ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠡᠷᠡᠭ ᠤᠨ ᠵᠢᠱᠢᠶ᠎ᠡ ᠨᠢ ᠬᠤᠶᠠᠳᠤᠭᠠᠷ ᠪᠦᠯᠦᠭ ᠤᠨ ᠪᠥᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠬᠢᠭᠡᠳ ᠲᠤᠬᠠᠶᠢᠯᠠᠭᠰᠠᠨ ᠠᠵᠢᠯ ᠤᠨ ᠭᠦᠨᠵᠡᠭᠡᠶ ᠠᠭᠤᠰᠤᠯᠴᠠᠯ ᠤᠨ ︽ᠰᠢᠯᠢᠳᠡᠭ ᠬᠡᠷᠡᠭ ᠤᠨ ᠵᠢᠱᠢᠶ᠎ᠡ︾ ᠳᠤ ᠰᠤᠩᠭᠤᠭᠳᠠᠪᠠ
11 ᠰᠠᠷ᠎ᠠ ᠶᠢᠨ 9 ᠤ ᠡᠳᠦᠷ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠯᠦᠭ ᠤᠨ ᠪᠥᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠬᠢᠭᠡᠳ ᠲᠤᠬᠠᠶᠢᠯᠠᠭᠰᠠᠨ ᠠᠵᠢᠯ ᠤᠨ ᠭᠦᠨᠵᠡᠭᠡᠶ ᠠᠭᠤᠰᠤᠯᠴᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠦᠨᠡᠯᠡᠨ ᠰᠢᠯᠭᠠᠷᠠᠭᠤᠯᠤᠭᠰᠠᠨ ᠦᠷ᠎ᠡ ᠳ᠋ᠦᠩ ᠨᠡᠶᠢᠲᠡᠯᠡᠭᠳᠡᠪᠡ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠤᠶᠠᠳᠤᠭᠠᠷ ᠨᠠᠮ ᠤᠨ ᠡᠭᠦᠷ ᠤᠨ ︽ᠦᠨᠳᠦᠰᠦ ᠪᠠᠨ ᠪᠠᠲᠤᠵᠢᠭᠤᠯᠵᠤ ᠰᠦᠭ ᠰᠦᠨᠡᠰᠦ ᠪᠠᠨ ᠱᠤᠭᠤᠨ᠂ ᠭᠤᠷᠪᠠᠨ ᠬᠡᠮᠵᠢᠯ ᠤᠨ ᠠᠭᠤᠰᠤᠯᠴᠠᠯ ᠢᠶᠠᠷ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠦᠨᠡᠨᠴᠢ ᠬᠠᠮᠠᠭᠠᠯᠠᠭᠴᠢ ᠪᠣᠯᠬᠤ ᠪᠠᠷ ᠴᠢᠷᠮᠠᠶᠢᠨ᠎ᠠ ︾ ᠭᠡᠬᠦ ᠬᠡᠷᠡᠭ ᠤᠨ ᠵᠢᠱᠢᠶ᠎ᠡ ᠨᠢ ᠬᠤᠶᠠᠳᠤᠭᠠᠷ ᠪᠦᠯᠦᠭ ᠤᠨ ᠪᠥᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠬᠢᠭᠡᠳ ᠲᠤᠬᠠᠶᠢᠯᠠᠭᠰᠠᠨ ᠠᠵᠢᠯ ᠤᠨ ᠭᠦᠨᠵᠡᠭᠡᠶ ᠠᠭᠤᠰᠤᠯᠴᠠᠯ ᠤᠨ ︽ᠰᠢᠯᠢᠳᠡᠭ ᠬᠡᠷᠡᠭ ᠤᠨ ᠵᠢᠱᠢᠶ᠎ᠡ︾ ᠳᠤ ᠰᠣᠩᠭᠤᠭᠳᠠᠨ ᠣᠷᠣᠵᠤ᠂ ᠲᠤᠰ ᠬᠡᠷᠡᠭ ᠦᠨ ᠵᠢᠱᠢᠶ᠎ᠠ ᠨᠢ ᠮᠦᠨᠥᠪᠥᠷ ᠮᠣᠩᠭᠤᠯ ᠤᠨ ᠪᠠᠶᠢᠴᠠᠭᠠᠬᠤ ᠪᠠᠶᠢᠭᠤᠯᠭ᠎ᠠ ᠠᠴᠠ ᠰᠤᠩᠭᠤᠭᠳᠠᠨ ᠤᠷᠤᠭᠰᠠᠨ ᠴᠣᠷ ᠤᠨ ᠭᠠᠭᠴᠠ ᠬᠡᠷᠡᠭ ᠤᠨ ᠵᠢᠱᠢᠶ᠎ᠡ ᠪᠣᠯᠤᠨ᠎ᠠ᠃
ᠰᠢ ᠵᠢᠨ ᠫᠢᠩ ᠦᠨ ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠪᠠᠶᠢᠴᠠᠭᠠᠬᠤ ᠪᠠᠶᠢᠭᠤᠯᠭ᠎ᠠ ᠶᠢᠨ ᠤᠯᠤᠰ ᠲᠦᠷᠦ ᠶᠢᠨ ᠰᠢᠨᠵᠢ ᠴᠢᠨᠠᠷ ᠢ ᠪᠠᠲᠤ ᠴᠡᠭᠡᠵᠢᠯᠡᠨ᠂ ᠡᠷᠡᠭᠦᠦ ᠶᠢᠨ ᠬᠡᠷᠡᠭ ᠤᠨ ᠪᠠᠶᠢᠴᠠᠭᠠᠬᠤ ᠡᠭᠦᠷᠭᠡ ᠴᠢᠳᠠᠪᠬᠢ ᠪᠠᠨ ᠪᠠᠳᠠᠷᠠᠭᠤᠯᠵᠤ᠂ ︽ᠦᠨᠳᠦᠰᠦ ᠪᠠᠨ ᠪᠠᠲᠤᠵᠢᠭᠤᠯᠵᠤ ᠰᠦᠭ ᠰᠦᠨᠡᠰᠦ ᠶᠢ ᠱᠤᠭᠤᠨ᠂ ᠭᠤᠷᠪᠠᠨ ᠬᠡᠮᠵᠢᠯ ᠢ ᠠᠭᠤᠰᠤᠯᠴᠠᠭᠤᠯᠬᠤ︾ ᠠᠵᠢᠯ ᠤᠨ ᠠᠷᠭ᠎ᠠ ᠶᠢ ᠰᠦᠪᠡᠭᠴᠢᠯᠡᠵᠦ᠂ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠠᠭᠤᠰᠤᠯᠴᠠᠯ ᠢ ᠠᠬᠢᠭᠤᠯᠤᠨ᠂ ︽ᠬᠤᠶᠠᠷ ᠨᠢᠭᠤᠷ︾ ᠤᠨ ᠬᠦᠴᠢᠷ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠨᠠᠮ ᠤᠨ ᠪᠠᠶᠢᠭᠤᠯᠤᠯᠲᠠ ᠶᠢ ᠪᠣᠳᠠᠲᠠᠢ ᠠᠳᠬᠤᠬᠤ᠂ ᠡᠩᠨᠡᠭᠡ ᠶᠢ ᠴᠢᠩᠭ᠎ᠠ ᠪᠠᠶᠢᠭᠤᠯᠬᠤ᠂ ᠲᠤᠬᠠᠶᠢᠯᠠᠭᠰᠠᠨ ᠠᠵᠢᠯ ᠤᠨ ᠶᠠᠰᠤ ᠴᠢᠨᠠᠷ ᠥᠨᠳᠥᠷ ᠪᠦᠲᠦᠮᠵᠢᠲᠡᠢ᠂ ᠶᠡᠭᠡ ᠲᠠᠯ᠎ᠠ ᠳᠤ ᠦᠢᠯᠡᠴᠢᠯᠡᠬᠦ ᠶᠢ ᠪᠡᠶᠡᠯᠡᠭᠦᠯᠵᠦ᠂ ᠤᠮᠠᠷᠠᠲᠤ ᠬᠢᠯᠢ ᠶᠢᠨ ᠬᠠᠮᠠᠭᠠᠯᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ ᠪᠤᠢ᠃