ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠰᠢᠨ᠎ᠡ ᠵᠢᠯ ᠦᠨ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠪᠠ
2024 ᠣᠨ ᠤ 1 ᠰᠠᠷ᠎ᠠ ᠶᠢᠨ 2 ᠤᠨ ᠡᠳᠦᠷ᠂ ᠥᠷᠯᠥᠭᠡ ᠶᠢᠨ ᠥᠷ ᠦᠨ ᠲᠤᠶᠠᠭ᠎ᠠ ᠶᠢ ᠤᠭᠲᠤᠵᠤ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠰᠦᠷ ᠵᠢᠪᠬᠤᠯᠠᠩᠲᠤ ᠲᠤᠭ ᠮᠠᠨᠳᠤᠭᠤᠯᠬᠤ ᠶᠣᠰᠣᠯᠠᠯ ᠶᠠᠪᠤᠭᠤᠯᠵᠤ᠂ ᠠᠭᠤᠤ ᠶᠡᠬᠡ ᠡᠬᠡ ᠤᠯᠤᠰ ᠪᠣᠯᠤᠨ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠳᠠᠭᠠᠨ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ᠂ 2023 ᠣᠨ ᠡᠴᠡ ᠪᠠᠨᠰᠦᠷ ᠵᠢᠪᠬᠤᠯᠠᠩᠲᠠᠢ ᠪᠠᠷ ᠠᠶᠠᠷᠯᠠᠵᠤ᠂ 2024 ᠣᠨ ᠢᠶᠠᠨ ᠴᠢᠩ ᠰᠡᠳᠬᠢᠯ ᠡᠴᠡ ᠪᠡᠨ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃
ᠲᠣᠭ ᠮᠠᠨᠳᠤᠭᠤᠯᠬᠤ ᠶᠣᠰᠣᠯᠠᠯ ᠤᠨ ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠤᠯᠤᠰ ᠤᠨ ᠲᠣᠭ ᠤᠨ ᠳᠣᠸᠷ᠎ᠠ ᠶᠠᠷᠢᠶ᠎ᠠ ᠲᠠᠯᠪᠢᠪᠠ ᠃ ᠲᠡᠷᠡ ᠵᠢᠭᠠᠵᠤ ᠭᠠᠷᠭᠠᠭᠰᠠᠨ ᠨᠢ ᠂ ᠥᠩᠭᠡᠷᠡᠭᠰᠡᠨ ᠨᠢᠭᠡ ᠵᠢᠯ ᠳᠦ ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠪᠠᠶᠢᠭᠤᠯᠭ᠎ᠠ ᠂ ᠰᠢ ᠶᠢᠨ ᠫᠢᠩ ᠤᠨᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠠᠷᠠᠳ ᠤᠨ ᠳᠡᠭᠡᠳᠦ ᠪᠠᠶᠢᠴᠠᠭᠠᠬᠤ ᠬᠣᠷᠢᠢ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠤᠳᠤᠷᠢᠳᠤᠯᠭ᠎ᠠ ᠳᠣᠣᠷ᠎ᠠ᠂ ᠡᠭᠦᠷᠭᠡ ᠬᠠᠷᠢᠭᠤᠴᠠᠯᠭ᠎ᠠ ᠪᠠᠨ ᠲᠥᠪ ᠴᠢᠩᠭ᠎ᠠ ᠪᠠᠷ ᠭᠦᠢᠴᠡᠳᠬᠡᠵᠦ᠂ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠵᠣᠷᠢᠭ ᠢᠶᠠᠨ ᠬᠥᠪᠴᠢᠯᠡᠵᠦ᠂ ᠠᠵᠢᠯ ᠤᠨ ᠠᠮᠵᠢᠯᠲᠠ ᠪᠠᠷ ᠴᠢᠳᠠᠪᠤᠷᠢ ᠪᠠᠨ ᠳᠡᠭᠡᠭᠰᠢᠯᠡᠭᠦᠯᠵᠦ᠂ ᠡᠯ᠎ᠡ ᠲᠠᠯ᠎ᠠ ᠪᠠᠷ ᠪᠦᠷ ᠨᠡᠯᠢᠶᠡᠳ ᠳᠤᠪᠤᠢᠮ᠎ᠠ ᠠᠮᠵᠢᠯᠲᠠ ᠪᠦᠲᠦᠮᠵᠢ ᠣᠯᠵᠠᠢ᠃
ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠶᠢᠨ ᠲᠠᠯ᠎ᠠ ᠪᠠᠷ ᠂ ᠲᠣᠪᠣᠶᠢᠮ᠎ᠠ ᠠᠰᠠᠭᠤᠳᠠᠯ ᠢ ᠰᠢᠶᠳᠪᠦᠷᠢᠯᠡᠬᠦ ᠪᠡᠷ ᠭᠠᠷᠳᠠᠴᠠ ᠪᠣᠯᠭᠠᠵᠤ ᠂ ᠲᠤᠬᠠᠶᠢᠯᠠᠭᠰᠠᠨ ᠠᠵᠢᠯ ᠤᠨ ᠳᠠᠪᠰᠢᠯᠲᠠ ᠶᠢ ᠪᠥᠬᠥ ᠲᠠᠯ᠎ᠠ ᠪᠠᠷ ᠳᠥᠯᠭᠢᠨ ᠠᠭᠢᠭᠤᠯᠪᠠ᠃ ᠡᠷᠡᠭᠦᠦ ᠶᠢᠨ ᠬᠡᠷᠡᠭ ᠦᠨ ᠪᠠᠶᠢᠴᠠᠭᠠᠬᠤ ᠠᠵᠢᠯ ᠤᠨ 《ᠬᠣᠶᠠᠷ ᠳᠣᠣᠷ᠎ᠠ ᠪᠠᠶᠢᠬᠤ》 ᠠᠰᠠᠭᠤᠳᠠᠯ ᠪᠣᠯᠤᠨ ᠢᠷᠭᠡᠨ ᠦ ᠬᠡᠷᠡᠭ ᠦᠨ ᠪᠠᠶᠢᠴᠠᠭᠠᠬᠤ ᠠᠵᠢᠯ ᠤᠨ 《ᠬᠣᠶᠠᠷ ᠴᠥᠭᠡᠨ ᠪᠠᠶᠢᠬᠤ》 ᠠᠰᠠᠭᠤᠳᠠᠯ ᠢᠯᠡᠳᠲᠡ ᠲᠠᠪᠰᠢᠵᠤ᠂ ᠨᠢᠭᠡ ᠵᠢᠯ ᠳᠦ ᠥᠪᠡᠷ ᠢᠶᠡᠨ ᠲᠤᠷᠰᠢᠨ ᠪᠠᠶᠢᠴᠠᠭᠠᠭᠰᠠᠨ ᠬᠡᠷᠡᠭ ᠦᠨ 75 ᠬᠥᠮᠦᠨ ᠢ ᠬᠡᠷᠡᠭ ᠪᠣᠯᠭᠠᠨ ᠳᠠᠩᠰᠠᠯᠠᠵᠤ᠂ ᠨᠢᠳᠤᠨᠤᠨ ᠤ 43 ᠬᠥᠮᠦᠨ ᠡᠴᠡ 70% ᠪᠡᠷ ᠨᠡᠮᠡᠭᠳᠡᠪᠡ᠃ ᠡᠩᠨᠡᠭᠡᠨ ᠦ ᠪᠠᠶᠢᠭᠤᠯᠤᠯᠲᠠ ᠶᠢᠨ ᠲᠠᠯ᠎ᠠ ᠪᠠᠷ ᠂ ᠭᠣᠸᠯ ᠰᠡᠳᠦᠪᠲᠦ ᠬᠥᠮᠦᠵᠢᠯ ᠢᠶᠡᠷ ᠬᠦᠴᠦᠷᠬᠡᠭ ᠶᠡᠬᠡ ᠲᠦᠯᠬᠢᠴᠡ ᠬᠦᠴᠦᠨ ᠪᠣᠯᠭᠠᠵᠤ ᠂ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠬᠢᠭᠡᠳ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠳᠤ ᠴᠥᠮ ᠰᠢᠨ᠎ᠡ ᠬᠤᠪᠢᠷᠠᠯᠲᠠ ᠭᠠᠷᠴᠤ ᠂ ᠬᠡᠪ ᠴᠢᠨᠠᠷ ᠪᠠ ᠴᠢᠳᠠᠪᠤᠷᠢ ᠢᠯᠡᠳᠲᠡ ᠳᠡᠭᠡᠭᠰᠢᠯᠡᠪᠡ ᠃ ᠪᠠᠭᠤᠷᠠᠶ ᠬᠣᠷᠢᠶ᠎ᠠ ᠢ ᠪᠦᠬᠦᠨ ᠢᠶᠡᠷ ᠨᠢ ᠪᠠᠭᠤᠷᠠᠢ ᠠᠴᠠ ᠠᠩᠭᠢᠵᠢᠷᠠᠵᠤ ᠂ 18 ᠬᠤᠪᠢ ᠬᠥᠮᠦᠨ ᠮᠤᠵᠢ ᠶᠠᠮᠤᠨ ᠤ ᠲᠠᠰ ᠠᠴᠠ ᠳᠡᠭᠡᠭᠰᠢᠬᠢ ᠰᠠᠶᠢᠰᠢᠶᠠᠯ ᠢ ᠭᠥᠷᠳᠡᠪᠡ ᠂ ᠡᠭᠦᠨ ᠦ ᠳᠣᠲᠣᠷᠠᠬᠢ 8 ᠪᠠᠶᠢᠴᠠᠭᠠᠬᠤ ᠠᠵᠢᠯᠲᠠᠨ ᠨᠢ ᠪᠥᠬᠥ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ︽ ᠵᠢᠱᠢᠶᠡᠴᠢ ︾ ︽ ᠴᠢᠳᠠᠪᠤᠷᠢᠲᠠᠨ ︾ ︽ ᠲᠤᠰᠬᠠᠶ ᠮᠡᠷᠭᠡᠵᠢᠯᠲᠡᠨ ︾ ᠢᠶᠡᠷ ᠦᠨᠡᠯᠡᠭᠳᠡᠵᠦ ᠂ 9 ᠬᠠᠮᠲᠤ ᠨᠡᠶᠢᠲᠡ ᠨᠢ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠰᠠᠶᠢᠰᠢᠶᠠᠯ ᠢ ᠭᠥᠷᠳᠡᠪᠡ ᠃ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠵᠢᠨ ᠡᠩᠨᠡᠭᠡᠨ ᠦ ᠪᠠᠶᠢᠭᠤᠯᠤᠯᠲᠠ ᠶᠢᠨ ᠠᠵᠢᠯ ᠤᠨ ᠬᠤᠷᠠᠯ ᠵᠢᠴᠢ ᠠᠷᠪᠠᠳᠤᠭᠠᠷ ᠤᠳᠠᠭ᠎ᠠ ᠶᠢᠨ ︽ᠬᠣᠣᠰ ᠲᠡᠷᠢᠭᠦᠨ︾ ᠤ ᠬᠥᠬᠢᠭᠦᠯᠦᠨ ᠰᠠᠶᠢᠰᠢᠶᠠᠬᠤ ᠶᠡᠬᠡ ᠬᠤᠷᠠᠯ ᠳᠡᠭᠡᠷ᠎ᠡ᠂ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠵᠢᠨ 3 ᠬᠠᠮᠲᠤ ᠨᠡᠢᠲᠡ᠂ 6 ᠬᠤᠪᠢ ᠬᠥᠮᠦᠨ ᠢᠷᠠᠭᠤ ᠠᠯᠳᠠᠷᠲᠠᠢ ᠬᠦᠷᠲᠡᠪᠡ᠃ ᠪᠠᠶᠢᠭᠤᠯᠭ᠎ᠠ ᠵᠢᠨ ᠪᠠᠶᠢᠭᠤᠯᠤᠯᠲᠠ ᠶᠢᠨ ᠲᠠᠯ᠎ᠠ ᠪᠠᠷ᠂ ᠰᠢ ᠶᠢᠨ ᠫᠢᠩ ᠤᠨ ᠰᠣᠶᠣᠯ ᠦᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠦᠬᠦ ᠣᠷᠣᠨ ᠦ ᠪᠠᠶᠢᠴᠠᠭᠠᠬᠤ ᠪᠠᠶᠢᠭᠤᠯᠭ᠎ᠠ ᠵᠢᠨ ᠰᠤᠷᠲᠠᠯ ᠤᠬᠠᠭᠤᠯᠭ᠎ᠠ ᠰᠣᠶᠣᠯ ᠦᠨ ᠪᠠᠶᠢᠭᠤᠯᠤᠯᠲᠠ ᠶᠢᠨ ︽ᠨᠠᠢᠮᠠᠨ ᠡᠭᠦᠷᠭᠡ ︾ ︽ᠠᠷᠪᠠᠨ ᠠᠷᠭ᠎ᠠ ᠬᠡᠮᠵᠢᠢ᠎ᠡ︾ ᠢᠢ ᠲᠣᠭᠲᠠᠭᠠᠵᠤ᠂ ᠪᠠᠶᠢᠭᠤᠯᠭ᠎ᠠ ᠵᠢᠨ ᠲᠤᠮᠤ ᠠᠰᠠᠷ ᠲᠤ ᠸᠠᠩ ᠴᠢᠩ ᠲᠡᠶ ᠪᠠ ᠤᠷᠠᠯᠢᠭ ᠦᠨ ᠤᠷᠳᠤ ᠬᠤᠩᠬᠢᠯ ᠪᠠᠶᠢᠭᠤᠯᠵᠤ᠂ ᠢᠳᠡᠪᠬᠢᠲᠡᠢ ᠥᠭᠡᠳᠡᠷᠬᠡᠭ ᠪᠠᠶᠢᠭᠤᠯᠭ᠎ᠠ ᠵᠢᠨ ᠠᠵᠢᠯ ᠦᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠪᠠ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠂ 2023 ᠣᠨ ᠤ 12 ᠰᠠᠷ᠎ᠠ ᠶᠢᠨ 27 ᠤ ᠡᠳᠦᠷ ᠪᠥᠬᠥ ᠣᠷᠣᠨ ᠤ ᠲᠡᠮᠦᠷ ᠵᠠᠮ ᠤᠨ ᠪᠠᠶᠢᠴᠠᠭᠠᠯᠲᠠ ᠶᠢᠨ ᠪᠠᠶᠢᠭᠤᠯᠭ᠎ᠠ ᠵᠢᠨ ᠥᠭᠡᠷᠡᠴᠢᠯᠡᠯᠲᠡ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠤᠵᠤ ᠂ ᠥᠨᠥᠳᠦᠷ ᠡᠴᠡ ᠡᠬᠢᠯᠡᠨ ᠲᠡᠮᠦᠷ ᠵᠠᠮ ᠤᠨ ᠪᠠᠶᠢᠴᠠᠭᠠᠯᠲᠠ ᠶᠢᠨ ᠬᠣᠷᠢᠶ᠎ᠠ ᠰᠢᠨ᠎ᠡ ᠬᠡᠷᠡᠭ ᠰᠢᠶᠳᠪᠦᠷᠢᠯᠡᠬᠦ ᠰᠢᠰᠲ᠋ᠧᠮ ᠂ ᠰᠢᠨ᠎ᠡ ᠬᠠᠷᠢᠶᠠᠯᠠᠯ ᠤᠨ ᠬᠡᠪᠴᠢᠶ᠎ᠡ ᠪᠡᠷ ᠬᠡᠷᠡᠭ ᠢ ᠰᠢᠶᠳᠪᠦᠷᠢᠯᠡᠬᠦ ᠪᠣᠯᠤᠨ᠎ᠠ ᠃ ᠪᠠᠶᠢᠴᠠᠭᠠᠬᠤ ᠲᠤᠰᠢᠶᠠᠯᠲᠠᠨ ᠤ ᠳᠠᠪᠲᠠᠨ ᠪᠣᠯᠪᠠᠰᠤᠷᠠᠬᠤ ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠨᠢ ᠠᠵᠢᠯ ᠦᠢᠯᠡᠰ ᠪᠠ ᠠᠵᠤ ᠠᠬᠤᠶᠢᠯᠠᠯ ᠢ ᠰᠠᠯᠭᠠᠬᠤ ᠶᠢ ᠪᠡᠶᠡᠯᠡᠭᠦᠯᠵᠦ᠂ ᠬᠡᠷᠡᠭ ᠰᠢᠶᠳᠪᠦᠷᠢᠯᠡᠬᠦ ᠨᠢᠭᠡᠴᠢ ᠳᠦ ᠬᠡᠷᠡᠭ ᠰᠢᠶᠳᠪᠦᠷᠢᠯᠡᠬᠦ ᠬᠠᠷᠢᠴᠠᠩᠭᠤᠶ ᠪᠠᠷ ᠪᠡᠶ᠎ᠡ ᠪᠡᠨ ᠳᠠᠭᠠᠭᠠᠭᠰᠠᠨ ᠭᠠᠵᠠᠷ ᠬᠠᠩᠭᠠᠭᠰᠠᠨ ᠪᠠᠶᠢᠨ᠎ᠠ᠃ ᠲᠣᠭ᠎ᠠ ᠪᠠᠷᠢᠮᠲᠠ ᠶᠢ ᠪᠠᠶᠢᠴᠠᠭᠠᠬᠤ ᠲᠠᠯ᠎ᠠ ᠪᠠᠷ ᠂ ᠠᠵᠢᠯ ᠤᠨ ᠠᠮᠵᠢᠯᠲᠠ ᠲᠣᠪᠣᠶᠢᠮ᠎ᠠ ᠪᠠᠶᠢᠨ᠎ᠠ ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠶᠢᠰᠦᠳᠦᠭᠡᠷ ᠪᠠᠶᠢᠴᠠᠭᠠᠬᠤ ᠬᠡᠯᠲᠡᠰ ᠪᠣᠯᠤᠨ ᠲᠤᠭᠠᠵᠢᠭᠤᠯᠤᠭᠰᠠᠨ ᠪᠠᠶᠢᠴᠠᠭᠠᠬᠤ ᠠᠯᠪᠠᠨ ᠬᠡᠷ ᠦᠨ ᠵᠢᠯᠣᠭᠣᠳᠣᠯᠭ᠎ᠠ ᠳᠣᠸᠷ᠎ᠠ ᠂ ᠣᠷᠳᠣᠰ ᠬᠣᠲᠠ ᠶᠢᠨ ᠳ᠋ᠦᠩᠱᠧᠩ ᠲᠣᠭᠣᠷᠢᠭ ᠤᠨ ᠪᠠᠶᠢᠴᠠᠭᠠᠬᠤ ᠬᠣᠷᠢᠶ᠎ᠠ ᠶᠢᠨ ︽ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠬᠡᠪ ᠦᠨ ᠪᠤᠰᠤ ᠳ᠋ᠢᠶᠠᠩᠬᠤᠸᠠ ᠶᠢᠨ ᠺᠠᠷᠲ ᠤᠨ ᠵᠠᠭᠪᠤᠷ ︾ ᠨᠢ ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ᠳᠤ ᠵᠢᠯᠣᠭᠣᠳᠣᠯᠭ᠎ᠠ ᠶᠢᠨ ᠴᠢᠨᠠᠷᠲᠠᠶ ᠬᠡᠷᠡᠭ ᠦᠨ ᠵᠢᠱᠢᠶ᠎ᠡ ᠪᠡᠷ ᠦᠨᠡᠯᠡᠭᠳᠡᠵᠦ ᠂ ᠥᠪᠥᠷ ᠮᠣᠩᠭᠣᠯ ᠤᠨ ᠪᠠᠶᠢᠴᠠᠭᠠᠬᠤ ᠠᠵᠢᠯ ᠤᠨ ᠲᠡᠸᠬᠡᠨ ᠳᠡᠭᠡᠷᠡᠬᠢ ᠬᠣᠭᠣᠰᠣᠨ ᠢ ᠡᠪᠳᠡᠵᠦ ᠂ ᠵᠢᠯᠣᠭᠣᠳᠣᠯᠭ᠎ᠠ ᠶᠢᠨ ᠴᠢᠨᠠᠷᠲᠠᠶ ᠠᠩᠬᠠᠳᠠᠭᠴᠢ ᠬᠡᠷᠡᠭ ᠦᠨ ᠵᠢᠱᠢᠶ᠎ᠡ ᠪᠣᠯᠤᠭᠰᠠᠨ ᠪᠠᠶᠢᠨ᠎ᠠ ᠃ ᠨᠡᠶᠢᠲᠡᠯᠢᠭ ᠬᠡᠷᠡᠭ ᠦᠨ ᠵᠢᠱᠢᠶ᠎ᠡ ᠶᠢᠨ ᠲᠠᠯ᠎ᠠ ᠪᠠᠷ ᠂ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠵᠢᠨ 15 ᠨᠡᠶᠢᠲᠡᠯᠢᠭ ᠬᠡᠷᠡᠭ ᠦᠨ ᠵᠢᠱᠢᠶ᠎ᠡ ᠶᠢ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠨᠡᠷ᠎ᠡ ᠪᠡᠷ ᠨᠡᠶᠢᠲᠡᠯᠡᠵᠦ ᠂ 14 ᠨᠡᠶᠢᠲᠡᠯᠢᠭ ᠬᠡᠷᠡᠭ ᠦᠨ ᠵᠢᠱᠢᠶ᠎ᠡ ᠶᠢ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠡᠯ᠎ᠡ ᠲᠢᠩᠬᠢᠮ ᠲᠣᠪᠴᠢᠶ᠎ᠠ ᠠᠴᠠ ᠨᠡᠶᠢᠲᠡᠯᠡᠵᠦ ᠂ ᠨᠡᠶᠢᠲᠡ 39 ᠨᠡᠶᠢᠲᠡᠯᠢᠭ ᠬᠡᠷᠡᠭ ᠦᠨ ᠵᠢᠱᠢᠶ᠎ᠡ ᠪᠠ 1 ᠵᠢᠯᠣᠭᠣᠳᠬᠤ ᠴᠢᠨᠠᠷᠲᠠᠶ ᠬᠡᠷᠡᠭ ᠦᠨ ᠵᠢᠱᠢᠶ᠎ᠡ ᠪᠡᠷ ᠬᠡᠪ ᠳᠠᠭᠤᠷᠢᠶᠠᠯ ᠪᠣᠯᠭᠠᠵᠤ ᠂ ᠪᠥᠬᠥ ᠤᠯᠤᠰ ᠤᠨ ᠪᠠᠶᠢᠴᠠᠭᠠᠬᠤ ᠦᠶᠯᠡᠰ ᠲᠦ ᠥᠪᠥᠷ ᠮᠣᠩᠭᠣᠯ ᠤᠨ ᠭᠠᠷᠮᠠᠭᠠᠶ ᠬᠤᠪᠢ ᠨᠡᠮᠡᠷᠢ ᠶᠢ ᠦᠵᠡᠭᠦᠯᠦᠭᠰᠡᠨ ᠪᠠᠶᠢᠨ᠎ᠠ ᠃
ᠯᠢ ᠶᠦᠩ ᠵᠢᠶᠦ᠋ᠨ ᠴᠢᠬᠤᠯᠠᠴᠢᠯᠠᠭᠰᠠᠨ ᠨᠢ ᠂ 2023 ᠣᠨ ᠳᠤ ᠥᠪᠥᠷ ᠮᠣᠩᠭᠣᠯ ᠤᠨ ᠪᠠᠶᠢᠴᠠᠭᠠᠬᠤ ᠠᠵᠢᠯ ᠳᠤ ᠠᠪᠴᠤ ᠬᠡᠯᠡᠪᠡᠯ ᠣᠨᠴᠠᠭᠠᠶ ᠨᠢᠭᠡ ᠵᠢᠯ ᠪᠣᠯᠤᠨ᠎ᠠ ᠂ ︽ ᠨᠢᠭᠡ ᠵᠢᠯ ᠳᠦ ᠨᠢᠭᠡ ᠪᠠᠭ᠎ᠠ ᠬᠤᠪᠢᠷᠠᠯᠲᠠ ᠭᠠᠷᠭᠠᠬᠤ ︾ ᠬᠠᠷᠠᠯᠲᠠ ᠶᠢ ᠪᠠᠶᠠᠯᠡᠭᠦᠯᠵᠦ ᠂ ᠨᠢᠭᠡᠨᠲᠡ ᠣᠯᠤᠭᠰᠠᠨ ᠠᠮᠵᠢᠯᠲᠠ ᠪᠦᠲᠦᠮᠵᠢ ᠨᠢ ᠰᠡᠳᠬᠢᠯ ᠥᠭᠡᠳᠡ ᠂ ᠵᠠᠮ ᠵᠥᠪ ᠯᠡ ᠪᠣᠯ ᠳᠠᠷᠤᠶ ᠴᠠᠭ ᠦᠶ᠎ᠡ ᠳᠦ ᠣᠰᠣᠯᠳᠠᠬᠤ ᠥᠬᠡᠶ ᠠᠮᠵᠢᠯᠲᠠ ᠪᠦᠲᠦᠮᠵᠢ ᠶᠢ ᠣᠯᠵᠤ ᠴᠢᠳᠠᠨ᠎ᠠ ᠭᠡᠳᠡᠭ ᠢ ᠭᠡᠷᠡᠴᠢᠯᠡᠪᠡ ᠃ 2024 ᠣᠨ ᠳᠤ 《ᠬᠣᠶᠠᠷ ᠵᠢᠯ ᠳᠦ ᠨᠡᠯᠢᠶᠡᠳ ᠬᠤᠪᠢᠷᠠᠯᠲᠠ ᠭᠠᠷᠭᠠᠬᠤ》 ᠬᠠᠷᠠᠯᠲᠠ ᠶᠢ ᠪᠡᠶᠡᠯᠡᠭᠦᠯᠵᠦ᠂ ᠡᠷᠡᠭᠦᠦ ᠶᠢᠨ ᠬᠡᠷᠡᠭ ᠦᠨ ᠪᠠᠶᠢᠴᠠᠭᠠᠬᠤ ᠠᠵᠢᠯ ᠤᠨ 《ᠭᠤᠷᠪᠠᠨ ᠥᠨᠳᠥᠷ ᠬᠣᠶᠠᠷ ᠳᠣᠣᠷ᠎ᠠ》᠂ ᠢᠷᠭᠡᠨ ᠦ ᠬᠡᠷᠡᠭ ᠦᠨ ᠪᠠᠶᠢᠴᠠᠭᠠᠬᠤ ᠠᠵᠢᠯ ᠤᠨ 《ᠭᠤᠷᠪᠠᠨ ᠳᠣᠣᠷ᠎ᠠ ᠬᠣᠶᠠᠷ ᠴᠥᠭᠡᠨ》 ᠵᠡᠷᠭᠡ ᠲᠤᠪᠤᠢᠢᠮ᠎ᠠ ᠠᠰᠠᠭᠤᠳᠠᠯ ᠢ ᠦᠷᠭᠦᠯᠵᠢᠯᠡᠨ ᠬᠦᠴᠦ ᠲᠠᠯᠪᠢᠨ ᠰᠢᠶᠳᠪᠦᠷᠢᠯᠡᠵᠦ᠂ ᠢᠷᠡᠬᠦ ᠵᠢᠯ ᠦᠨ 《ᠶᠡᠬᠡ ᠬᠤᠪᠢᠷᠠᠯᠲᠠ》 ᠳᠤ ᠨᠥᠬᠥᠴᠡᠯ ᠪᠦᠷᠢᠯᠳᠦᠭᠦᠯᠵᠦ ᠥᠭᠬᠦ ᠬᠡᠷᠡᠭᠲᠡᠶ᠃ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠪᠣᠯᠤᠨ ᠪᠠᠶᠢᠴᠠᠭᠠᠬᠤ ᠠᠵᠢᠯᠲᠠᠳ ᠰᠡᠳᠬᠢᠯ ᠢᠶᠡᠨ ᠨᠢᠭᠡᠳᠬᠡᠨ ᠬᠦᠴᠦ ᠪᠡᠨ ᠬᠠᠮᠲᠤᠳᠬᠠᠵᠤ᠂ ᠳᠡᠭᠡᠳᠦ ᠳᠤᠤᠷᠠᠳᠤ ᠱᠠᠳᠤ ᠪᠠᠷ ᠢᠶᠠᠨ ᠰᠡᠳᠬᠢᠯ ᠢᠶᠡᠨ ᠨᠢᠭᠡᠳᠬᠡᠵᠦ᠂ ᠥᠪᠥᠷ ᠮᠣᠩᠭᠣᠯ ᠤᠨ ᠪᠠᠶᠢᠴᠠᠭᠠᠬᠤ ᠦᠢᠯᠡᠰ ᠦᠨ ᠰᠢᠨ᠎ᠡ ᠨᠢᠭᠡ ᠵᠢᠯ ᠳᠦ ᠳᠠᠬᠢᠨᠲᠠ ᠰᠢᠯᠢᠳᠡᠭ ᠠᠮᠵᠢᠯᠲᠠ ᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠯᠢ ᠶᠦᠩ ᠵᠢᠶᠦ᠋ᠨ ᠪᠠᠰᠠ ᠠᠵᠢᠯ ᠤᠨ ᠪᠦᠲᠦᠮᠵᠢ ᠲᠣᠪᠣᠶᠢᠮ᠎ᠠ ᠰᠠᠯᠠᠭ᠎ᠠ ᠮᠥᠴᠢᠷ ᠪᠣᠯᠤᠨ ᠠᠶᠢᠮᠠᠭ ᠬᠣᠲᠠ ᠶᠢᠨ ᠬᠣᠷᠢᠶ᠎ᠠ ᠶᠢ ᠰᠠᠶᠢᠰᠢᠶᠠᠨ ᠵᠣᠷᠢᠭᠵᠢᠭᠤᠯᠵᠠᠶ ᠃ ᠪᠠᠶᠢᠴᠠᠭᠠᠬᠤ ᠠᠵᠢᠯᠲᠠᠨ ᠢᠯᠡᠷᠬᠡᠶᠢᠯᠡᠬᠦ ᠳᠡᠭᠡᠨ ᠂ ᠥᠨᠥᠳᠦᠷ ᠦᠨ ᠤᠯᠤᠰ ᠤᠨ ᠲᠣᠭ ᠮᠠᠨᠳᠤᠭᠤᠯᠬᠤ ᠶᠣᠰᠣᠯᠠᠯ ᠨᠢ ᠬᠥᠮᠦᠰ ᠦᠨ ᠰᠡᠳᠬᠢᠯ ᠢ ᠬᠥᠭᠵᠢᠭᠡᠵᠦ ᠂ ᠡᠭᠦᠷᠭᠡ ᠬᠠᠷᠢᠭᠤᠴᠠᠯᠭ᠎ᠠ ᠲᠥᠪ ᠴᠢᠩᠭ᠎ᠠ ᠠᠷᠢᠭᠤᠨ ᠳᠠᠷᠬᠠᠨ ᠭᠡᠳᠡᠭ ᠢ ᠨᠠᠩ ᠢᠯᠡᠭᠦᠸ ᠮᠡᠳᠡᠷᠡᠭᠦᠯᠵᠦ ᠪᠠᠶᠢᠨ᠎ᠠ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠦ ᠶᠠᠷᠢᠶ᠎ᠠ ᠨᠢ ᠣᠯᠠᠨ ᠢ ᠰᠢᠨ᠎ᠡ ᠵᠢᠯ ᠦᠨ ᠡᠬᠢ ᠪᠡᠷ ᠴᠣᠭ ᠰᠦᠯᠳᠡ ᠪᠡᠨ ᠪᠠᠳᠠᠷᠠᠭᠤᠯᠵᠤ ᠂ ᠡᠷᠴᠢ ᠵᠣᠷᠢᠭ ᠢᠶᠠᠨ ᠬᠥᠪᠴᠢᠯᠡᠵᠦ ᠂ ᠢᠯᠠᠯᠲᠠ ᠶᠢᠨ ᠡᠷᠴᠢᠨ ᠳᠡᠭᠡᠷ᠎ᠡ ᠡᠷᠡᠯᠬᠡᠭᠯᠡᠨ ᠤᠷᠤᠭᠰᠢᠯᠠᠬᠤ ᠰᠢᠨ᠎ᠡ ᠨᠢᠭᠡ ᠵᠢᠯ ᠢ ᠡᠬᠢᠯᠡᠭᠦᠯᠵᠦ ᠂ 2024 ᠣᠨ ᠳᠤ ᠨᠠᠩ ᠰᠢᠷᠭᠠᠭᠤ ᠠᠵᠢᠯᠯᠠᠵᠤ ᠂ ᠴᠢᠷᠮᠠᠶᠢᠨ ᠲᠡᠮᠡᠴᠡᠵᠦ ᠂ ᠥᠪᠥᠷ ᠮᠣᠩᠭᠣᠯ ᠤᠨ ᠪᠠᠶᠢᠴᠠᠭᠠᠬᠤ ᠠᠵᠢᠯ ᠳᠤ ᠥᠪᠡᠷ ᠦᠨ ᠬᠤᠪᠢ ᠨᠡᠮᠡᠷᠢ ᠪᠡᠨ ᠦᠵᠡᠭᠦᠯᠬᠦ ᠬᠡᠷᠡᠭᠲᠡᠶ ᠭᠡᠳᠡᠭ ᠢ ᠮᠡᠳᠡᠷᠡᠭᠦᠯᠵᠡᠢ ᠭᠡᠵᠡᠶ ᠃