ᠡᠮᠡᠭᠲᠡᠶᠢᠴᠦᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠳᠤ ᠡᠸᠡᠩᠬᠢ ᠶᠢᠨ ᠪᠠᠶᠢᠴᠠᠭᠠᠬᠤ ᠲᠤᠰᠢᠶᠠᠯᠲᠡᠨ 《 ᠬᠠᠤᠯᠢ ᠴᠠᠭᠠᠵᠠ ᠶᠢᠨ ᠪᠦᠷᠬᠦᠪᠴᠢ》 ᠬᠠᠩᠭᠠᠨ᠎ᠠ
106 ᠳ᠋ᠤᠭᠠᠷ ᠬᠤᠭᠤᠴᠠᠭᠠᠨ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠲᠤᠬᠢᠶᠠᠯᠳᠤᠭᠤᠯᠤᠨ᠂ 3 ᠰᠠᠷ᠎ᠠ ᠶᠢᠨ 8 ᠤ ᠡᠳᠦᠷ ᠡᠸᠡᠩᠬᠢ ᠬᠤᠰᠢᠭᠤᠨ ᠤ ᠢᠮᠢᠨ ᠰᠤᠮᠤᠨ ᠤ ᠪᠠᠶᠠᠨᠲᠠᠯ᠎ᠠ ᠭᠠᠴᠠᠭᠠᠨ ᠤ ᠡᠮᠡᠭᠲᠡᠶᠢᠴᠦᠳ ᠤᠨ ᠬᠤᠯᠪᠤᠭ᠎ᠠ ᠠᠴᠠ《 3.8 ᠤ ᠡᠮᠡᠩᠲᠡᠶᠢᠴᠦᠳ ᠤᠨ ᠪᠠᠶᠠᠷ ᠢ ᠪᠡᠯᠭᠡᠯᠡᠬᠦ ᠶᠡᠭᠡ ᠬᠤᠷᠠᠯ 》ᠬᠢᠪᠡ᠃ ᠲᠤᠰ ᠬᠤᠷᠠᠯ ᠳᠤ ᠬᠤᠰᠢᠭᠤᠨ ᠤ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠭᠴᠢ ᠭᠦᠢ ᠢᠩ᠂ ᠢᠷᠭᠤᠢ ᠬᠤᠶᠠᠷ ᠤᠷᠢᠯᠭ᠎ᠠ ᠪᠠᠷ ᠤᠷᠤᠯᠴᠠᠵᠤ᠂ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠴᠠᠭᠠᠵᠠ ᠶᠢᠨ ᠬᠦᠮᠦᠵᠢᠯ ᠬᠢᠭᠰᠡᠨ ᠪᠠᠶᠢᠨ᠎ᠠ᠃
ᠤᠳᠤᠬᠠᠨ ᠳᠤ ᠨᠡᠶᠢᠭᠡᠮ ᠳᠡᠭᠡᠷ᠎ᠡ ᠲᠦᠭᠡᠮᠡᠯ ᠤᠷᠤᠰᠢᠵᠤ ᠪᠠᠶᠢᠭ᠎ᠠ ᠡᠮᠡᠭᠲᠡᠶᠢᠴᠦᠳ ᠤᠨ ᠦᠪᠡᠷ ᠢ ᠪᠡᠨ᠋ ᠬᠠᠮᠠᠭᠠᠯᠠᠬᠤ ᠤᠬᠠᠮᠰᠠᠷ ᠳᠤᠤᠷ᠎ᠠ᠂ ᠬᠠᠤᠯᠢ ᠶᠤᠰᠤᠨ ᠤ ᠡᠷᠬᠡ ᠠᠰᠢᠭ ᠢᠶᠠᠨ ᠬᠠᠮᠠᠭᠠᠯᠠᠬᠤ ᠦᠵᠡᠯ ᠤᠬᠠᠮᠰᠠᠷ ᠳᠤᠲᠠᠮᠠᠭ ᠪᠠᠶᠢᠭ᠎ᠠ ᠦᠵᠡᠭᠳᠡᠯ ᠳᠤ ᠴᠢᠭᠯᠡᠭᠦᠯᠦᠨ ᠡᠸᠡᠩᠬᠢ ᠬᠤᠰᠢᠭᠤᠨ ᠤ ᠪᠠᠶᠢᠴᠠᠭᠠᠬᠤ ᠬᠤᠷᠢᠶᠠᠨ ᠤ ᠬᠤᠶᠠᠷ ᠪᠠᠶᠢᠴᠠᠭᠠᠭᠴᠢ ᠠᠴᠠ《ᠡᠮᠩᠲᠡᠶᠢᠴᠦᠳ ᠤᠨ ᠡᠷᠬᠡ ᠠᠰᠢᠭ ᠢ ᠪᠠᠳᠤᠯᠠᠬᠤ ᠬᠠᠤᠯᠢ 》 ᠵᠢᠴᠢ ᠲᠤᠰ ᠵᠢᠯ ᠤᠨ 3 ᠰᠠᠷ᠎ᠠ ᠶᠢᠨ1 ᠤ ᠡᠳᠦᠷ ᠠᠴᠠ ᠰᠢᠨ᠎ᠡ ᠪᠠᠷ ᠨᠡᠶᠢᠲᠡᠯᠡᠨ ᠬᠡᠷᠡᠭᠵᠢᠭᠦᠯᠦᠭᠰᠡᠨ《ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ 》ᠵᠡᠷᠭᠡ ᠡᠮᠡᠭᠲᠡᠶᠢᠴᠦᠳ ᠤᠨ ᠡᠷᠬᠡ ᠠᠰᠢᠭ ᠲᠠᠢ ᠨᠢᠭᠲᠠ ᠬᠤᠯᠪᠤᠭᠳᠠᠭᠰᠠᠨ ᠬᠠᠤᠯᠢ ᠴᠠᠭᠠᠵᠠ ᠶᠢᠨ ᠠᠭᠤᠯᠭ᠎ᠠ ᠶᠢ ᠪᠤᠳᠠᠳᠤ ᠬᠡᠷᠡᠭ ᠤᠨ ᠵᠢᠱᠢᠶ᠎ᠠ ᠲᠠᠢ ᠤᠶᠠᠯᠳᠤᠭᠤᠯᠤᠨ ᠨᠠᠷᠢᠯᠢᠭ ᠲᠠᠶᠢᠯᠪᠤᠷᠢ ᠬᠢᠵᠡᠢ᠃ ᠡᠭᠦᠨ ᠤ ᠬᠠᠮᠳᠤ ᠪᠠᠰᠠ ᠬᠦᠷᠦᠯᠴᠡᠨ ᠢᠷᠡᠭᠰᠡᠨ ᠦᠷᠭᠡᠨ ᠤᠯᠠᠨ ᠡᠮᠡᠭᠲᠡᠶᠢᠴᠦᠳ ᠲᠠᠢ ᠴᠢᠯᠦᠭᠡᠲᠡᠢ ᠶᠠᠷᠢᠯᠴᠠᠭ᠎ᠠ ᠦᠷᠨᠢᠭᠦᠯᠵᠤ᠂ ᠲᠠᠳᠠᠨᠠᠷ ᠤᠨ ᠳᠤᠷᠠᠳᠤᠭᠰᠠᠨ ᠤᠷᠤᠭ ᠬᠤᠷᠢᠮ᠂ ᠭᠡᠷ ᠪᠦᠯᠢ᠂ ᠡᠳ᠋ ᠬᠦᠷᠦᠩᠭᠡ ᠶᠢᠨ ᠬᠤᠪᠢᠶᠠᠷᠢᠯᠠᠯ᠂ ᠭᠡᠷ ᠪᠦᠯᠢ ᠶᠢᠨ ᠬᠦᠴᠦᠷᠬᠡᠭᠯᠡᠯ ᠵᠡᠷᠭᠡ ᠲᠠᠯ᠎ᠠ ᠶᠢᠨ ᠠᠰᠠᠭᠤᠳᠡᠯ ᠤᠳ ᠢ ᠨᠢᠭᠡᠳᠨᠢᠭᠡ ᠪᠠᠷ ᠲᠠᠶᠢᠯᠪᠦᠷᠢᠯᠡᠨ ᠦᠭᠴᠦ᠂ ᠬᠤᠷᠡᠯ ᠤᠨ ᠠᠬᠤᠢ ᠲᠠᠯᠠᠪᠠᠢ ᠶᠡᠭᠡ ᠬᠦᠷ ᠬᠦᠭᠵᠢᠶᠡᠨ ᠲᠠᠢ ᠪᠠᠶᠢᠵᠤ᠂ ᠬᠦᠷᠦᠯᠴᠡᠨ ᠢᠷᠡᠭᠰᠡᠨ ᠡᠮᠡᠭᠲᠡᠶᠢᠴᠦᠳ ᠤᠨ ᠶᠡᠭᠡ ᠬᠦᠷᠢᠶᠡᠯᠡᠯ ᠢ ᠤᠯᠵᠡᠢ᠃
ᠡᠨᠡ ᠤᠳᠠᠭᠠᠨ ᠤ ᠬᠠᠤᠯᠢ ᠴᠠᠭᠠᠵᠠ ᠶᠢᠨ ᠬᠦᠮᠦᠵᠢᠯ ᠢᠶᠠᠷ ᠳᠠᠮᠵᠢᠨ᠂ ᠬᠤᠷᠠᠯ ᠳᠤ ᠤᠷᠤᠯᠴᠠᠭᠰᠠᠨ ᠡᠮᠡᠭᠲᠡᠶᠢᠴᠦᠳ ᠦᠪᠡᠷ ᠤᠨ ᠡᠷᠬᠡ ᠠᠰᠢᠭ ᠢᠶᠠᠨ ᠬᠠᠮᠠᠭᠠᠯᠠᠬᠤ ᠲᠤᠬᠠᠢ ᠰᠢᠨ᠎ᠡ ᠲᠠᠨᠢᠯᠲᠠ ᠲᠠᠢ ᠪᠤᠯᠤᠭᠰᠠᠨ ᠪᠠᠶᠢᠨ᠎ᠠ᠃ ᠬᠤᠶᠢᠰᠢᠲᠠ ᠶᠢᠨ ᠠᠵᠢᠯ ᠤᠨ ᠳᠤᠮᠳᠠ᠂ ᠡᠸᠡᠩᠬᠢ ᠬᠤᠰᠢᠭᠤᠨ ᠤ ᠪᠠᠶᠢᠴᠠᠭᠠᠬᠤ ᠬᠤᠷᠢᠶ᠎ᠡ ᠬᠠᠤᠯᠢ ᠴᠠᠭᠠᠵᠠ ᠶᠢᠨ ᠤᠬᠠᠭᠤᠯᠭ᠎ᠠ ᠶᠢᠨ ᠠᠵᠢᠯ ᠢᠶᠠᠨ ᠤᠯᠠᠮ ᠴᠢᠩᠭᠠᠳᠬᠠᠵᠤ᠂ ᠦᠨᠳᠦᠰᠦᠨ ᠱᠠᠲᠤᠨ ᠤ ᠤᠯᠠᠨ ᠲᠦᠮᠡᠨ ᠤ ᠬᠠᠤᠯᠢ ᠶᠢᠨ ᠤᠬᠠᠮᠰᠠᠷ ᠢ ᠳᠡᠭᠡᠭᠰᠢᠯᠡᠭᠦᠯᠦᠨ᠂ ᠲᠡᠳᠡᠨᠤᠰ ᠤᠨ ᠬᠠᠤᠯᠢ ᠴᠠᠭᠠᠵᠠ ᠶᠢᠨ ᠵᠡᠪᠰᠡᠭ ᠢ ᠬᠡᠷᠡᠭᠯᠡᠨ ᠦᠪᠡᠷ ᠤᠨ ᠬᠠᠤᠯᠢ ᠶᠤᠰᠤᠨ ᠤ ᠡᠷᠬᠡ ᠠᠰᠢᠭ ᠢᠶᠠᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠠᠷ ᠴᠢᠷᠮᠠᠶᠢᠵᠤ᠂ ᠦᠨᠳᠦᠰᠦᠨ ᠱᠠᠲᠤᠨ ᠤ ᠮᠠᠯᠴᠢᠳ ᠲᠦᠮᠡᠨ ᠳᠡᠭᠡᠨ《 ᠬᠠᠤᠯᠢ ᠴᠠᠭᠠᠵᠠ ᠶᠢᠨ ᠪᠦᠷᠬᠦᠪᠴᠢ》 ᠬᠠᠩᠭᠠᠨ᠎ᠠ᠃