ᠣᠷᠣᠨ ᠠᠯᠤᠰᠯᠠᠨ ᠬᠤᠯᠠᠭᠠᠢ ᠬᠢᠭᠰᠡᠨ ᠶᠠᠯ᠎ᠠ ᠶᠢᠨ ᠰᠡᠵᠢᠭᠲᠡᠳ ᠬᠠᠤᠯᠢ ᠶᠢᠨ ᠲᠣᠣᠷ ᠲᠤ ᠤᠨᠠᠯ᠎ᠠ
ᠶᠠᠯ᠎ᠠ ᠬᠢᠭᠰᠡᠨ ᠰᠡᠵᠢᠭᠳᠡᠨ ᠮᠠ ᠣᠪᠤᠭᠲᠤ᠂ ᠡᠷᠡᠭᠳᠡᠢ᠂ ᠬᠤᠳᠤᠩ ᠦᠨᠳᠦᠰᠦᠳᠡᠨ᠂ 36 ᠨᠠᠰᠤᠳᠠᠢ᠂ ᠳᠤᠮᠳᠠᠳᠤ ᠰᠤᠷᠭᠠᠭᠤᠯᠢ ᠶᠢᠨ ᠰᠤᠶᠤᠯ ᠤᠨ ᠬᠡᠮᠵᠢᠶ᠎ᠠ ᠲᠠᠢ᠂ ᠨᠢᠩᠰᠢᠶᠠ ᠶᠢᠨ ᠦᠪᠡᠷᠳᠡᠭᠡᠨ ᠵᠠᠰᠠᠬᠤ ᠤᠷᠤᠨ ᠤ ᠭᠦ᠋ ᠶᠤᠸᠠᠨ ᠬᠤᠳᠠ ᠶᠢᠨ ᠵᠢᠩ ᠶᠤᠸᠠᠨ ᠰᠢᠶᠠᠨ ᠤ ᠬᠦᠮᠦᠨ᠂ ᠠᠵᠢᠯ ᠦᠭᠡᠢ︔ ᠶᠠᠯ᠎ᠠ ᠬᠢᠭᠰᠡᠨ ᠰᠡᠵᠢᠭᠳᠡᠨ ᠬᠠᠢ ᠣᠪᠤᠭᠲᠤ᠂ ᠡᠷᠡᠭᠳᠡᠢ᠂ ᠬᠤᠳᠤᠩ ᠦᠨᠳᠦᠰᠦᠳᠡᠨ᠂ 31 ᠨᠠᠰᠤᠳᠠᠢ᠂ ᠳᠤᠮᠳᠠᠳᠤ ᠰᠤᠷᠭᠠᠭᠤᠯᠢ ᠶᠢᠨ ᠰᠤᠶᠤᠯ ᠤᠨ ᠬᠡᠮᠵᠢᠶ᠎ᠠ ᠲᠠᠢ᠂ ᠨᠢᠩᠰᠢᠶᠠ ᠶᠢᠨ ᠦᠪᠡᠷᠳᠡᠭᠡᠨ ᠵᠠᠰᠠᠬᠤ ᠤᠷᠤᠨ ᠤ ᠭᠦ᠋ ᠶᠤᠸᠠᠨ ᠬᠤᠳᠠ ᠶᠢᠨ ᠵᠢᠩ ᠶᠤᠸᠠᠨ ᠰᠢᠶᠠᠨ ᠤ ᠬᠦᠮᠦᠨ᠂ ᠠᠵᠢᠯ ᠦᠭᠡᠢ᠃
ᠪᠠᠶᠢᠴᠠᠭᠠᠨ ᠢᠯᠡᠷᠡᠭᠦᠯᠦᠭᠰᠡᠨ ᠢᠶᠠᠷ᠂ 2015 ᠤᠨ ᠤ 12 ᠰᠠᠷ᠎ᠠ ᠶᠢᠨ 8 ᠤ ᠦᠳᠡ ᠶᠢᠨ ᠬᠤᠶᠢᠨ᠎ᠠ ᠶᠢᠨ 14 ᠴᠠᠭ ᠤᠨ ᠦᠶᠡᠰ᠂ ᠶᠠᠯ᠎ᠠ ᠬᠢᠭᠰᠡᠨ ᠰᠡᠵᠢᠭᠳᠡᠨ ᠮᠠ ᠣᠪᠣᠭᠲᠤ ᠪᠤᠯᠤᠨ ᠬᠠᠢ ᠣᠪᠤᠭᠲᠤ ᠨᠢᠩᠰᠢᠶᠠ ᠶᠢᠨ ᠦᠪᠡᠷᠳᠡᠭᠡᠨ ᠵᠠᠰᠠᠬᠤ ᠤᠷᠤᠨ ᠤ ᠨᠢᠩᠳᠥᠩ ᠠᠵᠤ ᠦᠢᠯᠡᠳᠪᠦᠷᠢ ᠶᠢᠨ ᠬᠦᠷᠢᠶᠡᠯᠡᠩ ᠠᠴᠠ ᠲᠡᠷᠭᠡ ᠬᠦᠯᠦᠰᠯᠡᠨ ᠤᠲᠤᠭ ᠤᠨ ᠡᠮᠦᠨᠡᠳᠤ ᠬᠤᠰᠢᠭᠤᠨ ᠳᠤ ᠲᠤᠰᠬᠠᠶᠢᠯᠠᠨ ᠬᠤᠯᠠᠭᠠᠢ ᠬᠢᠬᠦ ᠪᠠᠷ ᠢᠷᠡᠭᠰᠡᠨ ᠪᠠᠶᠢᠨ᠎ᠠ᠃ ᠬᠤᠶᠠᠭᠤᠯᠠ ᠤᠯᠵᠠᠴᠢ ᠪᠠᠯᠭᠠᠰᠤᠨ ᠤ ᠰᠠᠢ ᠮᠠ ᠴᠠᠩ ᠰᠠᠭᠤᠭᠠᠯᠢ ᠲᠤᠭᠤᠷᠢᠭ ᠲᠤ ᠬᠦᠷᠦᠭᠰᠡᠨ ᠤ ᠬᠤᠶᠢᠨ᠎ᠠ᠂ ᠡᠭᠦᠳᠡ ᠲᠤᠭᠰᠢᠬᠤ ᠬᠡᠯᠪᠡᠷᠢ ᠪᠠᠷ ᠡᠷᠦᠭᠡ ᠳᠤ ᠬᠦᠮᠦᠨ ᠦᠭᠡᠢ ᠪᠠᠶᠢᠬᠤ ᠶᠢ ᠮᠠᠭᠠᠳᠯᠠᠭᠰᠠᠨ ᠤ ᠳᠠᠷᠠᠭ᠎ᠠ᠂ ᠮᠦᠩᠭᠦᠨ ᠴᠠᠭᠠᠰᠤ ᠪᠠᠷ ᠬᠤᠤᠷᠯᠠᠭᠳᠠᠭᠴᠢ ᠤᠨ ᠬᠡᠷ ᠤᠨ ᠡᠭᠦᠳᠡ ᠶᠢ ᠨᠡᠭᠡᠭᠡᠨ ᠭᠦᠨᠵᠢᠭᠦᠷ ᠮᠤᠳᠤ ᠪᠠᠷ ᠨᠠᠷᠠᠪᠴᠢᠨ ᠳᠡᠭᠡᠷᠡᠬᠢ ᠪᠠᠳᠤ ᠬᠤᠷᠭᠤ ᠶᠢ ᠡᠪᠳᠡᠯᠡᠨ ᠨᠡᠭᠡᠭᠡᠵᠤ᠂ ᠪᠠᠳᠤ ᠬᠤᠷᠭᠤ ᠳᠤ ᠬᠠᠳᠠᠭᠠᠯᠠᠵᠤ ᠪᠠᠶᠢᠭᠰᠠᠨ ᠭᠤᠷᠪᠠᠨ ᠲᠦᠮᠡᠨ ᠲᠦᠭᠦᠷᠢᠭ ᠤᠨ ᠪᠡᠯᠡᠨ ᠮᠦᠩᠭᠦ ᠬᠢᠭᠡᠳ ᠨᠢᠭᠡ ᠪᠠᠭᠤᠤ ᠵᠡᠭᠦᠮᠡᠭ ᠵᠢᠴᠢ ᠨᠢᠭᠡ ᠰᠠᠪᠠᠭ᠎ᠠ ᠠᠯᠲᠠ ᠶᠢ ᠬᠤᠯᠠᠭᠠᠶᠢᠯᠠᠨ ᠠᠪᠴᠠᠢ᠃ ᠬᠤᠯᠠᠭᠠᠶᠢᠯᠠᠨ ᠠᠪᠤᠩᠭᠤᠳᠠ ᠮᠠ ᠣᠪᠣᠭᠲᠤ ᠪᠠ ᠬᠠᠢ ᠣᠪᠤᠭᠲᠤ ᠲᠠᠬᠢᠨ ᠨᠢᠩᠰᠢᠶᠠ ᠶᠢᠨ ᠦᠪᠡᠷᠳᠡᠭᠡᠨ ᠵᠠᠰᠠᠬᠤ ᠤᠷᠤᠨ ᠤ ᠨᠢᠩᠳᠥᠩ ᠠᠵᠤ ᠦᠢᠯᠡᠳᠪᠦᠷᠢ ᠶᠢᠨ ᠬᠦᠷᠢᠶᠡᠯᠡᠩ ᠳᠤ ᠪᠤᠴᠠᠭᠰᠠᠨ ᠪᠠᠶᠢᠵᠠᠢ᠃
ᠤᠶᠢᠷ᠎ᠠ ᠳᠤ᠂ ᠤᠲᠤᠭ ᠤᠨ ᠡᠮᠦᠨᠡᠳᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠠᠴᠠ ᠶᠠᠯ᠎ᠠ ᠬᠢᠭᠰᠡᠨ ᠰᠡᠵᠢᠭᠳᠡᠨ ᠮᠠ ᠣᠪᠤᠭᠲᠤ ᠪᠠ ᠬᠠᠢ ᠣᠪᠣᠭᠲᠤ ᠶᠢ ᠪᠠᠷᠢᠪᠴᠢᠯᠠᠬᠤ ᠶᠢ ᠵᠦᠪᠰᠢᠶᠡᠷᠡᠬᠦ ᠰᠢᠢᠳᠪᠦᠷᠢ ᠭᠠᠷᠭᠠᠪᠠ᠃