63 ᠨᠢᠭᠤᠷ PPT ᠵᠣᠬᠢᠶᠠᠵᠤ ᠡᠮᠡᠭᠲᠠᠢ ᠨᠠᠶᠢᠵᠠ ᠵᠢᠨ ᠢᠶᠡᠨ ᠬᠠᠨᠢ ᠡᠴᠡ ᠪᠠᠨ ᠲᠡᠷᠰᠯᠡᠭᠰᠡᠨ ᠤᠴᠢᠷ ᠢ ᠲᠤᠭᠠᠴᠢᠨ ᠪᠤᠷᠤᠭᠤᠰᠢᠶᠠᠭᠰᠠᠨ ᠠᠵᠢᠯᠯᠠᠭ᠎ᠠ ᠨᠢ ᠬᠠᠤᠯᠢ ᠴᠠᠭᠠᠵᠠ ᠠᠴᠠ ᠵᠦᠷᠢᠴᠡᠭᠰᠡᠨ ᠦᠭᠡᠢ ᠭᠡᠵᠦ ᠦᠦ︖
ᠬᠠᠶᠢᠷ᠎ᠠ ᠪᠢᠯᠬᠠᠨ ᠰᠡᠳᠭᠢᠯ ᠬᠦᠲᠡᠯᠦᠭᠰᠡᠨ ᠦᠶᠡᠰ ᠠᠮᠠᠷᠠᠭᠴᠤᠳ ︽ᠵᠠᠵᠢᠨ ᠦᠰᠦ ᠪᠠᠨ ᠴᠠᠶᠢᠲᠠᠯ᠎ᠠ ᠬᠠᠨᠢᠯᠠᠬᠤ ᠵᠠᠶᠠᠭᠠᠨ ᠤ ᠬᠠᠨᠢ ᠮᠦᠷᠦᠭᠡᠳᠦᠨᠡᠮ︾ ᠬᠡᠮᠡᠨ ᠬᠠᠶᠢᠷ᠎ᠠ ᠳᠤᠷᠠᠯᠠᠯ ᠤᠨ ᠲᠠᠩᠭᠠᠷᠢᠭ ᠡᠷᠭᠦᠨ᠂ ᠰᠠᠨᠠᠭᠰᠠᠨ ᠪᠤᠲᠤᠭᠰᠠᠨ ᠠᠴᠠ ᠨᠢ ᠵᠦᠷᠢᠭᠡᠳ ᠢᠷᠡᠬᠦ ᠪᠠᠷ ᠯᠡ ︽ᠬᠡᠨ ᠨᠢ ᠴᠦ ᠰᠠᠶᠢᠬᠠᠨ ᠦᠩᠭᠡᠷᠡᠶᠡ ᠭᠡᠵᠦ ᠪᠢᠲᠡᠭᠡᠢ ᠰᠠᠨᠠ︾ ᠬᠡᠮᠡᠷ ᠣᠪᠣᠷ ᠢ ᠡᠪᠦᠷᠯᠡᠨ ᠬᠤᠪᠢ ᠬᠦᠮᠦᠨ ᠤ ᠨᠢᠭᠤᠴᠠ᠂ ᠮᠡᠲᠡᠭᠡ ᠵᠠᠩᠬᠢ ᠶᠢ ᠨᠢ ᠯᠡᠪᠡᠷᠡᠭᠦᠯᠬᠦ ︽ᠪᠤᠯᠠᠢ ᠵᠦᠴᠦᠭᠡ︾ ᠲᠤᠭᠯᠠᠨ ᠬᠡᠷᠡᠭᠦᠯ ᠵᠠᠭᠤᠷᠠᠭᠠᠨ ᠪᠤᠯᠳᠠᠭ᠃
ᠬᠥᠮᠥᠨ ᠪᠣᠯᠭᠠᠨ ᠮᠢᠺᠷᠣᠹᠣᠨ ᠲᠠᠢ᠂ ᠴᠢᠯᠦᠭᠡᠲᠠᠢ ᠶᠠᠷᠢᠵᠤ ᠪᠤᠯᠬᠤ ᠡᠨᠡ ᠴᠠᠭ ᠦᠶ᠎ᠡ ᠳᠤ᠂ ᠤᠯᠠᠮ ᠠᠴᠠ ᠤᠯᠠᠮ ᠤᠯᠠᠨ ᠬᠥᠮᠥᠰ ︽ᠵᠢᠵᠢᠭ ᠷᠤᠮᠠᠨ︾ ᠪᠢᠴᠢᠵᠦ ᠰᠢᠭᠠᠷᠤ ᠡᠷᠡᠭᠲᠡᠢ ᠡᠮᠡᠭᠲᠡᠢ ᠶᠢᠨ ᠬᠠᠨᠢ ᠠᠴᠠ ᠪᠠᠨ ᠲᠡᠷᠰᠯᠡᠬᠦ᠂ ᠤᠯᠠᠨ ᠠᠮᠠᠷᠠᠭ ᠬᠠᠨᠢ ᠨᠠᠶᠢᠵᠠᠯᠠᠬᠤ ᠵᠡᠷᠭᠡ ᠠᠵᠢᠯᠯᠠᠭ᠎ᠠ ᠶᠢ ᠢᠯᠡᠴᠢᠯᠡᠵᠦ ᠡᠬᠢᠯᠡᠭᠰᠡᠨ ᠨᠢ ᠨᠢᠭᠡᠨᠲᠡ ᠰᠢᠨ᠎ᠡ ᠰᠡᠪᠡᠭᠦᠨ ᠶᠠᠪᠤᠳᠠᠯ ᠪᠢᠰᠢ ᠪᠣᠯᠵᠠᠢ᠃ ᠵᠢᠵᠢᠭ ᠷᠤᠮᠠᠨ ᠤ ᠠᠭᠤᠯᠭ᠎ᠠ ᠬᠡᠯᠪᠡᠷᠢ ᠨᠢ ᠴᠦ ᠡᠳᠦᠷ ᠢᠷᠡᠬᠦᠶ᠎ᠡ ᠣᠯᠠᠨ ᠶᠠᠩᠵᠤ ᠶᠢᠨ ᠪᠣᠯᠵᠤ᠂ ᠳᠥᠭᠦᠮ ᠬᠢᠯᠪᠠᠷ ᠦᠰᠦᠭ ᠲᠤ ᠯᠡ ᠬᠢᠵᠠᠭᠠᠷᠯᠠᠭᠳᠠᠬᠤ ᠪᠢᠰᠢ ᠬᠠᠷᠢᠨ ᠵᠢᠷᠤᠭ ᠳᠦᠷᠰᠦ᠂ PPT ᠵᠡᠷᠭᠡ ᠬᠡᠯᠪᠡᠷᠢ ᠶᠢ ᠪᠠᠭᠲᠠᠭᠠᠭᠰᠠᠨ ᠪᠠᠶᠢᠳᠠᠭ᠂ ᠵᠠᠷᠢᠮ ᠨᠢ ᠬᠡᠳᠦᠨ ᠠᠷᠪᠠᠨ ᠨᠢᠭᠤᠷ ᠤᠷᠲᠤ ᠵᠤᠬᠢᠶᠠᠨ᠂ ᠥᠪᠡᠷ ᠢ ᠪᠠᠨ ᠠᠵᠢᠯ ᠰᠤᠷᠤᠯᠭ᠎ᠠ ᠳᠤ ᠪᠠᠨ᠂ ᠮᠡᠳᠡᠭᠦᠯᠦᠯᠲᠡ ᠪᠢᠴᠢᠬᠦ ᠳᠤ ᠪᠠᠨ ᠴᠦ ᠢᠩᠭᠢᠵᠦ ᠬᠢᠨᠠᠮᠠᠭᠠᠢ ᠪᠠᠶᠢᠬᠰᠠᠨ ᠦᠭᠡᠢ ᠭᠡᠵᠦ ᠰᠡᠭᠦᠷᠡᠰᠦ ᠠᠯᠲᠠᠭᠤᠯᠤᠨᠠ᠃
ᠬᠡᠷᠡᠭ ᠤᠴᠢᠷ ᠪᠦᠬᠦ᠋ᠢᠯᠡ ᠰᠦᠯᠵᠢᠶ᠎ᠡ ᠳᠤ ᠲᠠᠷᠬᠠᠭᠠᠳ ᠢᠷᠡᠬᠦ ᠳᠤ ︽ᠰᠢᠭᠦᠮᠵᠢᠯᠡᠭᠳᠡᠭᠴᠢ︾ ᠬᠢᠵᠠᠭᠠᠷᠲᠠᠢ ᠬᠡᠪᠴᠢᠶᠡᠨ ᠳᠤ ᠨᠡᠷ᠎ᠡ ᠬᠦᠨᠳᠦ ᠪᠠᠨ ᠭᠡᠭᠡᠬᠦ ᠪᠠᠷ ᠪᠠᠷᠠᠬᠤ ᠦᠭᠡᠢ ᠨᠡᠶᠢᠭᠡᠮ ᠨᠡᠶᠢᠲᠡ ᠶᠢᠨ ᠲᠤᠮᠲᠠ ᠰᠢᠪᠰᠢᠭ ᠢᠶᠠᠨ ᠦᠵᠡᠭᠦᠯᠦᠨ ᠨᠡᠷ᠎ᠡ ᠪᠠᠨ ᠭᠤᠲᠤᠭᠠᠳᠠᠭ ᠶᠤᠮ᠃ ᠰᠦᠯᠵᠢᠶᠡᠨ ᠳᠡᠭᠡᠷᠡᠬᠢ ᠶᠣᠰᠣ ᠰᠤᠷᠲᠠᠬᠤᠨ ᠤ ᠵᠢᠮᠡᠯᠡᠯ ᠨᠢ ᠲᠠᠨᠢᠯ ᠬᠥᠮᠥᠰ ᠤᠨ ᠬᠦᠷᠢᠶᠡᠨ ᠤ ᠪᠤᠷᠤᠭᠤᠰᠢᠶᠠᠯ ᠠᠴᠠ ᠨᠡᠩ ᠰᠢᠷᠦᠭᠦᠨ᠂ ᠨᠡᠩ ᠰᠢᠭᠤᠳ᠂ ᠴᠢᠨᠠᠭᠰᠢᠯᠠᠪᠠᠯ ᠶᠠᠷᠢᠶ᠎ᠠ ᠬᠡᠯᠡᠯᠴᠡᠭᠡᠷ ᠤᠨ ᠬᠠᠷ᠎ᠠ ᠰᠠᠯᠬᠢ ᠡᠭᠦᠰᠬᠡᠵᠦ ᠮᠡᠳᠡᠨ᠎ᠠ᠃
ᠨᠡᠶᠢᠭᠡᠮ ᠤᠨ ᠬᠠᠷᠢᠯᠴᠠᠭᠠᠨ ᠤ ᠲᠠᠪᠴᠠᠩ ᠳᠤ ᠡᠮᠡᠭᠲᠡᠢ ᠨᠠᠶᠢᠵᠠ ᠶᠢᠨ ᠢᠶᠠᠨ ᠰᠢᠲᠤᠷᠭᠤ ᠪᠤᠰᠤ ᠦᠢᠯᠡ ᠠᠵᠢᠯᠯᠠᠭ᠎ᠠ ᠶᠢ ᠢᠯᠡᠴᠢᠯᠡᠪᠡ
ᠡᠮᠦᠨ᠎ᠡ ᠨᠢ ᠵᠧᠦ ᠶᠠᠩ ᠴᠢᠩ ᠤᠨ ︽ᠴᠠᠭ ᠵᠠᠪᠰᠢᠭᠴᠢ ᠶᠡᠭᠡ ᠪᠠᠭᠰᠢᠲᠠᠨ︾ ᠂ ᠰᠡᠭᠦᠯᠡᠷ ᠨᠢ ᠯᠢ ᠵᠢᠩ ᠯᠧᠢ ᠶᠢᠨ ︽ᠵᠢᠵᠢᠭ ᠷᠤᠮᠠᠨ︾ ᠨᠢ ᠰᠦᠯᠵᠢᠶᠡᠨ ᠤ ᠬᠠᠯᠠᠮᠰᠢᠯ ᠪᠤᠯᠵᠤ᠂ ᠡᠮᠦᠨᠡᠬᠢ ᠬᠡᠰᠡᠭ ᠬᠤᠭᠤᠴᠠᠭᠠᠨ ᠳᠤ ᠨᠢᠭᠡᠨ ᠶᠡᠭᠡ ᠰᠤᠷᠭᠠᠭᠤᠯᠢ ᠶᠢᠨ ᠵᠠᠯᠠᠭᠤ ᠡᠮᠡᠭᠲᠠᠢ ᠨᠠᠶᠢᠵᠠ ᠶᠢᠨ ᠢᠶᠠᠨ ᠬᠠᠨᠢ ᠠᠴᠠ ᠪᠠᠨ ᠲᠡᠷᠰᠯᠠᠭᠰᠠᠨ ᠤᠴᠢᠷ ᠢᠶᠠᠨ 63 ᠨᠢᠭᠤᠷ ᠤᠨ PPT ᠪᠢᠴᠢᠵᠦ ᠢᠯᠡᠴᠢᠯᠡᠵᠦ ᠨᠡᠶᠢᠭᠡᠮ ᠤᠨ ᠬᠠᠷᠢᠯᠴᠠᠭᠠᠨ ᠤ ᠰᠦᠯᠵᠢᠶᠡᠨ ᠤ ᠬᠠᠯᠠᠮᠰᠢᠯ ᠪᠤᠯᠪᠠ᠃ ᠡᠷᠡᠭᠲᠡᠢ ᠨᠢ ᠡᠮᠡᠭᠲᠡᠢ ᠨᠠᠶᠢᠵᠠ ᠶᠢᠨ ᠢᠶᠠᠨ ᠬᠠᠨᠢ ᠠᠴᠠ ᠪᠠᠨ ᠲᠡᠷᠰᠯᠡᠭᠰᠡᠨ ᠶᠠᠪᠤᠳᠠᠯ ᠨᠢ ᠲᠡᠭᠦᠨ ᠤ ᠪᠡᠶ᠎ᠡ ᠰᠡᠳᠬᠢᠴᠡ ᠳᠤ ᠬᠦᠨᠳᠦ ᠨᠣᠴᠢᠲᠠᠢ ᠴᠤᠬᠢᠯᠲᠠ ᠦᠭᠭᠦᠭᠰᠡᠨ ᠬᠡᠮᠡᠨ ᠠᠭᠤᠷᠯᠠᠭᠰᠠᠨ ᠬᠦᠴᠦᠨ ᠳᠤ ᠪᠠᠨ 63 ᠨᠢᠭᠤᠷ ᠤᠨ PPT ᠪᠢᠴᠢᠵᠦ᠂ ᠡᠨᠡ ᠬᠦ PPT ᠶᠢ ᠡᠮᠡᠭᠲᠡᠢ ᠨᠠᠶᠢᠵᠠ ᠶᠢᠨ ᠢᠶᠠᠨ ᠪᠠᠶᠢᠷᠢ ᠶᠢᠨ ᠨᠥᠬᠦᠳ ᠪᠠ ᠭᠡᠷ ᠤᠨ ᠬᠥᠮᠥᠰ ᠲᠤ ᠨᠢ ᠲᠠᠷᠬᠠᠭᠠᠭᠰᠠᠨ ᠢᠶᠠᠷ ᠪᠠᠷᠠᠬᠤ ᠦᠭᠡᠢ ᠰᠦᠯᠵᠢᠶ᠎ᠡ ᠪᠠᠷ ᠳᠠᠮᠵᠢᠭᠤᠯᠤᠨ ᠲᠠᠷᠬᠠᠭᠠᠪᠠ᠂ ᠠᠩᠬ᠎ᠠ ᠡᠬᠢᠯᠡᠬᠦ ᠳᠤ ᠲᠡᠷᠡ ᠵᠥᠪᠬᠡᠨ ᠡᠶᠢᠮᠦ ᠠᠷᠭ᠎ᠠ ᠪᠠᠷ ᠰᠡᠳᠬᠢᠯᠭᠡ ᠪᠠᠨ ᠲᠠᠶᠢᠳᠬᠤᠷᠠᠭᠤᠯᠬᠤ ᠶᠢᠨ ᠬᠠᠮᠲᠤ ᠡᠮᠡᠭᠲᠡᠢ ᠨᠠᠶᠢᠵᠠ ᠶᠢᠨ ᠢᠶᠠᠨ ᠪᠤᠷᠤᠭᠤ ᠮᠡᠲᠡᠬᠦ ᠶᠢ ᠵᠤᠷᠢᠵᠤ᠂ ᠤᠴᠢᠷ ᠶᠠᠪᠤᠳᠠᠯ ᠨᠢ ᠰᠦᠯᠵᠢᠶ᠎ᠡ ᠪᠠᠷ ᠡᠶᠢᠮᠦ ᠥᠷᠭᠡᠨ ᠳᠡᠯᠭᠡᠷᠡᠨ᠎ᠡ ᠭᠡᠵᠦ ᠪᠤᠳᠤᠵᠤ ᠣᠯᠣᠭᠰᠠᠨ ᠦᠭᠡᠢ ᠪᠠᠶᠢᠵᠤ ᠮᠡᠳᠡᠨ᠎ᠡ᠃
ᠪᠢᠳᠡ 63 ᠨᠢᠭᠤᠷ PPT ᠤᠨ ᠬᠡᠷᠡᠭ ᠢ ᠡᠩ ᠤᠨ ᠬᠥᠮᠥᠰ ᠤᠨ ᠰᠡᠳᠬᠢᠯᠭᠡ ᠶᠢᠨ ᠵᠠᠭᠤᠷᠠᠯᠳᠤᠭᠠᠨ ᠭᠡᠵᠦ ᠦᠵᠡᠵᠦ ᠪᠤᠯᠤᠨ᠎ᠠ᠃ ᠤᠯᠠᠨ ᠢᠶᠠᠷ ᠢᠶᠠᠨ ᠪᠣᠳᠠᠲᠤ ᠠᠮᠢᠳᠤᠷᠠᠯ ᠤᠨ ᠲᠤᠮᠳᠠ ᠡᠶᠢᠮᠦᠷᠭᠦᠦ ᠬᠡᠷᠡᠭ ᠲᠤᠬᠢᠶᠠᠯᠳᠤᠪᠠᠯ ᠣᠯᠠᠩᠬᠢ ᠳᠤ ᠪᠠᠨ ᠲᠤᠲᠤᠷ᠎ᠠ ᠵᠠᠭᠤᠷ᠎ᠠ ᠪᠠᠨ ᠬᠡᠯᠡᠯᠴᠡᠨ᠂ ᠰᠡᠯᠡᠭᠦᠦ ᠴᠠᠭ ᠤᠨ ᠰᠤᠯᠠ ᠵᠣᠭᠤᠭ ᠪᠣᠯᠭᠠᠴᠢᠬᠠᠳᠠᠭ᠃ ᠭᠡᠪᠡᠴᠦ 63 ᠳ᠋ᠤᠭᠠᠷ ᠨᠢᠭᠤᠷ ᠤᠨ PPT ᠶᠢᠨ ᠵᠣᠬᠢᠶᠠᠭᠴᠢ ᠡᠨᠡ ᠬᠦ ︽ᠶᠠᠯ᠎ᠠ ᠶᠢᠨ ᠲᠠᠩᠰᠠ ᠲᠡᠮᠳᠡᠭᠯᠡᠯ︾ ᠢ ᠰᠦᠯᠵᠢᠶᠡᠨ ᠳᠡᠭᠡᠷ᠎ᠡ ᠰᠦᠷ ᠳᠠᠯᠠᠶᠢᠴᠠᠲᠠᠢ ᠪᠠᠷ ᠨᠡᠶᠢᠲᠡᠯᠡᠵᠦ᠂ ᠬᠤᠪᠢ ᠬᠥᠮᠥᠨ ᠤ ᠬᠡᠷᠡᠭ ᠤᠴᠢᠷ ᠢ ᠣᠯᠠᠨ ᠲᠦᠮᠡᠨ ᠤ ᠶᠠᠷᠢᠶ᠎ᠠ ᠬᠡᠯᠡᠯᠴᠡᠭᠡ ᠪᠣᠯᠭᠠᠭᠰᠠᠨ ᠪᠠᠶᠢᠨ᠎ᠠ᠃ ᠴᠤᠤᠷᠬᠠᠯ ᠮᠡᠲᠡᠭᠡᠨ ᠤ ᠤᠴᠢᠷ ᠢ ᠲᠦᠷ ᠬᠠᠶᠠᠵᠤ᠂ ᠬᠠᠨᠢ ᠠᠴᠠ ᠪᠠᠨ ᠲᠡᠷᠰᠯᠡᠭᠰᠡᠨ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠵᠦ᠂ PPT ᠵᠣᠬᠢᠶᠠᠵᠤ ᠢᠨᠲ᠋ᠧᠷ ᠰᠦᠯᠵᠢᠶᠡᠨ ᠳᠤ ᠨᠡᠶᠢᠲᠡᠯᠡᠭᠰᠡᠨ ᠠᠵᠢᠯᠯᠠᠭ᠎ᠠ ᠨᠢ ᠬᠠᠤᠯᠢ ᠴᠠᠭᠠᠵᠠ ᠠᠴᠠ ᠵᠦᠷᠢᠴᠡᠭᠰᠡᠨ ᠦᠭᠡᠢ ᠭᠡᠵᠦ ᠦᠦ︖
︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠮᠢᠩᠭ᠎ᠠ ᠪᠥᠭᠡᠳ ᠬᠤᠷᠢᠨ ᠳᠥᠷᠪᠡᠳᠦᠭᠡᠷ ᠵᠦᠢᠯ ᠳᠤ ᠂ ᠢᠷᠭᠡᠨ ᠤ ᠬᠡᠷᠡᠭ ᠤᠨ ᠪᠡᠶᠡᠴᠢ ᠴᠣᠭᠴᠠ ᠨᠡᠷ᠎ᠡ ᠲᠦᠷᠦ ᠶᠢᠨ ᠡᠷᠬᠡ ᠶᠢ ᠡᠳ᠋ᠯᠡᠨ᠎ᠡ ᠭᠡᠵᠦ ᠲᠣᠭᠲᠠᠭᠠᠵᠠᠢ᠃ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠭᠤᠲᠤᠭᠠᠨ ᠳᠣᠷᠣᠮᠵᠢᠯᠠᠬᠤ᠂ ᠭᠦᠳᠬᠡᠬᠦ ᠵᠡᠷᠭᠡ ᠠᠷᠭ᠎ᠠ ᠮᠠᠶ᠋ᠢᠭ ᠢᠶᠠᠷ ᠪᠤᠰᠤᠳ ᠤᠨ ᠨᠡᠷ᠎ᠡ ᠲᠦᠷᠦ ᠶᠢᠨ ᠡᠷᠬᠡ ᠳᠤ ᠬᠠᠯᠳᠠᠵᠤ ᠪᠣᠯᠬᠤ ᠦᠭᠡᠢ᠃ ᠨᠡᠷ᠎ᠡ ᠲᠦᠷᠦ ᠪᠣᠯ ᠢᠷᠭᠡᠨ ᠤ ᠬᠡᠷᠡᠭ ᠤᠨ ᠪᠡᠶᠡᠴᠢ ᠴᠣᠭᠴᠠ ᠶᠢᠨ ᠵᠠᠩ ᠮᠣᠷᠠᠯ᠂ ᠨᠡᠷ᠎ᠡ ᠬᠦᠨᠳᠦ᠂ ᠴᠢᠳᠠᠪᠤᠷᠢ᠂ ᠢᠲᠡᠭᠡᠮᠵᠢ ᠵᠡᠷᠭᠡ ᠶᠢᠨ ᠲᠤᠬᠠᠢ ᠨᠡᠶᠢᠭᠡᠮ ᠤᠨ ᠦᠨᠡᠯᠡᠯᠲᠡ ᠮᠥᠨ᠃ ᠨᠡᠷ᠎ᠡ ᠲᠦᠷᠦ ᠶᠢᠨ ᠡᠷᠬᠡ ᠨᠢ ᠬᠠᠯᠳᠠᠯᠭ᠎ᠠ ᠳᠤ ᠤᠴᠠᠷᠠᠭᠰᠠᠨ ᠪᠠᠶᠢᠪᠠᠯ᠂ ᠬᠤᠬᠢᠷᠠᠯ ᠠᠮᠰᠠᠭᠴᠢ ᠨᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠦᠢᠯᠡ ᠠᠵᠢᠯᠯᠠᠭᠠᠳᠠᠨ ᠢᠶᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠭᠦᠯᠬᠦ ᠪᠠᠷ ᠭᠤᠶᠤᠴᠢᠯᠠᠬᠤ ᠡᠷᠬᠡ ᠲᠠᠢ᠃
︽ᠬᠠᠤᠯᠢ ᠠᠴᠠ ᠵᠥᠷᠢᠴᠡᠭᠰᠡᠨ ᠰᠦᠯᠵᠢᠶᠡᠨ ᠤ ᠬᠦᠴᠦᠷᠬᠡᠭᠯᠡᠯ ᠤᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠳᠬᠡᠬᠦ ᠲᠤᠬᠠᠢ ᠵᠢᠯᠤᠭᠤᠳᠬᠤ ᠰᠠᠨᠠᠯ︾ ᠳᠤ ᠰᠦᠯᠵᠢᠶᠡᠨ ᠤ ᠳᠣᠷᠣᠮᠵᠢᠯᠠᠯ ᠤᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠨ᠎ᠡ ᠭᠡᠵᠦ ᠲᠣᠳᠣᠷᠬᠠᠢ ᠲᠣᠭᠲᠠᠭᠠᠵᠠᠢ᠃ ᠮᠡᠳᠡᠭᠡ ᠵᠠᠩᠭᠢ ᠶᠢᠨ ᠲᠣᠣᠷ ᠰᠦᠯᠵᠢᠶᠡᠨ ᠳᠡᠭᠡᠷ᠎ᠡ ᠳᠤᠷ᠎ᠠ ᠪᠠᠷ ᠢᠶᠠᠨ ᠬᠠᠷᠢᠶᠠᠬᠤ᠂ ᠮᠠᠭᠤ ᠰᠠᠨᠠᠭ᠎ᠠ ᠲᠠᠢ ᠪᠠᠷ ᠭᠦᠳᠬᠡᠨ ᠮᠠᠭᠤᠯᠠᠬᠤ᠂ ᠬᠤᠪᠢ ᠶᠢᠨ ᠨᠢᠭᠤᠴᠠ ᠶᠢ ᠵᠠᠳᠠᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠪᠤᠰᠤᠳ ᠢ ᠢᠯᠡ ᠪᠠᠷ ᠭᠤᠲᠤᠭᠠᠨ ᠳᠣᠷᠣᠮᠵᠢᠯᠠᠭᠰᠠᠨ ᠪᠥᠭᠡᠳ ᠦᠢᠯᠡ ᠪᠠᠶᠢᠳᠠᠯ ᠨᠢ ᠬᠦᠨᠳᠦ ᠨᠣᠴᠢᠲᠠᠢ᠂ ᠡᠷᠡᠭᠦᠦ ᠶᠢᠨ ᠬᠠᠤᠯᠢ ᠶᠢᠨ ᠬᠤᠶᠠᠷ ᠵᠠᠭᠤ ᠳᠥᠴᠢᠨ ᠵᠢᠷᠭᠤᠳᠤᠭᠠᠷ ᠵᠦᠢᠯ ᠤᠨ ᠲᠣᠭᠲᠠᠭᠠᠯ ᠳᠤ ᠨᠡᠶᠢᠴᠡᠭᠰᠡᠨ ᠪᠠᠶᠢᠪᠠᠯ᠂ ᠭᠤᠲᠤᠭᠠᠨ ᠳᠣᠷᠣᠮᠵᠢᠯᠠᠭᠰᠠᠨ ᠶᠠᠯ᠎ᠠ ᠪᠠᠷ ᠶᠠᠯ᠎ᠠ ᠲᠣᠭᠲᠠᠭᠠᠵᠤ ᠰᠢᠢᠳᠭᠡᠨ᠎ᠡ᠃
ᠪᠠᠶᠢᠴᠠᠭᠠᠬᠤ ᠲᠤᠰᠢᠶᠠᠯᠲᠠᠨ ᠤ ᠰᠠᠨᠠᠭᠤᠯᠤᠮᠵᠢ
ᠭᠤᠣᠯᠴᠢ ᠪᠤᠰᠤ ᠪᠠᠷ ᠬᠠᠨᠳᠤᠭᠳᠠᠭᠰᠠᠨ ᠠᠰᠠᠭᠤᠳᠠᠯ ᠢ ᠰᠢᠢᠳᠪᠦᠷᠢᠯᠡᠬᠦ ᠠᠷᠭ᠎ᠠ ᠮᠠᠶ᠋ᠢᠭ ᠨᠢ ᠤᠯᠠᠨ ᠪᠠᠶᠢᠳᠠᠭ᠂ ᠬᠡᠷᠪᠡ ᠰᠦᠯᠵᠢᠶ᠎ᠡ ᠪᠣᠯᠣᠨ ᠵᠠᠭᠤᠴᠢᠯᠠᠭᠤᠷ ᠠᠴᠠ ᠣᠯᠭᠤᠭᠰᠠᠨ ᠶᠠᠷᠢᠶᠠᠨ ᠤ ᠡᠷᠬᠡ ᠪᠠᠨ ᠳᠤᠷ᠎ᠠ ᠪᠠᠷ ᠬᠡᠷᠡᠭᠯᠡᠵᠦ ᠨᠥᠭᠦᠭᠡ ᠡᠲᠡᠭᠡᠳ ᠲᠤ ᠰᠦᠯᠵᠢᠶᠡᠨ ᠤ ᠬᠦᠴᠦᠷᠬᠡᠭᠯᠡᠯ ᠶᠠᠪᠤᠭᠤᠯᠵᠤ᠂ ᠬᠤᠪᠢ ᠶᠢᠨ ᠨᠢᠭᠤᠴᠠ ᠳᠤ ᠬᠠᠯᠳᠠᠪᠠᠯ᠂ ᠥᠪᠡᠷ ᠢ ᠪᠠᠨ ᠶᠣᠰᠣ ᠲᠠᠢ ᠪᠠᠶᠢᠭᠰᠠᠨ ᠠᠴᠠ ᠨᠢ ᠶᠣᠰᠣ ᠦᠭᠡᠢ ᠪᠣᠯᠭᠠᠵᠤ᠂ ᠶᠣᠰᠣ ᠮᠣᠷᠠᠯ ᠪᠣᠯᠣᠨ ᠬᠠᠤᠯᠢ ᠴᠠᠭᠠᠵᠠ ᠶᠢ ᠨᠡᠩ ᠴᠤ ᠬᠥᠩᠭᠡᠪᠴᠢᠯᠡᠬᠦ ᠪᠣᠯᠣᠨ᠎ᠠ᠃ ᠬᠡᠳᠦᠶᠢᠪᠡᠷ PPT ᠮᠠᠶ᠋ᠢᠭ ᠤᠨ ᠮᠠᠲ᠋ᠧᠷᠢᠶᠠᠯ ᠤᠨ ᠢᠯᠡᠴᠢᠯ ᠨᠢ ᠠᠭᠤᠷ ᠢᠶᠠᠨ ᠲᠠᠶᠢᠳᠬᠤᠷᠠᠭᠤᠯᠵᠤ ᠪᠠᠶᠢᠭ᠎ᠠ ᠤᠴᠢᠷ ᠪᠣᠯᠪᠠᠴᠤ ︽ᠶᠢᠷᠲᠢᠨᠴᠦ ᠶᠢ ᠰᠤᠴᠢᠭᠠᠮ᠎ᠠ ᠰᠤᠷᠠᠭ ᠮᠡᠳᠡᠭᠡ︾ ᠨᠢ ᠴᠦ ᠬᠠᠤᠯᠢ ᠴᠠᠭᠠᠵᠠ ᠶᠢᠨ ᠲᠣᠭᠲᠠᠭᠠᠯ ᠠᠴᠠ ᠨᠡᠩ ᠴᠢᠬᠤᠯᠠ ᠪᠠᠶᠢᠳᠠᠭ ᠃ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠵᠠᠩ ᠳᠠᠳᠬᠠᠯ ᠲᠠᠢ ᠬᠠᠷᠰᠢᠯᠳᠤᠬᠤ ᠮᠠᠰᠢ ᠤᠯᠠᠨ ᠬᠡᠷᠡᠭ ᠶᠠᠪᠤᠳᠠᠯ ᠢ ᠦᠨᠡᠬᠡᠷ ᠶᠣᠰᠣ ᠮᠣᠷᠠᠯ ᠢᠶᠠᠷ ᠰᠢᠭᠦᠨ ᠲᠠᠰᠤᠯᠬᠤ ᠶᠣᠰᠣᠲᠠᠢ᠂ ᠭᠡᠪᠡᠴᠦ ᠬᠡᠷᠡᠭ ᠶᠠᠪᠤᠳᠠᠯ ᠢ ᠤᠯᠠᠨ ᠨᠡᠶᠢᠲᠡ ᠶᠢᠨ ᠶᠠᠷᠢᠶ᠎ᠠ ᠬᠡᠯᠡᠯᠴᠡᠭᠡᠨ ᠳᠤ ᠢᠯᠡᠷᠡᠭᠦᠯᠵᠦ᠂ ᠶᠣᠰᠣ ᠮᠣᠷᠠᠯ ᠤᠨ ᠬᠦᠴᠦᠨ ᠢ ᠠᠰᠢᠭᠯᠠᠨ ︽ᠶᠣᠰᠣ ᠠᠯᠳᠠᠭᠰᠠᠳ︾ ᠢ ᠵᠠᠯᠬᠠᠭᠠᠨ ᠴᠡᠭᠡᠷᠯᠡᠭᠦᠯᠬᠦ ᠶᠠᠪᠤᠳᠠᠯ ᠢ ᠪᠡᠶᠡᠯᠡᠭᠦᠯᠵᠦ ᠪᠣᠯᠬᠤ ᠦᠭᠡᠢ ᠶᠤᠮ᠃
ᠬᠤᠪᠢ ᠬᠥᠮᠥᠨ ᠤ ᠰᠡᠳᠬᠢᠯᠭᠡ ᠶᠢᠨ ᠵᠠᠭᠤᠷᠠᠯᠳᠤᠭᠠᠨ ᠡᠭᠦᠰᠬᠦ ᠳᠤ᠂ ᠶᠠᠭᠤᠨ ᠤ ᠡᠮᠦᠨ᠎ᠡ ᠪᠣᠳᠠᠲᠤ ᠬᠡᠷᠡᠭ ᠠᠴᠠ ᠭᠠᠷᠳᠠᠵᠤ ᠤᠤᠯ ᠰᠢᠯᠲᠠᠭᠠᠨ ᠢ ᠨᠢ ᠪᠠᠶᠢᠴᠠᠭᠠᠨ ᠲᠣᠳᠣᠯᠠᠬᠤ ᠬᠡᠷᠡᠭᠲᠡᠢ᠂ ᠬᠡᠷᠪᠡ ᠡᠷᠬᠡ ᠠᠰᠢᠭ ᠨᠢ ᠬᠤᠬᠢᠷᠠᠯ ᠳᠤ ᠤᠴᠠᠷᠠᠪᠠᠯ ᠬᠠᠤᠯᠢ ᠴᠠᠭᠠᠵᠠ ᠶᠢ ᠪᠦᠷᠢᠮᠦᠰᠦᠨ ᠬᠡᠷᠡᠭᠯᠡᠵᠦ ᠪᠣᠯᠣᠨ᠎ᠠ᠂ ᠬᠠᠷᠢᠨ ᠬᠤᠪᠢ ᠬᠥᠮᠥᠨ ᠤ ᠠᠰᠠᠭᠤᠳᠠᠯ ᠢ ᠶᠠᠷᠢᠶ᠎ᠠ ᠬᠡᠯᠡᠯᠴᠡᠭᠡᠨ ᠳᠤ ᠲᠤᠰᠢᠶᠠᠵᠤ ᠢᠯᠡ ᠪᠠᠷ ᠰᠢᠭᠦᠨ ᠲᠠᠰᠤᠯᠤᠭᠤᠯᠵᠤ᠂ ᠬᠠᠤᠯᠢ ᠴᠠᠭᠠᠵᠠ ᠠᠴᠠ ᠳᠠᠪᠠᠭᠰᠠᠨ ᠠᠷᠭ᠎ᠠ ᠪᠠᠷᠢᠯ ᠢᠶᠠᠷ ︽ᠰᠢᠳᠤᠷᠭᠤ ᠶᠣᠰᠣ︾ ᠭᠡᠳᠡᠭ ᠢ ᠬᠥᠭᠡᠭᠡᠴᠡᠯᠳᠦᠵᠦ ᠪᠣᠯᠬᠤ ᠦᠭᠡᠢ᠃ ᠰᠦᠯᠵᠢᠶᠡᠨ ᠤ ᠨᠠᠶᠢᠵᠠ ᠴᠤ ᠲᠣᠮᠣ ᠳ᠋ᠠᠶᠢᠲ᠋ᠠ ᠶᠢᠨ ᠴᠠᠭ ᠦᠶ᠎ᠡ ᠶᠢᠨ ᠬᠤᠪᠢ ᠶᠢᠨ ᠨᠢᠭᠤᠴᠠ ᠶᠢᠨ ᠠᠰᠠᠭᠤᠳᠠᠯ ᠶᠠᠮᠠᠷ ᠴᠤ ᠬᠥᠮᠥᠨ ᠤ ᠪᠡᠶ᠎ᠡ ᠳᠡᠭᠡᠷ᠎ᠡ ᠲᠤᠯᠭᠠᠷᠠᠵᠤ ᠮᠡᠳᠡᠨ᠎ᠡ᠂ ᠪᠤᠰᠤᠳ ᠤᠨ ᠬᠤᠪᠢ ᠶᠢᠨ ᠨᠢᠭᠤᠴᠠ ᠶᠢ ᠬᠠᠮᠠᠭᠠᠯᠠᠵᠤ᠂ ᠬᠤᠪᠢ ᠶᠢᠨ ᠶᠣᠰᠣ ᠮᠣᠷᠠᠯ ᠤᠨ ᠬᠦᠷᠢᠶ᠎ᠡ ᠬᠡᠪᠴᠢᠶ᠎ᠡ ᠶᠢ ᠬᠢᠵᠠᠭᠠᠷᠯᠠᠬᠤ ᠨᠢ ᠮᠥᠨ ᠴᠦ ᠥᠪᠡᠷ ᠢ ᠪᠠᠨ ᠬᠠᠮᠠᠭᠠᠯᠠᠵᠤ ᠪᠠᠶᠢᠭ᠎ᠠ ᠶᠠᠪᠤᠳᠠᠯ ᠮᠥᠨ ᠭᠡᠳᠡᠭ ᠢ ᠮᠡᠳᠡᠬᠦ ᠬᠡᠷᠡᠭᠲᠡᠢ᠃