ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠠᠣᠯᠢ ᠵᠢᠨᠴᠠᠭᠳᠠᠭᠠᠨ ᠤ ᠶᠡᠭᠡ ᠠᠩᠬᠢ《ᠪᠦᠬᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠵᠢᠨᠴᠠᠭᠳᠠᠭᠠᠨ ᠤ ᠠᠩᠬᠢ ᠶᠢᠨ ᠠᠩᠬᠢ ᠬᠤᠪᠢᠶᠠᠬᠰᠠᠨ ᠬᠠᠮᠢᠶᠠᠷᠤᠯᠳᠠ ᠵᠢᠨ ᠵᠢᠱᠢᠶᠡᠴᠢ ᠨᠢᠭᠡᠴᠢ》 ᠪᠠᠷ ᠨᠡᠷᠠᠶᠢᠳᠦᠭᠳᠡᠪᠡ
2016 ᠤᠨ ᠳᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠠᠣᠯᠢ ᠶᠢᠨ ᠴᠠᠭᠳᠠᠭ᠎ᠠ ᠶᠢᠨ ᠶᠡᠭᠡ ᠠᠩᠬᠢ《ᠪᠦᠬᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠶᠢᠨ ᠴᠠᠭᠳᠠᠭᠠᠨ ᠤ ᠠᠩᠬᠢ ᠶᠢᠨ ᠵᠢᠱᠢᠶᠡᠴᠢ ᠨᠢᠭᠡᠴᠢ》 ᠪᠠᠷ ᠨᠡᠷᠡᠶᠢᠳᠦᠭᠳᠡᠪᠡ᠃
ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠠᠣᠯᠢ ᠶᠢᠨ ᠴᠠᠭᠳᠠᠭᠠᠨ ᠤ ᠶᠡᠭᠡ ᠠᠩᠬᠢ ᠪᠠᠶᠢᠭᠤᠯᠤᠬᠳᠠᠬᠰᠠᠨ ᠠᠴᠠ ᠨᠠᠰᠢ᠂ ᠳᠤᠰ ᠬᠤᠷᠢᠶᠠᠨ ᠤ ᠨᠠᠮ ᠤᠨ ᠳᠤᠭᠤᠶᠢᠯᠠᠩ ᠠᠴᠠ ᠬᠠᠤᠯᠢ ᠵᠢᠨᠴᠠᠭᠳᠠᠭᠠᠨ ᠤ ᠳᠦᠷᠢᠮᠵᠢᠭᠰᠡᠨ ᠪᠠᠶᠢᠭᠤᠯᠤᠯᠳᠠ ᠶᠢ ᠬᠦᠨᠳᠦᠳᠬᠡᠨ ᠦᠵᠡᠵᠦ᠂ ᠬᠠᠤᠯᠢ ᠵᠢᠨᠴᠠᠭᠳᠠᠭᠠᠨ ᠤ ᠠᠩᠬᠢ ᠬᠤᠪᠢᠶᠠᠬᠰᠠᠨ ᠬᠠᠮᠢᠶᠠᠷᠤᠯᠳᠠ ᠶᠢᠨ ᠵᠢᠱᠢᠶᠡᠴᠢ ᠨᠢᠭᠡᠴᠢ ᠶᠢ ᠴᠢᠷᠮᠠᠶᠢᠨᠡᠬᠦᠳᠬᠦ ᠪᠠᠷ ᠬᠠᠷᠠᠯᠳᠠ ᠪᠤᠯᠭᠠᠵᠤ᠂ ᠰᠢᠯᠢᠳᠡᠭ ᠢ ᠡᠭᠦᠳᠴᠦ ᠳᠡᠷᠢᠬᠦᠨ ᠪᠤᠯᠬᠤ ᠠᠵᠢᠯᠯᠠᠭ᠎ᠠ ᠶᠢ ᠢᠳᠡᠪᠬᠢᠳᠡᠢ ᠦᠷᠨᠢᠬᠦᠯᠵᠦ᠂ ᠪᠠᠶᠢᠭᠤᠯᠤᠮᠵᠢ᠂ ᠬᠦᠮᠦᠨ ᠤ ᠳᠤᠭᠠᠨ ᠤ ᠠᠰᠠᠭᠤᠳᠠᠯ ᠢ ᠰᠢᠢᠳᠪᠦᠷᠢᠯᠡᠵᠦ᠂ ᠡᠩᠨᠡᠭᠡᠨ ᠤ ᠪᠦᠳᠦᠴᠡ ᠶᠢ ᠰᠢᠯᠢᠳᠡᠭᠵᠢᠬᠦᠯᠵᠦ᠂ 5 ᠬᠦᠮᠦᠨ ᠢᠶᠠᠷ ᠪᠦᠷᠢᠯᠳᠦᠭᠰᠡᠨ ᠬᠠᠤᠯᠢ ᠶᠢᠨ ᠴᠠᠭᠳᠠᠭᠠᠨ ᠤ ᠠᠩᠭᠢ ᠶᠢ ᠪᠠᠶᠢᠭᠤᠯᠵᠦ᠂ ᠠᠵᠢᠯ ᠤᠨ ᠪᠠᠶᠢᠷᠢ ᠶᠢᠨ ᠪᠤᠯᠪᠠᠰᠤᠷᠠᠯ ᠪᠠ ᠴᠢᠳᠠᠪᠤᠷᠢ ᠶᠢᠨ ᠪᠤᠯᠪᠠᠰᠤᠷᠠᠯ ᠢ ᠨᠠᠷᠢᠨ ᠬᠢᠨᠠᠮᠠᠭᠠᠢ ᠦᠷᠨᠢᠬᠦᠯᠵᠦ᠂ ᠬᠡᠷᠡᠭ ᠰᠢᠳᠬᠡᠬᠦ ᠠᠵᠢᠯᠯᠠᠬᠤ ᠳᠤᠭᠤᠷᠢᠭ ᠤᠨ ᠪᠠᠶᠢᠭᠤᠯᠤᠯᠳᠠ ᠪᠠ ᠬᠠᠮᠢᠶᠠᠷᠤᠯᠳᠠ ᠪᠠᠨ ᠴᠢᠩᠭᠠᠳᠬᠠᠵᠦ᠂ ᠡᠬᠦᠷᠬᠡ ᠬᠠᠷᠢᠭᠤᠴᠠᠯᠭ᠎ᠠ ᠪᠠᠨ ᠬᠠᠤᠯᠢ ᠶᠤᠰᠤᠭᠠᠷ ᠪᠦᠬᠦ ᠳᠠᠯ᠎ᠠ ᠪᠠᠷ ᠬᠦᠢᠴᠡᠳᠬᠡᠭᠰᠡᠨ ᠪᠠᠶᠢᠨ᠎ᠠ᠃ ᠦᠩᠭᠡᠷᠡᠭᠰᠡᠨ ᠨᠢᠬᠡ ᠵᠢᠯ ᠳᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠠᠣᠯᠢ ᠶᠢᠨ ᠴᠠᠭᠳᠠᠭᠠᠨ ᠤ ᠶᠡᠭᠡ ᠠᠩᠬᠢ ᠦᠪᠡᠷᠳᠡᠬᠡᠨ ᠵᠠᠰᠠᠬᠤ ᠤᠷᠤᠨ ᠤ ᠬᠠᠤᠯᠢ ᠶᠢᠨ ᠴᠠᠭᠳᠠᠭᠠᠨ ᠤ ᠶᠡᠷᠦᠩᠬᠡᠢ ᠠᠩᠭᠢ ᠪᠠ ᠬᠤᠳᠠ ᠶᠢᠨ ᠬᠠᠤᠯᠢ ᠵᠢᠨᠴᠠᠭᠳᠠᠭᠠᠨ ᠤ ᠰᠠᠯᠪᠤᠷᠢ ᠠᠩᠭᠢ ᠶᠢᠨ ᠠᠵᠢᠯ ᠤᠨ ᠪᠠᠶᠢᠷᠢᠭᠤᠯᠤᠯᠳᠠ ᠪᠤᠯᠤᠨ ᠬᠤᠷᠢᠶᠠᠨ ᠤ ᠨᠠᠮ ᠤᠨ ᠳᠤᠭᠤᠶᠢᠯᠠᠩ ᠤᠨ ᠲᠤᠬᠢᠷᠠᠭᠤᠯᠭ᠎ᠠ ᠳᠤᠤᠷ᠎ᠠ᠂ ᠪᠦᠬᠦ ᠤᠯᠤᠰ ᠪᠠ ᠪᠦᠬᠦ ᠤᠷᠤᠨ ᠤ ᠬᠠᠤᠯᠢ ᠵᠢᠨᠴᠠᠭᠳᠠᠭᠠᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠤᠰᠤᠭᠠᠷ᠂ ᠬᠠᠷᠢᠭᠤᠴᠠᠯᠭ᠎ᠠ ᠪᠠᠨ ᠬᠠᠤᠯᠢ ᠶᠤᠰᠤᠭᠠᠷ ᠬᠦᠢᠴᠡᠳᠬᠡᠬᠦ ᠶᠢ ᠴᠢᠩᠭᠠᠳᠬᠠᠬᠤ ᠪᠠᠷ ᠳᠦᠪ ᠪᠤᠯᠭᠠᠵᠤ᠂ ᠬᠠᠤᠯᠢ ᠬᠡᠷᠡᠭᠵᠢᠬᠦᠯᠵᠤ ᠬᠡᠷᠡᠭ ᠰᠢᠳᠬᠡᠬᠦ ᠶᠢᠨ ᠠᠶᠤᠯᠭᠦᠢ ᠶᠢ ᠪᠠᠳᠤᠯᠠᠬᠤ ᠪᠠᠷ ᠭᠤᠤᠯᠳᠠᠯᠭ᠎ᠠ ᠪᠤᠯᠭᠠᠵᠤ᠂ ᠠᠩᠬᠢ ᠬᠤᠪᠢᠶᠠᠬᠰᠠᠨ ᠬᠠᠮᠢᠶᠠᠷᠤᠯᠳᠠ ᠪᠠ ᠳᠦᠷᠢᠮᠵᠢᠭᠰᠡᠨ ᠬᠠᠮᠢᠶᠠᠷᠤᠯᠳᠠ ᠪᠠᠷ ᠰᠠᠭᠤᠷᠢ ᠪᠤᠯᠭᠠᠵᠤ᠂ ᠬᠡᠷᠡᠭ ᠰᠢᠳᠬᠡᠬᠦ ᠠᠵᠢᠯᠯᠠᠬᠤ ᠳᠤᠭᠤᠷᠢᠭ ᠢᠶᠠᠷ ᠳᠠᠪᠴᠠᠩ ᠪᠤᠯᠭᠠᠵᠤ᠂ ᠬᠠᠤᠯᠢ ᠬᠡᠷᠡᠭᠵᠢᠬᠦᠯᠵᠤ ᠬᠡᠷᠡᠭ ᠰᠢᠳᠬᠡᠬᠦ ᠳᠤ ᠤᠷᠤᠯᠴᠠᠬᠤ ᠡᠷᠴᠢᠮ ᠢᠶᠠᠨ ᠴᠢᠩᠭᠠᠳᠬᠠᠵᠤ᠂ ᠬᠠᠤᠯᠢ ᠵᠢᠨᠴᠠᠭᠳᠠᠭᠠᠨ ᠤ ᠡᠩᠨᠡᠭᠡᠨ ᠤ ᠪᠠᠶᠢᠭᠤᠯᠤᠯᠳᠠ ᠶᠢ ᠴᠢᠩᠭᠠᠷᠠᠭᠤᠯᠵᠤ᠂ ᠪᠠᠶᠢᠴᠠᠭᠠᠬᠤ ᠠᠵᠢᠯ ᠤᠨ ᠰᠢᠨᠵᠢᠯᠡᠬᠦ ᠤᠬᠠᠭᠠᠨᠴᠢ ᠬᠦᠭᠵᠢᠯᠳᠡ ᠳᠤ ᠴᠠᠬᠳᠠᠭᠠᠨ ᠤ ᠶᠠᠪᠤᠳᠠᠯ ᠤᠨ ᠬᠦᠴᠦᠳᠡᠢ ᠪᠠᠳᠤᠯᠠᠭ᠎ᠠ ᠬᠠᠩᠭᠠᠬᠰᠠᠨ ᠪᠠᠶᠢᠨ᠎ᠠ᠃
ᠬᠠᠤᠯᠢ ᠶᠢᠨ ᠴᠠᠭᠳᠠᠭᠠᠨ ᠤ ᠠᠵᠢᠯ ᠢᠯᠡᠳᠳᠡ ᠳᠠᠪᠰᠢᠯᠳᠠ ᠲᠠᠢ ᠪᠠᠶᠢᠵᠤ᠂ ᠦᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠠᠴᠠ ᠠᠩᠬᠢ ᠬᠤᠪᠢᠶᠠᠬᠰᠠᠨ ᠬᠠᠮᠢᠶᠠᠷᠤᠯᠳᠠ ᠶᠢᠨ ᠵᠢᠱᠢᠶᠡᠴᠢ ᠨᠢᠬᠡᠴᠢ ᠪᠠᠷ ᠨᠡᠷᠡᠶᠢᠳᠦᠭᠳᠡᠭᠰᠡᠨ ᠨᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠠᠣᠯᠢ ᠶᠢᠨ ᠴᠠᠭᠳᠠᠭᠠᠨ ᠤ ᠶᠡᠭᠡ ᠠᠩᠬᠢ ᠶᠢᠨ 2015 ᠤᠨ ᠳᠤ ᠬᠠᠤᠯᠢ ᠶᠢᠨ ᠴᠠᠬᠳᠠᠭ᠎ᠠ ᠶᠢᠨ ᠡᠬᠦᠷᠬᠡ ᠬᠠᠷᠢᠭᠤᠴᠠᠯᠭ᠎ᠠ ᠪᠠᠨ ᠪᠦᠬᠦ ᠳᠠᠯ᠎ᠠ ᠪᠠᠷ ᠬᠦᠢᠴᠡᠳᠬᠡᠵᠦ᠂ ᠡᠷᠡᠬᠦᠦ ᠶᠢᠨ ᠬᠡᠷᠡᠭ ᠤᠨ ᠵᠠᠷᠭᠤ ᠶᠢᠨ ᠠᠵᠢᠯᠯᠠᠭ᠎ᠠ ᠳᠤ ᠤᠷᠤᠯᠴᠠᠵᠤ᠂ ᠬᠡᠷᠡᠭ ᠰᠢᠳᠬᠡᠬᠦ ᠠᠶᠤᠯᠬᠦᠢ ᠶᠢ ᠪᠠᠳᠤᠯᠠᠵᠤ᠂ ᠪᠠᠶᠢᠴᠠᠭᠠᠬᠤ ᠠᠵᠢᠯ ᠤᠨ ᠡᠮᠬᠢ ᠳᠢᠭᠯᠢᠮ ᠢ ᠬᠠᠮᠠᠭᠠᠯᠠᠨ᠂ ᠪᠠᠶᠢᠴᠠᠭᠠᠬᠤ ᠠᠵᠢᠯ ᠳᠤ ᠦᠢᠯᠡᠴᠢᠯᠡᠵᠦ ᠪᠠᠶᠢᠭ᠎ᠠ ᠳᠤ ᠬᠦᠢᠴᠡᠳ ᠨᠤᠳᠠᠯᠠᠯᠳᠠ ᠥᠭᠭᠦᠭᠰᠡᠨ ᠪᠠᠶᠢᠨ᠎ᠠ᠃