ ᠲᠠᠮᠢᠷ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠪᠠ
ᠥᠯᠵᠡᠶᠢᠲᠦ ᠡᠳᠦᠷ ᠢᠶᠠᠨ ᠪᠠᠶᠠᠷ ᠪᠠᠶᠠᠰᠬᠤᠯᠠᠩᠲᠠᠢ ᠦᠩᠭᠡᠷᠡᠭᠦᠯᠦᠨ ᠰᠣᠶᠣᠯ ᠤᠨ ᠠᠮᠢᠳᠤᠷᠠᠯ ᠢᠶᠠᠨ ᠪᠠᠶᠠᠯᠢᠭᠵᠢᠭᠤᠯᠬᠤ ᠶᠢᠨ ᠳᠠᠭᠠᠤ ᠺᠠᠳ᠋ᠷ ᠴᠠᠭᠳᠠᠭ᠎ᠠ ᠨᠠᠷ ᠤᠨ ᠬᠠᠷᠠᠭ᠎ᠠ ᠶᠢ ᠦᠷᠭᠡᠵᠢᠭᠦᠯᠦᠨ ᠠᠵᠢᠯ ᠤᠨ ᠳᠠᠷᠤᠭᠠᠰᠤ ᠶᠢ ᠬᠦᠩᠭᠡᠯᠡᠬᠦ ᠶᠢᠨ ᠲᠤᠯᠠᠳᠠ 2 ᠳ᠋ᠤᠭᠠᠷ ᠰᠠᠷᠠᠶᠢᠨ 22 ᠤ ᠡᠳᠦᠷ᠂ ᠣᠲᠤᠭ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠭᠤᠴᠢᠭᠠᠳ ᠨᠡᠷ᠎ᠡ ᠺᠠᠳ᠋ᠷ ᠴᠠᠭᠳᠠᠭ᠎ᠠ ᠨᠠᠷ ᠢ ᠵᠣᠬᠢᠶᠠᠨ ᠪᠠᠶᠢᠭᠤᠯᠤᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠭᠰᠠᠨ ᠥᠯᠵᠡᠶᠢᠲᠦ ᠡᠳᠦᠷ ᠢᠶᠠᠨ ᠪᠡᠯᠭᠡᠯᠡᠬᠦ ᠰᠣᠨᠢᠷᠬᠠᠯᠲᠠᠢ ᠲᠠᠮᠢᠷ ᠤᠨ ᠬᠥᠳᠡᠯᠭᠡᠭᠡᠨ ᠤ ᠤᠷᠤᠯᠳᠤᠭᠠᠨ ᠳᠤ ᠣᠷᠤᠯᠴᠠᠭᠤᠯᠤᠭᠰᠠᠨ ᠪᠠᠶᠢᠨ᠎ᠠ᠃ ᠣᠲᠤᠭ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠺᠠᠳ᠋ᠷ ᠴᠠᠭᠳᠠᠭ᠎ᠠ ᠨᠠᠷ ᠭᠤᠷᠪᠠᠨ ᠳᠤᠭᠤᠶᠢᠯᠠᠩ ᠬᠤᠪᠢᠶᠠᠭᠳᠠᠨ ᠳᠡᠭᠡᠰᠦ ᠲᠠᠲᠠᠬᠤ᠂ ᠳᠡᠭᠡᠰᠦ ᠦᠰᠦᠷᠬᠦ᠂ ᠫᠢᠩᠫᠠᠩ ᠪᠥᠮᠪᠦᠭᠡ ᠶᠢ ᠬᠦᠴᠦ ᠵᠠᠯᠭᠠᠨ ᠮᠥᠷᠥᠶᠢᠴᠡᠬᠦ ᠬᠥᠳᠡᠯᠭᠡᠭᠡᠨ ᠳᠤ ᠲᠤᠰ ᠪᠦᠷᠢ ᠣᠷᠣᠯᠴᠠᠭᠰᠠᠨ ᠪᠠᠶᠢᠨ᠎ᠠ᠃ ᠬᠦᠷ ᠬᠦᠭᠵᠢᠶᠡᠨ ᠲᠠᠢ ᠬᠥᠳᠡᠯᠭᠡᠭᠡᠨ ᠤ ᠳᠤᠮᠳᠠ ᠺᠠᠳ᠋ᠷ ᠴᠠᠭᠳᠠᠭ᠎ᠠ ᠨᠠᠷ ᠮᠦᠴᠡᠭᠡ ᠪᠠᠨ ᠦᠭᠬᠦ ᠦᠭᠡᠢ ᠮᠦᠷᠦᠶᠢᠴᠡᠵᠡᠭᠡᠨ ᠴᠢᠮᠠᠯᠠᠰᠢ ᠦᠭᠡᠢ ᠬᠢᠷᠢ ᠪᠦᠲᠦᠮᠵᠢ ᠣᠯᠣᠭᠰᠠᠨ ᠪᠠᠶᠢᠨ᠎ᠠ᠂ ᠡᠭᠦᠨ ᠳᠤ ᠳᠡᠭᠡᠰᠦ ᠲᠠᠲᠠᠬᠤ ᠮᠥᠷᠥᠶᠢᠴᠡᠭᠡᠨ ᠤ ᠨᠢᠭᠡᠳᠦᠭᠡᠷ ᠨᠤᠭᠤᠯᠤᠭ᠎ᠠ ᠳᠤ ᠲᠡᠶᠢᠯᠵᠤ᠂ ᠬᠠᠮᠲᠤ ᠶᠢᠨ ᠳᠡᠭᠡᠰᠦ ᠦᠰᠦᠷᠬᠦ ᠮᠥᠷᠥᠶᠢᠴᠡᠭᠡᠨ ᠪᠠ ᠫᠢᠩᠫᠠᠩ ᠪᠥᠮᠪᠦᠭᠡ ᠶᠢ ᠬᠦᠴᠦ ᠵᠠᠯᠭᠠᠨ ᠮᠥᠷᠥᠶᠢᠴᠡᠬᠦ ᠣᠷᠤᠯᠳᠤᠭᠠᠨ ᠳᠤ ᠲᠤᠰ ᠪᠦᠷᠢ ᠲᠠᠪᠤᠳᠤᠭᠠᠷ ᠲᠤ ᠵᠢᠭᠰᠠᠭᠠᠭᠳᠠᠨ ᠪᠠᠶᠢᠴᠠᠭᠠᠬᠤ ᠠᠵᠢᠯᠲᠠᠳ ᠤᠨ ᠡᠷᠴᠢ ᠵᠢᠪᠬᠤᠭ᠎ᠠ ᠪᠠᠨ ᠪᠠᠳᠠᠷᠠᠭᠤᠯᠤᠨ ᠴᠠᠭᠠᠨ ᠰᠠᠷ᠎ᠠ ᠶᠢᠨ ᠦᠯᠵᠡᠶᠢᠲᠦ ᠡᠳᠦᠷ ᠢᠶᠠᠨ ᠢᠨᠢᠶᠡᠳᠦ ᠪᠠᠶᠠᠰᠤᠯ ᠤᠨ ᠳᠤᠮᠳᠠ ᠦᠩᠭᠡᠷᠡᠭᠦᠯᠦᠭᠰᠡᠨ ᠪᠠᠶᠢᠨ᠎ᠠ᠃