ᠪᠦᠷᠢᠨ ᠬᠤᠪᠢ ᠪᠠᠷ ᠮᠡᠳᠡᠷᠡᠭᠳᠡᠭᠰᠡᠨ ᠳᠥᠷᠪᠡᠨ ᠬᠤᠪᠢ ᠬᠡᠮᠡᠷᠯᠢᠭ ᠲᠤᠭ ᠂ ︽ᠯᠣᠣ ᠲᠢᠶᠠᠨ ᠤ ᠠᠵᠢᠯᠯᠠᠬᠤ ᠦᠷᠦᠭᠡ︾ ᠦᠨᠡᠨ ᠰᠡᠳᠬᠢᠯᠭᠡ ᠪᠠᠷ ︽ᠠᠷᠠᠳ ᠲᠦᠮᠡᠨ ᠡᠷᠬᠢᠮ ᠳᠡᠭᠡᠳᠦ︾ ᠭᠡᠬᠦ ᠤᠯᠠ ᠮᠥᠷ ᠢ ᠰᠡᠶᠢᠯᠪᠡ
︽ᠪᠠᠭᠤᠷᠠᠢ ᠶᠢ ᠠᠪᠤᠷᠠᠵᠤ᠂ ᠬᠥᠮᠥᠨ ᠤ ᠡᠷᠬᠡ ᠶᠢ ᠬᠠᠮᠠᠭᠠᠯᠠᠨ᠎ᠠ ᠃ ᠨᠠᠮ ᠤᠨ ᠰᠡᠳᠬᠢᠯ ᠳᠤ ᠨᠡᠶᠢᠴᠡᠵᠦ᠂ ᠠᠷᠠᠳ ᠤᠨ ᠰᠠᠨᠠᠭᠠᠨ ᠳᠤ ᠨᠡᠶᠢᠴᠡᠭᠦᠯᠦᠨ᠎ᠡ᠃︾
︽ᠤᠯᠤᠰ ᠤᠨ ᠪᠣᠳᠣᠯᠭ᠎ᠠ ᠶᠢ ᠦᠨᠡᠨ ᠰᠡᠳᠬᠢᠯᠭᠡ ᠪᠠᠷ ᠳᠠᠮᠵᠢᠭᠤᠯᠵᠤ᠂ ᠠᠪᠤᠷᠠᠨ ᠲᠤᠰᠠᠯᠠᠬᠤ ᠪᠣᠯ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ︾᠃
︽ᠬᠠᠤᠯᠢ ᠶᠣᠰᠣᠭᠠᠷ ᠠᠷᠠᠳ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠨᠢ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ︾᠃
︽ᠬᠠᠣᠯᠢ ᠪᠠᠷ ᠠᠷᠠᠳ ᠤᠨ ᠬᠦᠴᠢᠷᠳᠡᠯ ᠢ ᠲᠠᠢᠯᠠᠵᠤ ᠂ ᠬᠠᠤᠯᠢ ᠶᠢᠨ ᠲᠤᠰᠠᠯᠠᠮᠵᠢ ᠪᠠᠷ ᠠᠷᠠᠳ ᠢ ᠳᠤᠯᠠᠭᠠᠴᠠᠭᠤᠯᠠᠨᠠ᠃︾
ᠬᠡᠮᠡᠷᠯᠢᠭ ᠲᠤᠭ ᠳᠡᠭᠡᠷᠡᠬᠢ ᠦᠭᠡ ᠨᠦᠭᠦᠳ ᠪᠣᠯ ᠴᠥᠮ ︽ᠯᠣᠣ ᠲᠢᠶᠠᠨ ᠤ ᠠᠵᠢᠯᠯᠠᠬᠤ ᠲᠠᠰᠤᠭ︾ ᠤᠨ ᠤᠳᠠᠯ ᠦᠭᠡᠢ ᠥᠩᠭᠡᠷᠡᠬᠦ ᠨᠢᠭᠡ ᠵᠢᠯ ᠤᠨ ᠳᠣᠲᠣᠷ᠎ᠠ ᠬᠠᠤᠯᠢ ᠪᠠᠷᠢᠬᠤ ᠠᠵᠢᠯ ᠢ ᠭᠦᠨᠵᠡᠭᠡᠢ ᠬᠢᠵᠦ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠷᠢᠮᠲᠠᠯᠠᠨ᠂ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠠᠷᠢᠯᠭᠠᠬᠤ ᠶᠠᠪᠤᠳᠠᠯ ᠢ ᠲᠦᠯᠬᠢᠨ ᠠᠬᠢᠭᠤᠯᠵᠤ᠂ ᠠᠷᠠᠳ ᠢᠷᠭᠡᠳ ᠤᠨ ᠠᠮᠤᠷ ᠵᠢᠮᠤᠷ ᠠᠵᠤ ᠲᠦᠷᠦᠭᠦ ᠶᠢ ᠬᠠᠮᠠᠭᠠᠯᠠᠭᠰᠠᠨ ᠬᠠᠮᠤᠭ ᠤᠨ ᠰᠠᠶᠢᠨ ᠲᠠᠶᠢᠯᠪᠤᠷᠢᠯᠠᠯᠲᠠ ᠪᠠ ᠬᠠᠮᠤᠭ ᠤᠨ ᠶᠡᠭᠡ ᠵᠥᠪᠰᠢᠶᠡᠷᠡᠯ ᠪᠣᠯᠣᠨ᠎ᠠ᠃
ᠡᠨᠡ ᠵᠢᠯ ᠠᠴᠠ ᠨᠠᠰᠢ᠂ ︽ᠯᠣᠣ ᠲᠢᠶᠠᠨ ᠤ ᠠᠵᠢᠯᠯᠠᠬᠤ ᠲᠠᠰᠤᠭ︾ ᠨᠢ ᠦᠨᠳᠦᠰᠦᠨ ᠱᠠᠲᠤᠨ ᠤ ᠪᠠᠶᠢᠴᠠᠭᠠᠬᠤ ᠪᠠᠶᠢᠭᠤᠯᠤᠯᠭ᠎ᠠ ᠶᠢᠨ ᠠᠷᠠᠳ ᠣᠯᠠᠨ ᠲᠠᠢ ᠨᠢᠭᠲᠠ ᠬᠠᠷᠢᠯᠴᠠᠬᠤ ︽ᠬᠤᠯᠪᠣᠭ᠎ᠠ ᠬᠥᠭᠦᠷᠭᠡ︾ ᠪᠣᠯᠤᠭᠰᠠᠨ ᠤ ᠬᠤᠪᠢ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠪᠢ ᠣᠯᠠᠨ ᠲᠦᠮᠡᠨ ᠢ ᠳᠣᠲᠣᠨᠣ ᠬᠥᠮᠥᠨ ᠢᠶᠠᠨ ᠪᠣᠯᠭᠠᠬᠤ︾ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠵᠠᠬᠢᠳᠠᠯ ᠰᠣᠷᠪᠤᠯᠵᠢᠯᠠᠭ᠎ᠠ ᠶᠢᠨ ᠣᠨᠣᠯᠵᠢᠬᠤᠨ ᠢ ᠪᠠᠲᠤ ᠪᠤᠶ ᠪᠣᠯᠭᠠᠵᠤ᠂ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠢᠮᠠᠭᠲᠠ ᠭᠡᠷ ᠤᠨ ᠬᠥᠮᠥᠰ ᠬᠡᠮᠡᠨ ᠪᠤᠳᠤᠵᠤ᠂ ᠤᠯᠠᠨ ᠲᠦᠮᠡᠨ ᠤ ᠢᠷᠡᠭᠦᠯᠦᠭᠰᠡᠨ ᠵᠠᠬᠢᠳᠠᠯ ᠢ ᠭᠡᠷ ᠤᠨ ᠵᠠᠬᠢᠳᠠᠯ ᠬᠡᠮᠡᠨ ᠦᠵᠡᠵᠦ᠂ ᠤᠯᠠᠨ ᠲᠦᠮᠡᠨ ᠤ ᠶᠠᠪᠤᠳᠠᠯ ᠢ ᠭᠡᠷ ᠤᠨ ᠶᠠᠪᠤᠳᠠᠯ ᠬᠡᠮᠡᠨ ᠲᠤᠩᠭᠠᠵᠤ᠂ ᠢᠯᠡ ᠲᠣᠳᠣ ᠠᠷᠭ᠎ᠠ ᠬᠡᠯᠪᠡᠷᠢ ᠪᠠᠷ ᠤᠯᠠᠨ ᠲᠦᠮᠡᠨ ᠳᠤ ᠲᠥᠪ ᠭᠤᠣᠯᠴᠢ ᠰᠢᠳᠤᠷᠭᠤ ᠶᠣᠰᠣ ᠳᠡᠷᠭᠡᠳᠡ ᠨᠢ ᠪᠠᠶᠢᠬᠤ ᠶᠢ ᠮᠡᠳᠡᠷᠡᠭᠦᠯᠵᠦ᠂ ᠵᠠᠭᠠᠯᠳᠤᠯᠭ᠎ᠠ ᠭᠤᠮᠣᠳᠠᠯ ᠲᠣᠭᠠᠴᠢᠯᠲᠠ ᠶᠢ ᠪᠠᠶᠢᠴᠠᠭᠠᠬᠤ ᠠᠵᠢᠯ ᠤᠨ ᠮᠠᠷᠲᠠᠭᠳᠠᠰᠢ ᠦᠭᠡᠢ ᠮᠠᠰᠢ ᠤᠯᠠᠨ ᠳᠤᠷᠠᠳᠬᠠᠯ ᠨᠢ ᠬᠠᠯᠠᠭᠤᠨ ᠳᠤᠯᠠᠭᠠᠨ ᠬᠦᠴᠦᠨ ᠴᠢᠳᠠᠯ ᠢ ᠨᠢᠭᠲᠠᠷᠠᠭᠤᠯᠵᠤ᠂ ᠨᠢᠭᠡ ᠰᠡᠳᠬᠢᠯ ᠢᠶᠠᠷ ᠠᠷᠠᠳ ᠤᠨ ᠲᠥᠯᠥᠭᠡ ᠪᠠᠶᠢᠴᠠᠭᠠᠬᠤ ᠠᠵᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠵᠠᠮ ᠳᠡᠭᠡᠷ᠎ᠡ ᠭᠡᠷᠡᠯ ᠭᠢᠯᠪᠠᠭ᠎ᠠ ᠪᠠᠨ ᠰᠠᠴᠤᠷᠠᠭᠤᠯᠪᠠ᠃
ᠪᠠᠶᠢᠴᠠᠭᠠᠬᠤ ᠠᠷᠠᠳ ᠤᠨ ᠬᠠᠷᠢᠴᠠᠭ᠎ᠠ ᠶᠢ ᠨᠢᠭᠲᠠᠷᠠᠭᠤᠯᠵᠤ ᠠᠷᠠᠳ ᠢ ᠳᠣᠲᠣᠨᠣᠴᠢᠯᠠᠬᠤ ᠪᠠᠶᠢᠴᠠᠭᠠᠬᠤ ᠠᠵᠢᠯ ᠤᠨ ᠲᠠᠰᠤᠭ ᠢ ᠪᠠᠶᠢᠭᠤᠯᠤᠨ᠎ᠠ
︽ᠠᠷᠠᠳ ᠲᠦᠮᠡᠨ ᠪᠣᠯ ᠲᠡᠭᠷᠢ᠂ ᠠᠷᠠᠳ ᠲᠦᠮᠡᠨ ᠪᠣᠯ ᠭᠠᠵᠠᠷ ᠰᠢᠷᠣᠢ᠂ ᠠᠷᠠᠳ ᠲᠦᠮᠡᠨ ᠤ ᠶᠠᠪᠤᠳᠠᠯ ᠪᠣᠯ ᠲᠡᠭᠷᠢ ᠶᠢᠨ ᠶᠡᠭᠡ ᠶᠠᠪᠤᠳᠠᠯ︾᠃ ᠣᠶᠢᠷ᠎ᠠ ᠶᠢᠨ ᠵᠢᠯ ᠠᠴᠠ᠂ ᠢᠦᠢ ᠴᠢᠤᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠵᠥᠷᠢᠴᠡᠯ ᠢ ᠦᠨᠳᠦᠰᠦᠨ ᠱᠠᠲᠤᠨ ᠳᠤ ᠨᠠᠮᠳᠠᠭᠤᠯᠬᠤ ᠪᠠᠷ ᠬᠦᠴᠦᠯᠡᠨ ᠴᠢᠷᠮᠠᠶᠢᠬᠤ ᠶᠢ ᠪᠠᠷᠢᠮᠲᠠᠯᠠᠵᠤ᠂ 2016 ᠣᠨ ᠳᠤ ᠠᠩᠬ᠎ᠠ ᠤᠳᠠᠭ᠎ᠠ ᠬᠠᠤᠯᠢᠴᠢ ᠶᠢ ᠣᠷᠣᠭᠤᠯᠤᠨ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠨᠠᠮᠳᠠᠭᠤᠯᠬᠤ ᠳᠤ ᠣᠷᠣᠯᠴᠠᠭᠤᠯᠵᠤ᠂ ᠰᠠᠶᠢᠨ ᠬᠤᠷᠰᠢᠯᠴᠠᠭᠰᠠᠨ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ ︽ᠪᠠᠶᠢᠴᠠᠭᠠᠬᠤ ᠪᠠ ᠬᠠᠤᠯᠢ ᠴᠠᠭᠠᠵᠠ ᠶᠢ ᠵᠣᠬᠢᠴᠠᠭᠤᠯᠬᠤ︾ ᠵᠥᠷᠢᠴᠡᠯ ᠢ ᠨᠠᠮᠳᠠᠭᠤᠯᠬᠤ ᠠᠵᠢᠯ ᠤᠨ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠪᠠ᠃
2023 ᠣᠨ ᠤ 3 ᠰᠠᠷ᠎ᠠ ᠳᠤ᠂ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ ︽ᠢᠦᠢ ᠴᠢᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠦᠷᠳᠡᠭᠡ︾ ᠪᠠᠶᠢᠭᠤᠯᠵᠤ᠂ ᠥᠪᠥᠷ ᠮᠣᠩᠭᠤᠯ ᠤᠨ ᠰᠢᠦ ᠾᠧ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠠᠢ ︽ᠬᠠᠤᠯᠢ ᠴᠠᠭᠠᠵᠠ ᠶᠢᠨ ᠦᠢᠯᠡᠴᠢᠯᠡᠭᠡᠨ ᠤ ᠭᠡᠷ᠎ᠡ︾ ᠲᠣᠭᠲᠠᠵᠤ᠂ ᠵᠢᠵᠢᠭᠦᠷᠯᠡᠬᠦ ᠬᠠᠤᠯᠢᠴᠢ ᠶᠢᠨ ᠳᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠬᠢᠭᠰᠡᠳ ᠤᠨ ᠭᠤᠮᠣᠳᠠᠯ ᠲᠣᠭᠠᠴᠢᠬᠤ ᠳᠤ ᠬᠦᠴᠢᠷᠲᠡᠢ᠂ ᠰᠢᠢᠳᠪᠦᠷᠢᠯᠡᠬᠦ ᠳᠤ ᠬᠦᠴᠢᠷ ᠠᠰᠠᠭᠤᠳᠠᠯ ᠢ ᠬᠠᠮᠲᠤᠪᠠᠷ ᠰᠢᠢᠳᠪᠦᠷᠢᠯᠡᠵᠦ᠂ ᠵᠥᠷᠢᠴᠡᠯ ᠢ ︽ᠤᠨᠢᠨ ᠳᠡᠭᠡᠷ᠎ᠡ ᠨᠢ ᠵᠠᠳᠠᠯᠬᠤ︾ ᠶᠢ ᠪᠡᠶᠡᠯᠡᠭᠦᠯᠵᠦ᠂ ︽ᠨᠢᠭᠡ ᠦᠷᠳᠡᠭᠡ ᠶᠢᠨ ᠬᠡᠯᠪᠡᠷᠢ︾ ᠶᠢᠨ ᠵᠥᠷᠢᠴᠡᠯ ᠢ ᠰᠢᠢᠳᠪᠦᠷᠢᠯᠡᠬᠦ ᠬᠠᠮ ᠠᠷᠭ᠎ᠠ ᠪᠠᠷᠢᠯ ᠢ ᠰᠠᠶᠢᠲᠤᠷ ᠬᠡᠷᠡᠭᠯᠡᠵᠡᠢ᠃
ᠨᠠᠮ ᠤᠨ ᠬᠤᠷᠢᠳᠤᠭᠠᠷ ᠶᠡᠭᠡ ᠬᠤᠷᠠᠯ ᠤᠨ ᠳᠠᠷᠠᠭ᠎ᠠ᠂ ︽ᠪᠢ ᠣᠯᠠᠨ ᠲᠦᠮᠡᠨ ᠢ ᠳᠣᠲᠣᠨᠣ ᠬᠥᠮᠥᠨ ᠢᠶᠠᠨ ᠪᠣᠯᠭᠠᠬᠤ︾ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠵᠠᠬᠢᠳᠠᠯ ᠰᠣᠷᠪᠤᠯᠵᠢᠯᠠᠭ᠎ᠠ ᠶᠢᠨ ᠣᠨᠣᠯᠵᠢᠬᠤᠨ ᠢ ᠤᠯᠠᠮ ᠨᠢᠭᠡ ᠠᠯᠬᠤᠮ ᠪᠠᠲᠤᠳᠬᠠᠬᠤ ᠶᠢᠨ ᠲᠥᠯᠥᠭᠡ᠂ ᠪᠠᠶᠢᠴᠠᠭᠠᠬᠤ ᠠᠷᠠᠳ ᠤᠨ ᠬᠠᠷᠢᠴᠠᠭ᠎ᠠ ᠳᠤ ᠣᠷᠣᠵᠤ᠂ ᠢᠦᠢ ᠴᠢᠤᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠴᠢᠩ ᠰᠡᠳᠬᠢᠯ ᠠᠴᠠ ᠪᠠᠨ ︽ᠯᠣᠣ ᠲᠢᠶᠠᠨ ᠤ ᠠᠵᠢᠯᠯᠠᠬᠤ ᠲᠠᠰᠤᠭ︾ ᠢ ᠪᠠᠶᠢᠭᠤᠯᠵᠤ᠂ ᠠᠵᠢᠯᠯᠠᠬᠤ ᠲᠠᠰᠤᠭ ᠤᠨ ᠵᠣᠷᠢᠯᠭ᠎ᠠ ᠨᠢ ᠨᠢᠭᠤᠷᠳᠠᠬᠤ ᠬᠡᠯᠪᠡᠷᠢ ᠪᠠᠷ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠰᠠᠨᠠᠭ᠎ᠠ ᠶᠢ ᠰᠤᠷᠪᠤᠯᠵᠢᠯᠠᠵᠤ᠂ ᠠᠷᠠᠳ ᠤᠨ ᠠᠰᠢᠭ ᠲᠤᠰᠠ ᠶᠢ ᠬᠠᠮᠠᠭᠠᠯᠠᠵᠤ᠂ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠰᠡᠳᠬᠢᠯ ᠢ ᠨᠢᠭᠲᠠᠷᠠᠭᠤᠯᠵᠤ᠂ ᠤᠯᠠᠨ ᠲᠦᠮᠡᠨ ᠳᠤ ᠳᠣᠲᠣᠨᠣᠰᠤᠭ᠂ ᠬᠦᠨᠳᠦᠳᠬᠡᠯ ᠪᠠ ᠰᠠᠨᠠᠭ᠎ᠠ ᠠᠮᠤᠷ ᠪᠠᠶᠢᠬᠤ ᠶᠢ ᠦᠨᠡᠨ ᠬᠦ ᠮᠡᠳᠡᠷᠡᠭᠦᠯᠬᠦ ᠶᠢᠨ ᠬᠠᠮᠲᠤ ᠵᠠᠬᠢᠳᠠᠯ ᠰᠣᠷᠪᠤᠯᠵᠢᠯᠠᠭ᠎ᠠ ᠶᠢᠨ ᠤᠯᠠᠨ ᠲᠦᠮᠡᠨ ᠢ ᠵᠥᠪ ᠢᠶᠠᠷ ᠬᠥᠲᠥᠯᠥᠨ ᠵᠢᠯᠤᠭᠤᠳᠴᠤ ᠪᠠᠶᠢᠭᠠᠳ ᠭᠤᠮᠣᠳᠠᠯ ᠱᠠᠭᠠᠷᠳᠠᠯᠭ᠎ᠠ ᠪᠠᠨ ᠣᠶᠤᠨᠴᠢ ᠪᠠᠷ ᠬᠠᠤᠯᠢ ᠶᠣᠰᠣᠭᠠᠷ ᠢᠯᠡᠳᠬᠡᠵᠦ᠂ ︽ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ︾ ᠰᠠᠶᠢᠨ ᠰᠠᠶᠢᠬᠠᠨ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠤᠢ ᠪᠣᠯᠭᠠᠵᠤ᠂ ᠠᠵᠢᠯᠯᠠᠬᠤ ᠲᠠᠰᠤᠭ ᠢ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠬᠤ ︽ᠠᠰᠠᠭᠤᠵᠤ ᠣᠨᠣᠰᠢᠯᠠᠬᠤ ᠲᠠᠰᠤᠭ︾᠂ ᠹᠧᠩ ᠴᠢᠶᠣᠤ ᠶᠢᠨ ᠲᠤᠷᠰᠢᠯᠭ᠎ᠠ ᠶᠢᠨ ︽ᠳᠡᠯᠭᠡᠷᠡᠭᠦᠯᠬᠦ ᠦᠷᠳᠡᠭᠡ︾᠂ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ︽ᠡᠴᠦᠰ ᠤᠨ ᠦᠷᠳᠡᠭᠡ︾ ᠪᠣᠯᠭᠠᠬᠤ ᠪᠠᠷ ᠴᠢᠷᠮᠠᠶᠢᠨ᠎ᠠ᠃
︽ᠪᠢᠳᠠ ᠢᠯᠡᠭᠦᠦ ᠨᠢᠭᠡ ᠭᠠᠵᠠᠷ ᠶᠠᠪᠤᠵᠤ᠂ ᠤᠯᠠᠨ ᠲᠦᠮᠡᠨ ᠳᠤᠲᠠᠭᠤ ᠨᠢᠭᠡ ᠤᠳᠠᠭ᠎ᠠ ᠭᠦᠶᠦᠯᠴᠡᠨᠡ︾᠃
︽ᠯᠣᠣ ᠲᠢᠶᠠᠨ ᠤ ᠠᠵᠢᠯᠯᠠᠬᠤ ᠲᠠᠰᠤᠭ︾ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠠᠪᠤᠴᠠ ᠳᠤ ᠨᠡᠶᠢᠭᠡᠮ ᠤᠨ ᠡᠶ᠎ᠡ ᠵᠣᠬᠢᠴᠠᠯ ᠢ ᠰᠠᠬᠢᠨ ᠬᠠᠮᠠᠭᠠᠯᠠᠵᠤ᠂ ᠠᠷᠠᠳ ᠤᠯᠠᠨ ᠤ ᠠᠮᠤᠷ ᠵᠢᠮᠤᠷ ᠠᠵᠤ ᠲᠦᠷᠦᠭᠦ ᠶᠢ ᠬᠠᠮᠠᠭᠠᠯᠠᠵᠤ᠂ ᠪᠠᠶᠢᠴᠠᠭᠠᠬᠤ ᠬᠦᠴᠦᠨ ᠢᠶᠠᠷ ᠵᠠᠬᠢᠳᠠᠯ ᠰᠣᠷᠪᠤᠯᠵᠢᠯᠠᠭ᠎ᠠ ᠶᠢᠨ ᠤᠯᠠᠨ ᠲᠦᠮᠡᠨ ᠤ ᠣᠶᠤᠨᠴᠢ ᠪᠠᠷ ᠬᠠᠤᠯᠢ ᠶᠣᠰᠣ ᠪᠠᠷ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠶᠢ ᠵᠥᠪ ᠢᠶᠠᠷ ᠬᠥᠲᠥᠯᠥᠨ ᠵᠢᠯᠤᠭᠤᠳᠴᠤ᠂ ᠵᠠᠬᠢᠳᠠᠯ ᠰᠣᠷᠪᠤᠯᠵᠢᠯᠠᠭ᠎ᠠ ᠶᠢᠨ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠠᠷᠠᠳ ᠤᠯᠠᠨ ᠳᠤ ᠳᠣᠲᠣᠨᠣ᠂ ᠬᠦᠨᠳᠦᠳᠬᠡᠯ ᠪᠠ ᠰᠠᠨᠠᠭ᠎ᠠ ᠠᠮᠤᠷ ᠪᠠᠶᠢᠬᠤ ᠶᠢ ᠮᠡᠳᠡᠷᠡᠭᠦᠯᠵᠦ᠂ ᠨᠡᠶᠢᠭᠡᠮ ᠤᠨ ᠬᠤᠷᠢᠭ᠎ᠠ ᠱᠤᠭᠤᠮ ᠤᠨ ᠠᠮᠤᠷ ᠲᠦᠪᠰᠢᠨ ᠤ ᠲᠣᠣᠷ ᠢ ᠪᠠᠲᠤ ᠪᠠᠶᠢᠭᠤᠯᠬᠤ ᠨᠢ ᠨᠢᠭᠡᠨᠲᠡ ᠢᠦᠢ ᠴᠢᠤᠸᠠᠨ ᠤ ᠪᠠᠶᠢᠴᠠᠭᠠᠬᠤ ᠠᠵᠢᠯ ᠤᠨ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠪᠠ ︽ᠠᠷᠠᠳ ᠤᠨ ᠰᠡᠳᠬᠢᠯ ᠤᠨ ᠢᠨᠵᠧᠨᠧᠷᠢᠩ︾ ᠤᠨ ᠰᠢᠨ᠎ᠡ ᠦᠯᠢᠭᠡᠷ ᠳᠠᠭᠤᠷᠢᠶᠠᠯ ᠪᠣᠯᠤᠭᠰᠠᠨ ᠪᠠᠶᠢᠨ᠎ᠠ᠃
ᠬᠤᠩ ᠣᠪᠣᠭᠲᠤ ᠪᠣᠯ ᠾᠧᠨᠠᠨ ᠮᠤᠵᠢ ᠶᠢᠨ ᠹᠦ᠋ ᠭᠧᠦ ᠰᠢᠶᠠᠨ ᠳᠤ ᠰᠠᠭᠤᠵᠤ ᠪᠠᠶᠢᠭ᠎ᠠ ᠵᠡᠮᠳᠡᠭ ᠡᠮᠡᠭᠲᠡᠢ ᠶᠤᠮ᠃ ᠬᠤᠶᠠᠷ ᠨᠢᠯᠬ᠎ᠠ ᠬᠡᠦᠬᠡᠳ ᠢ ᠥᠰᠬᠡᠨ ᠪᠣᠶᠢᠵᠢᠭᠤᠯᠵᠠᠢ᠃ 2023 ᠣᠨ ᠤ 1 ᠰᠠᠷ᠎ᠠ ᠳᠤ ᠬᠤᠩ ᠣᠪᠣᠭᠲᠤ ᠶᠢᠨ ᠡᠷ᠎ᠡ ᠨᠥᠬᠦᠷ ᠵᠧᠩ ᠣᠪᠣᠭᠲᠤ ᠬᠥᠬᠡᠬᠤᠲᠠ ᠶᠢᠨ ᠢᠦᠢ ᠴᠢᠤᠸᠠᠨ ᠲᠣᠭᠤᠷᠢᠭ ᠲᠤ ᠵᠠᠮ ᠬᠠᠷᠢᠯᠴᠠᠭᠠᠨ ᠤ ᠠᠳᠡᠯ ᠢᠶᠠᠷ ᠥᠩᠭᠡᠷᠡᠵᠥ᠂ ᠬᠡᠷᠡᠭ ᠭᠠᠷᠭᠠᠭᠰᠠᠨ ᠵᠢᠯᠣᠭᠤᠴᠢ ᠳᠤ ᠲᠥᠯᠥᠬᠦ ᠴᠢᠳᠠᠪᠤᠷᠢ ᠦᠭᠡᠢ᠂ ᠢᠦᠢ ᠴᠢᠤᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠰᠦᠪᠡᠭᠴᠢ ᠶᠢ ᠪᠠᠶᠢᠴᠠᠭᠠᠬᠤ ᠦᠶ᠎ᠡ ᠳᠤ ᠡᠨᠡ ᠬᠦ ᠪᠠᠶᠢᠳᠠᠯ ᠢ ᠣᠯᠵᠤ ᠮᠡᠳᠡᠭᠰᠡᠨ ︽ᠯᠣᠣ ᠲᠢᠶᠠᠨ ᠤ ᠠᠵᠢᠯᠯᠠᠬᠤ ᠲᠠᠰᠤᠭ︾ ᠤᠨ ᠪᠠᠶᠢᠴᠠᠭᠠᠬᠤ ᠠᠵᠢᠯᠲᠠᠳ ᠠᠯᠤᠰ ᠬᠤᠯᠠ ᠠᠴᠠ ᠾᠧᠨᠠᠨ ᠮᠤᠵᠢ ᠶᠢᠨ ᠹᠦ᠋ ᠭᠧᠦ ᠰᠢᠶᠠᠨ ᠳᠤ ᠬᠦᠷᠴᠦ ᠪᠠᠶᠢᠴᠠᠭᠠᠨ ᠬᠠᠷᠭᠤᠭᠤᠯᠤᠭᠠᠳ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠵᠢᠷᠤᠮ ᠢ ᠴᠠᠭ ᠲᠤᠬᠠᠢ ᠳᠤᠨᠢ ᠡᠬᠢᠯᠡᠭᠦᠯᠵᠦ᠂ ᠬᠤᠩ ᠣᠪᠣᠭᠲᠤ ᠶᠢᠨ ᠨᠢᠭᠡ ᠭᠡᠷ ᠲᠤ 5 ᠲᠦᠮᠡᠨ ᠲᠥᠭᠦᠷᠢᠭ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠮᠥᠩᠭᠦ ᠣᠯᠭᠤᠬᠤ ᠶᠢᠨ ᠬᠠᠮᠲᠤ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠬᠠᠮᠲᠤᠷᠠᠨ ᠬᠥᠳᠡᠯᠦᠯᠴᠡᠬᠦ ᠵᠢᠷᠤᠮ ᠢ ᠡᠬᠢᠯᠡᠭᠦᠯᠵᠦ᠂ ᠲᠤᠬᠠᠢ ᠶᠢᠨ ᠭᠠᠵᠠᠷ ᠤᠨ ᠪᠠᠶᠢᠴᠠᠭᠠᠬᠤ ᠬᠤᠷᠢᠶ᠎ᠠ ᠲᠠᠢ ᠬᠠᠷᠢᠯᠴᠠᠵᠤ ᠬᠤᠩ ᠣᠪᠣᠭᠲᠤ ᠶᠢ ᠬᠠᠮᠵᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠠᠷᠠᠭᠠᠯᠵᠠᠯ ᠢ ᠰᠢᠢᠳᠪᠦᠷᠢᠯᠡᠪᠡ᠂ ᠡᠭᠦᠨ ᠠᠴᠠ ᠡᠬᠢᠯᠡᠨ ︽ᠪᠠᠶᠢᠴᠠᠭᠠᠬᠤ ᠠᠵᠢᠯ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠪᠠᠷ ᠡᠮᠡᠭᠲᠡᠶᠢᠴᠦᠳ᠂ ᠬᠡᠦᠬᠡᠳ᠂ ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ︾ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠬᠡᠷᠡᠭ ᠢ ᠳᠠᠭᠤᠰᠬᠠᠪᠠ᠃ ︽ᠯᠣᠣ ᠲᠢᠶᠠᠨ ᠤ ᠠᠵᠢᠯᠯᠠᠬᠤ ᠲᠠᠰᠤᠭ︾ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠣᠨᠣᠯᠵᠢᠬᠤᠨ ︽ᠪᠢᠳᠡ ᠢᠯᠡᠭᠦᠦ ᠨᠢᠭᠡ ᠭᠠᠵᠠᠷ ᠶᠠᠪᠤᠵᠤ᠂ ᠤᠯᠠᠨ ᠲᠦᠮᠡᠨ ᠳᠤᠲᠠᠭᠤ ᠨᠢᠭᠡ ᠤᠳᠠᠭ᠎ᠠ ᠭᠦᠶᠦᠬᠦ︾ ᠶᠢ ᠳᠠᠬᠢᠨᠲᠠ ᠦᠢᠯᠡᠳᠦᠯᠭᠡᠵᠢᠭᠦᠯᠪᠡ᠃
ᠣᠶᠢᠷ᠎ᠠ ᠶᠢᠨ ᠭᠤᠷᠪᠠᠨ ᠵᠢᠯ ᠳᠤ᠂ ︽ᠯᠣᠣ ᠲᠢᠶᠠᠨ ᠤ ᠠᠵᠢᠯᠯᠠᠬᠤ ᠲᠠᠰᠤᠭ︾ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠬᠡᠷᠡᠭ ᠢ ᠨᠡᠶᠢᠲᠡ 40 ᠬᠤᠪᠢ ᠰᠢᠢᠳᠪᠦᠷᠢᠯᠡᠪᠡ︔ ᠬᠡᠷᠡᠭ ᠤᠨ ᠬᠠᠷᠠᠭ᠎ᠠ ᠪᠠᠷ ᠶᠠᠳᠠᠭᠤᠷᠠᠭᠰᠠᠨ᠂ ᠬᠡᠷᠡᠭ ᠤᠨ ᠬᠠᠷᠠᠭ᠎ᠠ ᠪᠠᠷ ᠳᠠᠬᠢᠨ ᠶᠠᠳᠠᠭᠤᠷᠠᠭᠰᠠᠨ ᠵᠡᠷᠭᠡ 48 ᠬᠦᠴᠢᠷᠳᠡᠯᠲᠡᠢ ᠡᠲᠡᠭᠡᠳ ᠢ ᠠᠪᠤᠷᠠᠨ ᠲᠤᠰᠠᠯᠠᠵᠤ᠂ 40.2 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠲᠠᠷᠬᠠᠭᠠᠪᠠ᠃
ᠵᠠᠬᠢᠳᠠᠯ ᠰᠣᠷᠪᠤᠯᠵᠢᠯᠠᠭ᠎ᠠ ᠶᠢᠨ ᠬᠦᠯᠢᠶᠡᠨ ᠠᠪᠬᠤ ᠣᠨᠣᠯᠵᠢᠬᠤᠨ ᠢ ᠰᠢᠨᠡᠳᠬᠡᠵᠦ ᠵᠥᠷᠢᠴᠡᠯ ᠵᠠᠭᠤᠷᠠᠯᠳᠤᠭᠠᠨ ᠢ ᠨᠠᠮᠳᠠᠭᠤᠯᠬᠤ ᠳᠤ ᠦᠷ᠎ᠡ ᠪᠦᠲᠦᠮᠵᠢ ᠣᠯᠪᠠ
ᠡᠨᠡ ᠵᠢᠯ ᠠᠴᠠ ᠨᠠᠰᠢ ︽ᠯᠣᠣ ᠲᠢᠶᠠᠨ ᠤ ᠠᠵᠢᠯᠯᠠᠬᠤ ᠲᠠᠰᠤᠭ︾ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢ ᠭᠥᠯᠢᠶᠡᠨ ᠠᠪᠬᠤ ᠠᠵᠢᠯ ᠤᠨ ᠣᠨᠣᠯᠵᠢᠬᠤᠨ ᠢᠶᠠᠨ ᠤᠯᠠᠮ ᠨᠢᠭᠡ ᠠᠯᠬᠤᠮ ᠰᠢᠨᠡᠳᠬᠡᠵᠦ᠂ ᠦᠨᠳᠦᠰᠦᠨ ᠱᠠᠲᠤᠨ ᠤ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠯᠠᠪᠳᠠᠭᠤᠨ ᠢᠶᠠᠷ ᠠᠬᠢᠭᠤᠯᠪᠠ᠃
ᠲᠣᠮᠣ ᠵᠠᠬᠢᠳᠠᠯ ᠰᠣᠷᠪᠤᠯᠵᠢᠯᠠᠭ᠎ᠠ ᠶᠢᠨ ᠪᠠᠶᠢᠷᠢᠰᠢᠯ ᠢ ᠪᠤᠢ ᠪᠣᠯᠭᠠᠨ᠎ᠠ᠃ ᠬᠤᠷᠢᠶᠠᠨ ᠤ ᠵᠠᠬᠢᠳᠠᠯ ᠰᠣᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠠᠷᠢᠭᠤᠴᠠᠯᠭᠠᠲᠤ ᠰᠠᠯᠠᠭ᠎ᠠ ᠮᠥᠴᠢᠷ ᠵᠢᠴᠢ ᠬᠠᠷᠢᠭᠤᠴᠠᠯᠭᠠᠲᠤ ᠤᠳᠤᠷᠢᠳᠤᠯᠭ᠎ᠠ ᠶᠢ ᠲᠣᠳᠣᠷᠬᠠᠶᠢᠯᠠᠵᠤ᠂ ᠬᠤᠷᠢᠶᠠᠨ ᠤ ᠪᠠᠶᠢᠴᠠᠭᠠᠬᠤ ᠳᠠᠷᠤᠭ᠎ᠠ ᠪᠡᠶ᠎ᠡ ᠪᠠᠷ ᠢᠶᠠᠨ ᠪᠠᠶᠢᠷᠢᠯᠠᠭᠤᠯᠵᠤ᠂ ᠰᠣᠷᠪᠤᠯᠵᠢᠯᠠᠭ᠎ᠠ ᠶᠢ ᠲᠦᠷᠦᠭᠦᠯᠡᠨ ᠬᠦᠯᠢᠶᠡᠨ ᠠᠪᠴᠤ᠂ ᠬᠤᠷᠢᠶᠠᠨ ᠤ ᠤᠳᠤᠷᠢᠳᠤᠯᠭ᠎ᠠ ᠪᠦᠭᠦᠳᠡᠭᠡᠷ ᠢᠶᠠᠨ ᠬᠡᠷᠡᠭ ᠢ ᠳᠠᠭᠠᠭᠠᠨ ᠠᠪᠴᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠪᠦᠲᠦᠮᠵᠢᠲᠡᠶ ᠪᠠᠷ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠦᠨᠡᠨ ᠪᠣᠳᠠᠲᠠᠢ ᠪᠠᠷ ᠰᠢᠢᠳᠪᠦᠷᠢᠯᠡᠪᠡ᠃
ᠬᠠᠤᠯᠢ ᠴᠠᠭᠠᠵᠠ ᠶᠢ ᠲᠦᠭᠡᠮᠡᠯᠵᠢᠭᠦᠯᠬᠦ ᠰᠢᠨ᠎ᠡ ᠦᠢᠯᠡᠳᠬᠦᠨ ᠢ ᠪᠤᠢ ᠪᠣᠯᠭᠠᠨ᠎ᠠ᠃ ᠨᠠᠰᠤᠵᠢᠯ ᠤᠨ ᠮᠡᠬᠡᠯᠡᠯ ᠢ ᠰᠡᠷᠭᠡᠶᠢᠯᠡᠬᠦ᠂ ᠵᠠᠯᠭ᠎ᠠ ᠵᠠᠯᠭ᠎ᠠ ᠪᠠᠷ ᠭᠠᠷᠴᠤ ᠪᠠᠶᠢᠭ᠎ᠠ ᠬᠦᠯᠢᠯ ᠤᠨ ᠵᠢᠭᠡᠯᠡᠯᠭᠡ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠨᠡᠶᠢᠭᠡᠮ ᠤᠨ ᠬᠠᠯᠠᠭᠤᠨ ᠴᠡᠭ ᠤᠨ ᠠᠰᠠᠭᠤᠳᠠᠯ ᠢ ᠠᠩᠬᠠᠷᠤᠨ ᠰᠡᠷᠭᠡᠶᠢᠯᠡᠵᠦ᠂ ᠲᠡᠭᠦᠨ ᠤ ᠠᠮᠠᠷᠬᠠᠨ ᠭᠠᠷᠬᠤ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢᠨ ᠴᠡᠭ ᠵᠢᠴᠢ ᠢᠦᠢ ᠴᠢᠤᠸᠠᠨ ᠲᠣᠭᠤᠷᠢᠭ ᠤᠨ ᠬᠥᠳᠡᠭᠡ ᠲᠣᠰᠬᠤᠨ ᠤ ᠬᠥᠮᠥᠨ ᠠᠮᠠ ᠤᠯᠠᠨ᠂ ᠠᠵᠢᠯ ᠮᠡᠷᠭᠡᠵᠢᠯ ᠤᠨ ᠰᠤᠷᠭᠠᠭᠤᠯᠢ ᠤᠯᠠᠨ ᠵᠡᠷᠭᠡ ᠪᠠᠶᠢᠳᠠᠯ ᠳᠤ ᠴᠢᠭᠯᠡᠭᠦᠯᠦᠨ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠰᠢᠰᠲ᠋ᠧᠮ ᠤᠨ ᠬᠢᠴᠢᠶᠡᠯ ᠢ ᠰᠤᠳᠤᠯᠤᠨ ᠦᠢᠯᠡᠳᠴᠦ᠂ ᠠᠷᠠᠳ ᠤᠯᠠᠨ ᠢ ᠬᠠᠪᠰᠤᠷᠤᠨ ᠵᠣᠭᠤᠰ ᠤᠨ ᠪᠣᠭᠴᠣ ᠶᠢ ᠨᠢ ᠰᠠᠬᠢᠭᠤᠯᠵᠤ᠂ ᠵᠣᠯ ᠵᠢᠷᠭᠠᠯᠲᠤ ᠭᠡᠷ ᠪᠦᠯᠢ ᠶᠢ ᠨᠢ ᠰᠠᠶᠢᠲᠤᠷ ᠬᠠᠮᠠᠭᠠᠯᠠᠭᠤᠯᠤᠨ᠎ᠠ᠃
ᠦᠨᠳᠦᠰᠦᠨ ᠱᠠᠲᠤᠨ ᠤ ᠵᠥᠷᠢᠴᠡᠯ ᠢ ᠤᠯᠠᠨ ᠲᠠᠯ᠎ᠠ ᠶᠢᠨ ᠬᠠᠮᠲᠤᠷᠠᠨ ᠬᠥᠳᠡᠯᠦᠯᠴᠡᠬᠦ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠣᠭᠲᠠᠴᠠ ᠶᠢ ᠥᠷᠨᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠤᠯᠠᠨ ᠲᠦᠮᠡᠨ ᠢ ᠰᠠᠨᠠᠭᠠᠴᠢᠯᠠᠭ᠎ᠠ ᠠᠴᠠ ᠪᠠᠨ ᠤᠷᠢᠵᠤ᠂ ᠵᠠᠬᠢᠳᠠᠯ ᠰᠣᠷᠪᠤᠯᠵᠢᠯᠠᠭ᠎ᠠ ᠬᠢᠭᠰᠡᠳ ᠲᠠᠢ ᠨᠢᠭᠤᠷᠳᠠᠨ ᠨᠡᠪᠲᠡᠷᠡᠯᠴᠡᠵᠦ᠂ ᠲᠡᠳᠡᠨ ᠤ ᠬᠠᠤᠯᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠣᠶᠢᠯᠠᠭᠠᠵᠤ᠂ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠤᠨ ᠪᠣᠳᠠᠲᠤ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠬᠠᠤᠯᠢ ᠶᠢ ᠲᠠᠶᠢᠯᠪᠤᠷᠢᠯᠠᠨ ᠶᠣᠰᠣ ᠶᠠᠷᠢᠬᠤ ᠶᠢ ᠭᠦᠢᠴᠡᠳ ᠥᠷᠨᠢᠭᠦᠯᠵᠦ᠂ ᠵᠥᠷᠢᠴᠡᠯ ᠢ ᠴᠤᠬᠤᠶᠢᠵᠤ ᠪᠠᠶᠢᠭ᠎ᠠ ᠦᠶ᠎ᠡ ᠳᠤᠨᠢ ᠴᠢᠷᠮᠠᠶᠢᠨ ᠠᠷᠢᠯᠭᠠᠪᠠ᠃
ᠴᠢᠬᠤᠯᠠ ᠴᠠᠭ ᠤᠨ ᠵᠠᠩᠭᠢᠯᠠᠭ᠎ᠠ ᠶᠢᠨ ᠴᠡᠭ ᠤᠨ ᠵᠠᠬᠢᠳᠠᠯ ᠰᠣᠷᠪᠤᠯᠵᠢᠯᠠᠭ᠎ᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠤ᠂ ︽ᠢᠦᠢ ᠴᠢᠤᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠥᠬᠦ ᠤᠯᠤᠰ ᠤᠨ ︿ᠬᠤᠶᠠᠷ ᠬᠤᠷᠠᠯ﹀ ᠤᠨ ᠲᠣᠭᠲᠠᠭᠤᠨ ᠢ ᠬᠠᠮᠠᠭᠠᠯᠠᠬᠤ ᠠᠮᠤᠷ ᠢ ᠬᠠᠮᠠᠭᠠᠯᠠᠬᠤ ᠠᠵᠢᠯ ᠤᠨ ᠲᠥᠰᠥᠯ︾ ︽ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠵᠠᠬᠢᠳᠠᠯ ᠰᠣᠷᠪᠤᠯᠵᠢᠯᠠᠭ᠎ᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠥᠰᠥᠯ ︵ᠲᠤᠷᠰᠢᠨ ᠬᠡᠷᠡᠭᠵᠢᠭᠦᠯᠬᠦ︶︾ ᠤᠨ ᠠᠵᠢᠯ ᠤᠨ ᠳᠦᠷᠢᠮ ᠢ ᠲᠣᠭᠲᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢ ᠦᠨᠡᠨᠬᠦ ᠪᠠᠲᠤᠯᠠᠵᠤ᠂ ᠢᠦᠢ ᠴᠢᠤᠸᠠᠨ ᠲᠣᠭᠤᠷᠢᠭ ᠤᠨ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠳᠤ ᠬᠦᠴᠦᠨ ᠨᠡᠮᠡᠷᠢᠯᠡᠨ᠎ᠡ᠃
ᠡᠨᠡ ᠵᠢᠯ ᠤᠨ 1 ︱ 10 ᠰᠠᠷ᠎ᠠ ᠳᠤ᠂ ︽ᠯᠣᠣ ᠲᠢᠶᠠᠨ ᠤ ᠠᠵᠢᠯᠯᠠᠬᠤ ᠲᠠᠰᠤᠭ︾ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠨᠡᠶᠢᠲᠡ 49 ᠰᠢᠢᠳᠪᠦᠷᠢᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 7.5% ᠪᠠᠷ ᠪᠠᠭᠤᠷᠠᠵᠤ᠂ ᠠᠷᠠᠳ ᠲᠦᠮᠡᠨ ᠤ ᠵᠣᠯ ᠵᠢᠷᠭᠠᠯ ᠤᠨ ᠰᠡᠳᠬᠢᠭᠳᠡᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠪᠡ ᠃
ᠢᠦᠢ ᠴᠢᠤᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ︽ᠯᠣᠣ ᠲᠢᠶᠠᠨ ᠤ ᠠᠵᠢᠯᠯᠠᠬᠤ ᠲᠠᠰᠤᠭ︾ ᠨᠢ ᠭᠦᠨ ᠬᠠᠭᠠᠯᠪᠤᠷᠢᠯᠠᠵᠤ ᠬᠠᠤᠯᠢ ᠪᠠᠷ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠳᠡᠭᠡᠷ᠎ᠡ ᠤᠷᠲᠤ ᠬᠤᠭᠤᠴᠠᠭ᠎ᠠ ᠪᠠᠷ ᠬᠦᠴᠦ ᠣᠷᠣᠭᠤᠯᠵᠤ᠂ ᠪᠠᠶᠢᠴᠠᠭᠠᠬᠤ ᠠᠷᠠᠳ ᠲᠦᠮᠡᠨ ᠤ ᠬᠠᠷᠢᠴᠠᠭ᠎ᠠ ᠶᠢᠨ ᠰᠠᠶᠢᠨ ᠰᠠᠶᠢᠬᠠᠨ ᠡᠮᠬᠢ ᠳᠠᠷᠠᠭᠠᠯᠠᠯ ᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠡᠳᠬᠢᠯ ᠲᠠᠯᠪᠢᠨ᠂ ᠶᠡᠷᠦᠩᠬᠡᠶᠢᠯᠡᠭᠰᠡᠨ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠬᠦᠴᠦᠯᠡᠨ ᠴᠢᠷᠮᠠᠶᠢᠵᠤ᠂ ᠠᠷᠠᠳ ᠤᠨ ᠲᠥᠯᠥᠭᠡ ᠤᠴᠢᠷ ᠶᠠᠪᠤᠳᠠᠯ ᠰᠢᠢᠳᠪᠦᠷᠢᠯᠡᠬᠦ ᠳᠤ ᠦᠢᠯᠡᠴᠢᠯᠡᠬᠦ ᠲᠠᠯ᠎ᠠ ᠪᠠᠷ ᠰᠡᠳᠬᠢᠯᠭᠡ ᠪᠠᠨ ᠬᠡᠷᠡᠭᠯᠡᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠵᠤ᠂ ᠣᠳᠣᠬᠢᠴᠢᠯᠠᠭᠰᠠᠨ ᠰᠢᠨ᠎ᠡ ᠢᠦᠢ ᠴᠢᠤᠸᠠᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠶᠢᠴᠠᠭᠠᠬᠤ ᠬᠦᠴᠦᠨ ᠴᠢᠳᠠᠯ ᠢᠶᠠᠨ ᠡᠷᠭᠦᠪᠡ᠃