ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠡᠵᠡᠨ ᠬᠣᠷᠣᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠬᠣᠪᠣᠷ ᠨᠠᠨᠳᠢᠨ ᠂ ᠮᠥᠬᠥᠬᠦ ᠰᠢᠬᠠᠭᠰᠠᠨ ᠬᠡᠭᠡᠷ᠎ᠡ ᠶᠢᠨ ᠠᠮᠢᠲᠠᠨ ᠳᠤ ᠬᠤᠤᠷ ᠬᠥᠨᠥᠭᠡᠯ ᠤᠴᠠᠷᠠᠭᠤᠯᠤᠭᠰᠠᠨ ᠬᠡᠷᠡᠭ ᠲᠦ ᠭᠡᠷᠡᠴᠢᠯᠡᠭᠡ ᠰᠣᠨᠣᠰᠬᠤ ᠬᠤᠷᠠᠯ ᠬᠢᠪᠠ

2024-01-08 15:24:29
ᠵᠣᠬᠢᠶᠠᠭᠴᠢ
ᠪᠦᠷᠢᠨ 

ᠠᠮᠢ ᠠᠬᠤᠶ ᠶᠢᠨ ᠠᠮᠤᠷ ᠲᠦᠪᠰᠢᠨ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠵᠤ ᠂ ᠨᠡᠶᠢᠭᠡᠮ ᠦᠨ ᠡᠯ᠎ᠡ ᠡᠲᠡᠭᠡᠳ ᠦᠨ ᠬᠢᠨ ᠦ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠮᠰᠠᠷ ᠢ ᠲᠡᠭᠡᠭ᠍ᠰᠢᠯᠡᠭᠦᠯᠬᠦ  ᠶᠢᠨ ᠲᠥᠯᠥᠭᠡ ᠂ ᠣᠶᠢᠷ᠎ᠠ ᠳᠤ ᠂ ᠡᠵᠡᠨ ᠬᠣᠷᠣᠭ᠎ᠠ ᠬᠣᠰᠢᠭᠤᠨ ᠤ ᠪᠠᠶᠢᠴᠠᠭᠠᠬᠤ ᠬᠣᠷᠢᠶ᠎ᠠ ᠬᠣᠪᠣᠷ ᠨᠠᠨᠳᠢᠨ ᠂ ᠮᠥᠬᠥᠬᠦ ᠰᠢᠬᠠᠭᠰᠠᠨ ᠬᠡᠭᠡᠷ᠎ᠡ ᠶᠢᠨ ᠠᠮᠢᠲᠠᠨ ᠳᠤ ᠬᠤᠤᠷ ᠬᠥᠨᠥᠭᠡᠯ ᠤᠴᠠᠷᠠᠭᠤᠯᠤᠭᠰᠠᠨ  ᠨᠢᠭᠡᠨ ᠬᠡᠷᠡᠭ  ᠲᠦ ᠭᠡᠷᠡᠴᠢᠯᠡᠭᠡ ᠰᠣᠨᠣᠰᠬᠤ ᠬᠤᠷᠠᠯ ᠬᠢᠵᠦ ᠂ ᠬᠠᠤᠯᠢ ᠶᠢ ᠵᠥᠷᠢᠴᠡᠵᠦ ᠶᠠᠯ᠎ᠠ ᠬᠢᠬᠦ  ᠳᠤ  ᠬᠦᠴᠦᠷᠬᠡᠭ ᠶᠡᠬᠡ ᠰᠦᠷᠳᠡᠭᠦᠯᠦᠯ  ᠦᠵᠡᠭᠦᠯᠬᠦ  ᠶᠢᠨ ᠬᠠᠮᠲᠤ ᠂ ᠣᠯᠠᠨ ᠨᠡᠶᠢᠲᠡ  ᠪᠠᠷ   ᠢᠶᠡᠨ ᠣᠷᠣᠯᠴᠠᠬᠤ ᠳᠣᠲᠣᠭᠠᠳᠤ ᠬᠥᠳᠡᠯᠭᠡᠬᠦ ᠬᠦᠴᠦᠨ ᠢ  ᠬᠥᠭ᠍ᠵᠢᠭᠡᠬᠦ  ᠶᠢ ᠴᠢᠬᠤᠯᠠᠴᠢᠯᠠᠪᠠ᠃

ᠣᠶᠢᠷ᠎ᠠ ᠳᠤ ᠂ ᠵᠠᠩ ᠣᠪᠣᠭᠲᠤ ᠣᠬᠣᠷ ᠸᠢᠳᠢᠣ᠋ ᠶᠢᠨ ᠵᠥᠭᠡᠯᠡᠨ ᠲᠣᠨᠣᠭ ᠳᠡᠭᠡᠷ᠎ᠡ ᠨᠢᠭᠡᠨ ᠨᠡᠪᠲᠡᠷᠡᠭᠦᠯᠦᠭᠴᠢ ᠵᠡᠭᠡᠷ᠎ᠡ ᠶᠢᠨ ᠡᠪᠡᠷ ᠦᠨ ᠡᠮ ᠦᠨ ᠦᠨ᠎ᠡ ᠥᠷᠲᠡᠭ ᠢ ᠲᠠᠶᠢᠯᠪᠤᠷᠢᠯᠠᠨ ᠶᠠᠷᠢᠵᠤ᠂ ᠵᠡᠭᠡᠷ᠎ᠡ ᠶᠢᠨ ᠡᠪᠡᠷ ᠬᠤᠳᠠᠯᠳᠤᠨ ᠠᠪᠬᠤ ᠰᠠᠨᠠᠭ᠎ᠠ  ᠪᠠᠨ   ᠢᠯᠡᠳᠬᠡᠭᠰᠡᠨ ᠪᠠᠶᠢᠬᠤ ᠶᠢ ᠣᠯᠵᠤ ᠬᠠᠷᠠᠭᠰᠠᠨ ᠤ ᠳᠠᠷᠠᠭ᠎ᠠ᠂ ᠨᠠᠭᠠᠴᠤ ᠡᠪᠦᠭᠡ ᠶᠢᠨ ᠢᠶᠠᠨ ᠲᠡᠭᠦᠨ  ᠳᠤ  ᠤᠯᠠᠮᠵᠢᠯᠠᠨ  ᠥᠭ᠍ᠭᠦᠭ᠍ᠰᠡᠨ ᠠᠷᠪᠠᠨ ᠬᠡᠳᠦᠨ ᠠᠲᠠ ᠴᠢᠳᠬᠥᠷ ᠢ ᠠᠷᠢᠯᠭᠠᠬᠤ ᠳᠤ ᠬᠡᠷᠡᠭᠯᠡᠬᠦ ᠵᠡᠭᠡᠷ᠎ᠡ ᠶᠢᠨ ᠡᠪᠡᠷ ᠢ  ᠪᠤᠳᠤᠵᠤ ᠤᠯᠪᠠ ᠂ ᠢᠩᠭᠢᠭᠡᠳ ᠵᠠᠩ ᠣᠪᠣᠭᠲᠤ ᠡᠳᠡᠭᠡᠷ ᠵᠡᠭᠡᠷ᠎ᠡ ᠶᠢᠨ ᠡᠪᠡᠷ ᠢ ᠰᠦᠯᠵᠢᠶ᠎ᠡ ᠪᠡᠷ ᠳᠠᠮᠵᠢᠭᠤᠯᠤᠨ ᠬᠤᠳᠠᠯᠳᠤᠵᠤ ᠂ ᠰᠢᠤᠳᠠᠨ ᠢᠶᠠᠷ ᠢᠯᠡᠭᠡᠬᠦ ᠶᠠᠪᠤᠴᠠ ᠳᠤ ᠪᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠪᠠᠢᠴᠠᠭᠠᠭᠳᠠᠪᠠ ᠃ ᠲᠡᠷᠡ ᠬᠣᠪᠣᠷ ᠨᠠᠨᠳᠢᠨ ᠂ ᠮᠥᠬᠥᠬᠦ ᠰᠢᠬᠠᠭᠰᠠᠨ ᠬᠡᠭᠡᠷ᠎ᠡ ᠶᠢᠨ ᠠᠮᠢᠲᠠᠨ ᠳᠤ ᠬᠠᠯᠳᠠᠭᠰᠠᠨ ᠶᠠᠯ᠎ᠠ ᠬᠢᠭ᠍ᠰᠡᠨ  ᠡᠴᠡ ᠪᠣᠯᠵᠣ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠡᠵᠡᠨ ᠬᠣᠷᠣᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠳᠤ  ᠵᠠᠭᠠᠯᠳᠤᠭᠤᠯᠬᠤ ᠪᠠᠷ ᠬᠢᠨᠠᠨ ᠪᠠᠶᠢᠴᠠᠭᠠᠯᠭᠠᠪᠠ᠃

ᠳᠠᠭᠠᠭᠠᠨ ᠭᠦᠶᠴᠡᠳᠬᠡᠬᠦ ᠪᠠᠶᠢᠴᠠᠭᠠᠬᠤ ᠲᠤᠰᠢᠶᠠᠯᠲᠠᠨ  ᠬᠢᠨᠠᠨ ᠪᠠᠶᠢᠴᠠᠭᠠᠯᠲᠠ ᠪᠠᠷ ᠳᠡᠮᠵᠢᠨ ᠂ ᠵᠠᠩ  ᠤᠪᠤᠭᠲᠤ ᠵᠢᠨ ᠬᠤᠳᠠᠯᠳᠤᠭᠰᠠᠨ ᠦᠢᠯᠡ ᠠᠵᠢᠯᠯᠠᠭ᠎ᠠ ᠳᠤ ᠬᠤᠯᠪᠤᠭᠳᠠᠭᠰᠠᠨ ᠵᠡᠭᠡᠷ᠎ᠡ  ᠨᠢ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ ᠪᠣᠯᠬᠤ ᠶᠢ ᠣᠯᠵᠤ ᠮᠡᠳᠡᠵᠡᠶ᠃ ᠭᠡᠪᠡᠴᠦ ᠲᠡᠷᠡ ᠬᠡᠭᠡᠷ᠎ᠡ ᠶᠢᠨ ᠠᠮᠢᠲᠠᠨ ᠢ ᠦᠬᠦᠭᠦᠯᠦᠭᠰᠡᠨ ᠥᠬᠡᠶ ᠮᠥᠷᠲᠡᠭᠡᠨ ᠶᠠᠯ᠎ᠠ ᠪᠠᠨ ᠮᠡᠳᠡᠷᠡᠵᠦ ᠶᠠᠯ᠎ᠠ ᠳᠦ ᠪᠠᠨ ᠭᠡᠮᠰᠢᠭᠰᠡᠨ ᠣᠪᠣᠷ ᠨᠢ ᠰᠠᠶᠢᠨ ᠪᠠᠶᠢᠵᠤ ᠂ ᠡᠵᠡᠨ ᠬᠣᠷᠣᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠲᠡᠷᠡ ᠳᠠᠷᠤᠶ ᠳᠤᠨᠢ ᠭᠡᠷᠡᠴᠢᠯᠡᠭᠡ ᠰᠣᠨᠣᠰᠬᠤ ᠬᠤᠷᠠᠯ ᠬᠢᠵᠦ ᠡᠯ᠎ᠡ ᠲᠠᠯ᠎ᠠ ᠶᠢᠨ ᠬᠢᠨ ᠦ ᠰᠠᠨᠠᠯ ᠢ ᠰᠣᠨᠣᠰᠴᠤ ᠂ ᠡᠴᠦᠰ ᠲᠡᠬᠡᠨ ᠵᠠᠩ  ᠣᠪᠤᠭᠲᠤ ᠰᠠᠶᠢᠨ ᠳᠤᠷ᠎ᠠ ᠠᠴᠠ ᠪᠠᠨ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢᠶᠠᠨ ᠲᠤᠰᠢᠶᠠᠭᠰᠠᠨ ᠪᠥᠭᠡᠳ ᠥᠪᠡᠷ ᠦᠨ ᠬᠣᠪᠣᠷ ᠨᠠᠨᠳᠢᠨ ᠂ ᠮᠥᠬᠥᠬᠦ ᠰᠢᠬᠠᠭᠰᠠᠨ ᠬᠡᠭᠡᠷ᠎ᠡ ᠶᠢᠨ ᠠᠮᠢᠲᠠᠨ ᠤ ᠪᠦᠲᠦᠭᠡᠭ᠍ᠳᠡᠭᠦᠨ ᠢ ᠬᠤᠳᠠᠯᠳᠤᠭᠠᠯᠠᠭᠰᠠᠨ  ᠦᠢᠯᠡ ᠠᠵᠢᠯᠯᠠᠭ᠎ᠠ   ᠳᠤ  ᠪᠠᠨ ᠭᠦᠨᠵᠡᠭᠡᠶ  ᠪᠠᠢᠴᠠᠭᠠᠯᠲᠠ  ᠬᠢᠭ᠍ᠰᠡᠨ  ᠤ ᠳᠠᠷᠠᠭ᠎ᠠ ᠂ ᠬᠤᠷᠠᠯ ᠳᠤ ᠣᠷᠣᠯᠴᠠᠭᠰᠠᠨ ᠭᠡᠷᠡᠴᠢᠯᠡᠭᠡ ᠰᠣᠨᠣᠰᠤᠭᠴᠢ ᠲᠡᠭᠦᠨ ᠢ ᠵᠠᠭᠠᠯᠳᠤᠬᠤ ᠥᠬᠡᠶ ᠭᠡᠵᠦ ᠰᠠᠨᠠᠯ ᠨᠢᠭᠡᠲᠡᠶ ᠵᠥᠪᠰᠢᠶᠡᠷᠡᠪᠡ᠃

ᠪᠥᠬᠥ ᠨᠡᠶᠢᠭᠡᠮ ᠢᠶᠡᠷ ᠢᠶᠡᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠬᠠᠤᠯᠢ ᠲᠦᠭᠡᠮᠡᠯᠵᠢᠭᠦᠯᠬᠦ ᠠᠵᠢᠯ ᠢ ᠵᠥᠪᠬᠡᠨ《ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ 》ᠬᠡᠪ ᠦᠨ ᠤᠬᠠᠭᠤᠯᠭ᠎ᠠ ᠶᠢᠨ ᠠᠵᠢᠯᠯᠠᠭ᠎ᠠ ᠳᠡᠭᠡᠷ᠎ᠡ ᠵᠤᠭᠰᠤᠩᠭᠤᠶᠢᠷᠠᠭᠤᠯᠬᠤ ᠪᠣᠯᠬᠤ ᠦᠭᠡᠢ ᠂ ᠬᠠᠷᠢᠨ ᠬᠠᠥᠯᠢ ᠪᠠᠷ ᠵᠠᠰᠠᠬᠤ ᠦᠶᠯᠡᠳᠦᠯᠭᠡ ᠶᠢᠨ ᠪᠥᠬᠥ ᠶᠠᠪᠤᠴᠠ ᠳᠤ ᠨᠡᠶᠢᠭᠡᠮ ᠨᠡᠶᠢᠲᠡ ᠶᠢᠨ ᠬᠢᠨ ᠲᠡᠶ ᠰᠠᠶᠢᠨ ᠰᠠᠶᠢᠬᠠᠨ ᠬᠤᠷᠰᠢᠯᠴᠠᠭ᠎ᠠ  ᠪᠠᠨ ᠨᠡᠩ ᠢᠯᠡᠭᠦᠦ  ᠪᠠᠲᠤᠯᠠᠬᠤ ᠬᠡᠷᠡᠭᠲᠡᠢ᠃ ᠡᠵᠡᠨ ᠬᠣᠷᠣᠭ᠎ᠠ ᠬᠣᠰᠢᠭᠤᠨ ᠤ ᠪᠠᠶᠢᠴᠠᠭᠠᠬᠤ ᠬᠣᠷᠢᠶ᠎ᠠ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠶ ᠭᠦᠶᠴᠡᠳᠬᠡᠵᠦ ᠂ 《ᠪᠠᠶᠢᠴᠠᠭᠠᠬᠤ ᠭᠡᠷᠡᠴᠢᠯᠡᠭᠡ ᠰᠣᠨᠣᠰᠬᠤ + ᠬᠡᠷᠡᠭ ᠢᠶᠡᠷ ᠬᠠᠤᠯᠢ ᠶᠢ ᠲᠠᠶᠢᠯᠪᠤᠷᠢᠯᠠᠬᠤ︾ ᠠᠷᠭ᠎ᠠ ᠬᠡᠯᠪᠡᠷᠢ ᠶᠢ ᠬᠦᠢᠴᠡᠳ ᠠᠰᠢᠭᠯᠠᠨ ᠣᠯᠠᠨ ᠲᠦᠮᠡᠨ ᠦ ᠬᠠᠤᠯᠢ ᠴᠠᠭᠠᠵᠠ ᠶᠢᠨ ᠲᠠᠨᠢᠯᠲᠠ ᠶᠢᠨ ᠡᠨᠳᠡᠭᠦᠷᠡᠯ ᠢ ᠠᠷᠢᠯᠭᠠᠵᠤ ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ  ᠬᠠᠥᠯᠢ ᠪᠠᠷ ᠵᠠᠰᠠᠬᠤ ᠬᠠᠯᠬᠠᠪᠴᠢ ᠶᠢ ᠨᠠᠩ ᠪᠠᠲᠤ ᠪᠠᠬᠢ ᠪᠣᠯᠭᠠᠬᠤ ᠳᠤ ᠬᠦᠴᠦᠨ ᠨᠡᠮᠡᠷᠢᠯᠡᠬᠦ ᠨᠢ ᠯᠠᠪᠲᠠᠢ᠃

 

ᠢᠷᠡᠯᠲᠡ
ᠡᠵᠡᠨ ᠬᠣᠷᠣᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro