ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

 ﹇ᠪᠠᠶᠠᠷ ᠤᠨ ᠮᠡᠳᠡᠭᠡ﹈ ᠬᠤᠷᠴᠢᠨ ᠵᠡᠭᠦᠨ ᠭᠠᠷᠣᠨ ᠬᠤᠶᠢᠳᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠳᠣᠮᠳᠠᠳᠦ ᠶᠢᠨ ᠦᠨᠳᠦᠰᠦᠳᠡᠨ ᠤ ᠬᠠᠮᠳᠦ  ᠵᠢᠨ ᠴᠣᠭᠴᠠ ᠶᠢᠨ ᠣᠬᠠᠮᠰᠠᠷ ᠢ ᠪᠠᠳᠣᠵᠢᠭᠤᠯᠬᠤ ︽ᠠᠨᠠᠷ ᠤᠨ ᠦᠷ᠎ᠡ ᠶᠢᠨ ᠬᠢᠴᠢᠶᠡᠯ ᠤᠨ ᠲᠠᠩᠬᠢᠮ︾  ᠤᠨ ᠢᠷᠠᠭᠤ ᠠᠯᠳᠠᠷ  ᠬᠦᠷᠲᠡᠪᠡ

2024-03-21 15:32:54
ᠵᠣᠬᠢᠶᠠᠭᠴᠢ
ᠸᠧᠢ ᠶᠢᠨ ᠷᠦᠩ

 

 

 

         ᠣᠶᠢᠷ᠎ᠠ ᠳᠤ ᠪᠣᠯᠣᠬᠰᠠᠨ ᠬᠤᠷᠴᠢᠨ ᠵᠡᠭᠦᠨ ᠭᠠᠷᠣᠨ ᠬᠤᠶᠢᠳᠦ ᠬᠤᠰᠢᠭᠤᠨ ᠤ ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠲᠠ ᠵᠢᠨ ᠵᠢᠱᠢᠶᠡᠴᠢ ᠬᠤᠰᠢᠭᠤ ᠶᠢ ᠪᠠᠶᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ ᠳᠡᠭᠡᠷ᠎ᠡ ᠬᠤᠷᠴᠢᠨ ᠵᠡᠭᠦᠨ ᠭᠠᠷᠣᠨ ᠬᠤᠶᠢᠳᠣ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠣᠮᠳᠠᠳᠦ ᠶᠢᠨ ᠦᠨᠳᠦᠰᠦᠳᠡᠨ ᠤ ᠬᠠᠮᠳᠦ ᠵᠢᠨ ᠴᠣᠭᠴᠠ ᠶᠢᠨ ᠣᠬᠠᠮᠰᠠᠷ ᠢ ᠪᠠᠳᠣᠵᠢᠭᠤᠯᠬᠤ ︽ᠠᠨᠠᠷ ᠤᠨ ᠦᠷ᠎ᠡ ᠶᠢᠨ ᠬᠢᠴᠢᠶᠡᠯ ᠤᠨ ᠲᠠᠩᠬᠢᠮ︾  ᠬᠤᠰᠢᠭᠤᠨ ᠤ  ᠳᠣᠮᠳᠠᠳᠦ ᠶᠢᠨ ᠦᠨᠳᠦᠰᠦᠳᠡᠨ ᠤ ᠬᠠᠮᠳᠦ ᠵᠢᠨ ᠴᠣᠭᠴᠠ ᠶᠢᠨ ᠣᠬᠠᠮᠰᠠᠷ ᠢ ᠪᠠᠳᠣᠵᠢᠭᠤᠯᠬᠤ ︽ᠠᠨᠠᠷ ᠤᠨ ᠦᠷ᠎ᠡ +N︾ ᠰᠢᠷᠢᠰ ᠨᠡᠷᠡᠲᠦ ᠪᠦᠲᠦᠭᠡᠭᠳᠡᠭᠦᠨ ᠤ ᠵᠢᠱᠢᠶᠡᠴᠢ ᠪᠠᠶᠢᠭᠤᠯᠭ᠎ᠠ ᠶᠢᠨ ᠫᠠᠶᠢᠰᠠ ᠳᠣᠰᠴᠠᠢ᠃

         ᠬᠤᠷᠴᠢᠨ ᠵᠡᠭᠦᠨ ᠭᠠᠷᠣᠨ ᠬᠤᠶᠢᠳᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠭᠠᠵᠠᠷ ᠣᠷᠣᠨ ᠤ ᠣᠨᠴᠠᠯᠢᠭ ᠪᠠ ᠪᠠᠶᠢᠴᠠᠭᠠᠬᠤ ᠠᠵᠢᠯ ᠤᠨ ᠪᠣᠳᠠᠳᠣ ᠣᠶᠢᠯᠡᠳᠦᠯᠭᠡ  ᠳᠤ ᠰᠠᠭᠤᠷᠢᠯᠠᠨ᠂ ︽1+ N︾ ᠠᠨᠠᠷ ᠤᠨ ᠦᠷ᠎ᠡ ᠶᠢᠨ ᠪᠠᠶᠢᠴᠠᠭᠠᠬᠤ ᠨᠡᠷᠡᠲᠦ ᠳᠡᠮᠳᠡᠭᠳᠦ ᠶᠢ ᠰᠢᠰᠲ᠋ᠧᠮ ᠲᠠᠢ ᠪᠠᠶᠢᠭᠤᠯᠵᠣ᠂ ᠰᠦᠯᠵᠢᠶᠡᠨ ᠤ ᠪᠠ ᠪᠣᠳᠠᠳᠣ ᠲᠠᠩᠬᠢᠮ ᠤᠨ ︽ᠠᠨᠠᠷ ᠤᠨ ᠦᠷ᠎ᠡ ᠶᠢᠨ ᠬᠢᠴᠢᠶᠡᠯ ᠤᠨ ᠲᠠᠩᠬᠢᠮ︾  ᠢ ᠢᠳᠡᠪᠬᠢᠲᠡᠢ ᠪᠠᠶᠢᠭᠤᠯᠣᠨ᠂ ᠰᠣᠷᠣᠯᠴᠠᠬᠤ ᠪᠠᠷ ᠳᠠᠮᠵᠢᠨ ᠴᠢᠳᠠᠪᠦᠷᠢ ᠪᠠᠨ ᠨᠡᠮᠡᠭᠳᠡᠭᠦᠯᠬᠦ  ᠶᠢ ᠪᠠᠷᠢᠮᠳᠠᠯᠠᠵᠣ᠂ ᠬᠡᠷᠡᠭᠯᠡᠬᠦ ᠶᠢᠨ ᠲᠦᠯᠦᠭᠡ ᠰᠣᠷᠣᠯᠴᠠᠬᠤ ᠶᠢ ᠦᠨᠡᠨᠬᠦ ᠬᠦᠭᠡᠴᠡᠯᠳᠦᠨ᠂ ᠪᠠᠶᠢᠴᠠᠭᠠᠬᠤ ᠡᠩᠨᠡᠭᠡᠨ ᠤ ᠬᠡᠪ ᠴᠢᠳᠠᠪᠣᠷᠢ ᠶᠢᠨ ᠳᠡᠭᠡᠭᠰᠢᠯᠡᠯᠲᠡ ᠵᠢᠨ ᠬᠢᠵᠠᠭᠠᠷᠯᠠᠯ ᠨᠦᠭᠦᠴᠡᠯ ᠢ ᠡᠪᠳᠡᠨ᠂ ᠪᠠᠶᠢᠴᠠᠭᠠᠬᠤ ᠠᠵᠢᠯ ᠤᠨ ᠦᠨᠳᠦᠷ ᠪᠦᠲᠦᠮᠵᠢᠲᠡᠢ ᠬᠦᠭᠵᠢᠯᠲᠡ ᠶᠢ ᠠᠬᠢᠭᠤᠯᠪᠠ᠃
          ᠨᠢᠭᠡ᠂ ᠨᠢᠭᠡᠲᠦᠯᠲᠡᠢ ᠲᠦᠰᠦᠪᠯᠡᠵᠦ᠂ ᠦᠨᠳᠦᠰᠦᠨ ᠱᠠᠲᠣᠨ ᠤ ᠬᠢᠴᠢᠶᠡᠯᠯᠡᠬᠦ ᠲᠠᠩᠬᠢᠮ ᠤᠨ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠪᠠ᠃
         ᠬᠤᠷᠴᠢᠨ ᠵᠡᠭᠦᠨ ᠭᠠᠷᠣᠨ ᠬᠤᠶᠢᠳᠣ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ 2016 ᠣᠨ ᠳᠤ ᠲᠥᠩᠯᠢᠶᠥᠥ ᠬᠤᠳᠠ ᠶᠢᠨ ᠣᠬᠠᠭᠤᠯᠬᠤ ᠬᠡᠯᠲᠡᠰ  ᠲᠤ ᠦᠨᠳᠦᠰᠦᠨ ᠱᠠᠳᠣᠨ ᠤ ᠵᠢᠱᠢᠶᠡᠴᠢ ᠬᠢᠴᠢᠶᠡᠯ ᠤᠨ ᠲᠠᠩᠬᠢᠮ ᠢᠶᠡᠷ ᠦᠨᠡᠯᠡᠭᠳᠡᠭᠰᠡᠨ ᠰᠠᠭᠤᠷᠢᠨ ᠳᠡᠭᠡᠷ᠎ᠡ᠂ ︽ ᠡᠷᠲᠡᠯᠡᠨ ᠰᠣᠷᠴᠣ ᠡᠷᠲᠡ ᠪᠣᠯᠪᠠᠰᠣᠷᠠᠬᠤ︾᠂ ︽ᠪᠠᠶᠢᠴᠠᠭᠠᠬᠤ ᠳᠣᠰᠢᠶᠠᠯᠳᠠᠨ ᠪᠠᠶᠢᠴᠠᠭᠠᠬᠤ ᠦᠯᠢᠭᠡᠷ ᠪᠠᠨ ᠶᠠᠷᠢᠬᠤ︾᠂ ︽ᠨᠠᠮ ᠤᠨ ᠳᠡᠥᠬᠡ ᠶᠢ ᠰᠣᠷᠴᠣ᠂ ᠦᠵᠡᠯ ᠰᠠᠨᠠᠭ᠎ᠠ ᠶᠢ ᠣᠬᠠᠨ᠂ ᠪᠣᠳᠠᠳᠣ ᠠᠵᠢᠯ ᠬᠢᠵᠦ᠂ ᠰᠢᠨ᠎ᠡ ᠦᠢᠯᠡᠰ ᠪᠦᠲᠦᠭᠡᠬᠦ︾ ᠵᠡᠷᠭᠡ ᠬᠦᠳᠡᠯᠭᠡᠭᠡᠨ ᠢᠶᠠᠷ ᠳᠠᠮᠵᠢᠨ᠂ ᠪᠠᠶᠢᠴᠠᠭᠠᠬᠤ ᠠᠵᠢᠯᠲᠠᠳ ᠤᠨ ᠦᠵᠡᠯ ᠣᠬᠠᠮᠰᠠᠷ ᠤᠨ ᠦᠨᠳᠦᠰᠦ ᠰᠠᠭᠤᠷᠢ ᠶᠢ ᠴᠢᠩᠭ᠎ᠠ ᠪᠠᠳᠣᠵᠢᠭᠤᠯᠪᠠ᠃ ᠦᠨᠦ ᠵᠢᠯ ᠤᠨ 3 ᠰᠠᠷ᠎ᠠ ᠳᠤ  ᠲᠤᠰ ᠬᠤᠷᠢᠶ᠎ᠠ ︽ᠠᠨᠠᠷ ᠤᠨ ᠦᠷ᠎ᠡ ᠶᠢᠨ ᠬᠢᠴᠢᠶᠡᠯ ᠤᠨ ᠲᠠᠩᠬᠢᠮ︾ ᠤᠨ ᠫᠠᠶᠢᠰᠠ ᠡᠯᠭᠦᠭᠰᠡᠨ ᠠᠴᠠ ᠨᠠᠰᠢ ︽ ᠺᠠᠳ᠋ᠷ ᠠᠵᠢᠯᠲᠡᠨ ᠬᠡᠴᠢᠶᠠᠯ ᠶᠠᠷᠢᠬᠤ︾᠂ ︽ᠪᠠᠶᠢᠴᠠᠭᠠᠭᠴᠢ ᠬᠢᠴᠢᠶᠡᠯ ᠤᠨ ᠳᠠᠶᠢᠰᠠᠨ ᠳᠤ ᠰᠠᠭᠠᠳᠠᠬᠤ︾᠂ ︽ᠬᠡᠯᠲᠡᠰ ᠤᠨ ᠬᠠᠷᠢᠭᠤᠴᠠᠯᠭᠠᠳᠠᠨ ᠬᠢᠴᠢᠶᠡᠯ ᠶᠠᠷᠢᠬᠤ︾᠂ ︽ᠳᠣᠰᠬᠠᠢ ᠮᠡᠷᠭᠡᠵᠢᠯᠲᠡᠨ ᠬᠢᠴᠢᠶᠡᠯ ᠶᠠᠷᠢᠬᠤ︾ ᠵᠡᠷᠭᠡ ᠳᠣᠰᠬᠠᠢ ᠰᠡᠳᠦᠪᠳᠦ ᠪᠣᠯᠪᠠᠰᠣᠷᠠᠯ ᠢ 22 ᠣᠳᠠᠭ᠎ᠠ ᠦᠷᠨᠢᠭᠦᠯᠵᠤ᠂ ︽ᠭᠤᠷᠪᠠᠨ ᠪᠦᠷᠢᠮᠦᠰᠦᠨ ᠮᠠᠶ᠋ᠢᠭ︾  ᠤᠨ ᠳᠠᠳᠣᠯᠭ᠎ᠠ ᠪᠣᠯᠪᠠᠰᠣᠷᠠᠯ ᠤᠨ ᠠᠵᠢᠯ ᠤᠨ ᠱᠠᠭᠠᠷᠳᠠᠯᠭ᠎ᠠ ᠶᠢ ᠣᠯᠠᠮ ᠪᠣᠳᠠᠳᠠᠶᠢᠵᠢᠭᠤᠯᠪᠠ᠃
        ᠬᠤᠶᠠᠷ᠂ ᠬᠠᠮ ᠵᠠᠭᠤᠴᠢᠯᠠᠭᠤᠷ  ᠲᠤ ᠲᠦᠰᠢᠭᠯᠡᠨ᠂ ᠰᠦᠯᠵᠢᠶᠡᠨ ᠳ᠋ᠡᠬᠢ ︽ᠡᠭᠦᠯᠡᠨ ᠬᠢᠴᠢᠶᠡᠯ ᠤᠨ ᠲᠠᠩᠬᠢᠮ︾ ᠶᠢ ᠰᠠᠶᠢᠳᠣᠷ ᠠᠰᠢᠭᠯᠠᠪᠠ᠃
       ᠬᠤᠷᠴᠢᠨ ᠵᠡᠭᠦᠨ ᠭᠠᠷᠣᠨ ᠬᠤᠶᠢᠳᠣ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠠᠮ ᠵᠠᠭᠤᠴᠢᠯᠠᠭᠤᠷ ᠤᠨ ᠠᠵᠢᠯ ᠤᠨ ᠳᠠᠰᠤᠭ  ᠲᠤ ᠲᠦᠰᠢᠭᠯᠡᠵᠦ᠂ ᠨᠡᠶᠢᠲᠡ ᠶᠢᠨ ᠳ᠋ᠣᠭᠠᠷ  ᠲᠤ ᠪᠠᠨ ᠠᠨᠠᠷ ᠤᠨ ᠦᠷ᠎ᠡ ᠶᠢᠨ ᠪᠢᠴᠢᠯ ᠬᠢᠴᠢᠶᠡᠯ ᠤᠨ ᠲᠠᠩᠬᠢᠮ ᠪᠠ ᠨᠠᠮ ᠤᠨ ᠬᠤᠷᠢᠳᠣᠭᠠᠷ ᠶᠡᠭᠡ ᠬᠤᠷᠠᠯ ᠤᠨ ᠸᠢᠴᠠᠲ ᠤᠨ ᠬᠢᠴᠢᠶᠡᠯ ᠤᠨ ᠲᠠᠩᠬᠢᠮ ᠤᠨ ᠬᠦᠳᠡᠯᠭᠡᠭᠡᠨ  ᠶᠢ ᠦᠷᠨᠢᠭᠦᠯᠵᠤ᠂ ᠭᠠᠳᠠᠭᠰᠢ  ᠭᠠᠷᠴᠦ ᠠᠵᠢᠯᠯᠠᠵᠤ ᠪᠠᠶᠢᠭ᠎ᠠ  ᠬᠦᠮᠦᠰ ᠲᠤ ᠳᠦᠭᠦᠮ ᠦᠵᠡᠭᠦᠯᠬᠦ ᠶᠢᠨ ᠬᠠᠮᠳᠦ ᠬᠤᠷᠢᠶᠠᠨ ᠤ ᠪᠠᠶᠢᠴᠠᠭᠠᠬᠤ ᠠᠵᠢᠯᠲᠠᠳ ᠤᠨ ︽ᠰᠣᠯᠡ ᠴᠠᠭ ᠲᠤ ᠪᠠᠨ ᠶᠠᠭᠤ ᠰᠣᠷᠣᠯᠴᠠᠬᠤ ︾  ᠠᠰᠠᠭᠤᠳᠠᠯ  ᠢ ᠰᠢᠢᠳᠪᠦᠷᠢᠯᠡᠨ ᠦᠭᠴᠡᠢ᠃ ᠠᠨᠠᠷ ᠤᠨ ᠦᠷ᠎ᠡ ᠶᠢᠨ ᠪᠢᠴᠢᠯ ᠬᠢᠴᠢᠶᠡᠯ ᠳᠡᠭᠡᠷ᠎ᠡ ᠦᠨᠳᠦᠰᠦᠳᠡᠨ ᠤ ᠲᠦᠷᠦ ᠶᠢᠨ ᠪᠣᠳᠣᠯᠭ᠎ᠠ᠂ ᠣᠯᠣᠰ ᠤᠨ ᠨᠢᠭᠡᠲᠦᠯᠲᠡᠢ ᠬᠡᠷᠡᠭᠯᠡᠵᠦ ᠪᠠᠶᠢᠭ᠎ᠠ ᠦᠭᠡ ᠬᠡᠯᠡ ᠦᠰᠦᠭ ᠪᠢᠴᠢᠭ᠂ ᠭᠤᠷᠪᠠᠨ ᠳᠣᠭᠳᠠᠭᠠᠯ᠂ ᠭᠤᠣᠯ ᠰᠡᠳᠦᠪᠳᠦ ᠬᠦᠮᠦᠵᠢᠯ  ᠤᠨ ᠮᠡᠳᠡᠯᠭᠡ ᠶᠢ 31 ᠬᠤᠭᠤᠴᠠᠭ᠎ᠠ ᠬᠠᠮᠣᠷᠣᠨ ᠨᠡᠶᠢᠲᠠᠯᠡᠵᠦ᠂ ᠨᠠᠮ ᠤᠨ ᠬᠤᠷᠢᠳᠣᠭᠠᠷ ᠶᠡᠭᠡ ᠬᠤᠷᠠᠯ ᠤᠨ ᠸᠢᠴᠠᠲ ᠤᠨ ᠬᠢᠴᠢᠶᠡᠯ ᠤᠨ ᠲᠠᠩᠬᠢᠮ ᠤᠨ ᠬᠦᠯᠢᠶᠡᠨ ᠠᠪᠣᠭᠴᠢ ᠶᠢᠨ ᠣᠨᠴᠠᠯᠢᠭ ᠲᠤ ᠳᠣᠬᠢᠷᠠᠭᠤᠯᠣᠨ ᠣᠩᠰᠢᠵᠦ ᠮᠡᠳᠡᠭᠡᠯᠡᠬᠦ ᠬᠡᠯᠪᠡᠷᠢ  ᠪᠠᠷ 28 ᠬᠤᠭᠤᠴᠠᠭ᠎ᠠ ᠡᠷᠬᠢᠯᠡᠵᠦ᠂ ᠬᠠᠪᠣᠷ ᠤᠨ ᠲᠠᠷᠢᠶᠠᠯᠠᠭ᠎ᠠ ᠶᠢᠨ ᠣᠨᠴᠠᠭᠠᠢ ᠦᠶ᠎ᠡ ᠳᠤ ᠳᠣᠰᠬᠠᠶᠢᠯᠠᠨ ᠪᠡᠯᠡᠳᠬᠡᠭᠰᠡᠨ ᠲᠠᠪᠣᠨ ᠬᠤᠭᠤᠴᠠᠭᠠᠨ  ᠳᠤ ᠨᠡᠭᠡᠭᠡᠭᠰᠡᠨ ︽ᠲᠡᠷᠢᠶᠠᠨ ᠡᠮ ᠤᠨ ᠪᠣᠭᠤᠯᠲᠠ ᠶᠢᠨ ᠬᠠᠶᠠᠭᠳᠠᠮᠠᠯ ᠪᠣᠳᠠᠰ ᠪᠠ ᠳᠠᠷᠢᠶᠠᠯᠠᠩ ᠤᠨ ᠪᠦᠷᠬᠦᠪᠴᠢ ᠶᠢᠨ ᠪᠣᠬᠢᠷᠳᠠᠯ  ᠢ ᠰᠡᠷᠭᠡᠶᠢᠯᠡᠬᠦ︾ ᠬᠠᠣᠯᠢ ᠲᠦᠭᠡᠮᠡᠯᠵᠢᠭᠦᠯᠬᠦ ᠹᠢᠯᠢᠮ ᠨᠢ ᠲᠦᠩᠯᠢᠶᠤᠤ ᠬᠤᠳᠠ ᠶᠢᠨ ᠬᠠᠣᠯᠢ ᠴᠠᠭᠠᠵᠠ ᠶᠢᠨ ᠵᠦᠪᠯᠡᠯ᠂ ᠬᠤᠷᠴᠢᠨ ᠵᠡᠭᠦᠨ ᠭᠠᠷᠣᠨ ᠬᠤᠶᠢᠳᠣ ᠬᠤᠰᠢᠭᠤᠨ ᠤ ᠬᠠᠮ ᠵᠠᠭᠤᠴᠢᠯᠠᠭᠤᠷ ᠤᠨ ᠲᠦᠪ   ᠲᠤ  ᠲᠠᠮᠵᠢᠭᠤᠯᠤᠭᠳᠠᠨ ᠨᠡᠶᠢᠲᠡᠯᠡᠭᠳᠡᠵᠦ᠂ ᠬᠦᠯᠢᠶᠠᠨ ᠠᠪᠣᠭᠴᠢ ᠶᠢᠨ ᠳᠤᠭ᠎ᠠ ᠲᠦᠮᠡ ᠶᠢ ᠳᠠᠪᠠᠵᠠᠢ᠃
        ᠭᠤᠷᠪᠠ᠂ ᠰᠣᠷᠴᠦ ᠬᠢᠬᠦ ᠪᠠᠷ ᠬᠦᠳᠡᠯᠭᠡᠬᠦ ᠬᠦᠴᠦᠨ ᠪᠣᠯᠭᠠᠵᠣ᠂ ᠪᠠᠶᠢᠴᠠᠭᠠᠬᠤ ᠠᠵᠢᠯ ᠤᠨ ᠦᠨᠳᠦᠷ ᠴᠢᠨᠰᠠᠭᠠᠲᠠᠢ ᠬᠦᠭᠵᠢᠯᠲᠡ ᠶᠢ ᠲᠦᠯᠬᠢᠨ ᠠᠬᠢᠭᠤᠯᠪᠠ᠃
       ᠠᠨᠠᠷ ᠤᠨ ᠦᠷ᠎ᠡ ᠶᠢᠨ ᠪᠢᠴᠢᠯ ᠬᠢᠴᠢᠶᠡᠯ ᠤᠨ ᠲᠠᠩᠬᠢᠮ ᠤᠨ ᠪᠠᠶᠢᠭᠤᠯᠣᠯᠲᠠ ᠳᠣᠰ ᠬᠤᠷᠢᠶᠠᠨ ᠤ ᠪᠠᠶᠢᠴᠠᠭᠠᠬᠤ ᠠᠵᠢᠯᠲᠠᠳ ᠤᠨ ᠳᠣᠬᠠᠶᠢᠯᠠᠭᠰᠠᠨ ᠠᠵᠢᠯ ᠤᠨ ᠴᠢᠳᠠᠪᠦᠷᠢ ᠪᠠ ᠬᠠᠣᠯᠢ ᠪᠠᠷᠢᠵᠤ ᠵᠠᠰᠠᠭ ᠶᠠᠪᠣᠭᠤᠯᠬᠤ ᠴᠢᠳᠠᠪᠣᠷᠢ  ᠤᠨ ᠳᠡᠭᠡᠭᠰᠢᠯᠡᠯᠲᠡ ᠳᠤ ᠬᠦᠴᠦ ᠨᠡᠮᠡᠷᠢᠯᠡᠨ᠂ ᠪᠠᠶᠢᠴᠠᠭᠠᠬᠤ ᠡᠩᠨᠡᠭᠡᠨ ᠤ ᠴᠢᠳᠠᠪᠦᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠ ᠨᠡᠶᠢᠲᠡ ᠶᠢᠨ ᠢᠲᠡᠭᠡᠮᠵᠢ ᠶᠢᠨ ᠬᠦᠴᠦᠨ  ᠢ ᠰᠠᠶᠢᠵᠢᠷᠠᠭᠤᠯᠬᠤ ᠦᠨᠳᠦᠰᠦ ᠪᠢᠯᠡ᠃ ᠡᠨᠡᠬᠦ ᠠᠵᠢᠯᠯᠠᠭᠭ᠎ᠠ ᠪᠠᠷ ᠳᠠᠮᠵᠢᠨ  ᠲᠤᠰ ᠬᠤᠷᠢᠶᠠᠨ ᠤ 21 ᠵᠠᠯᠠᠭᠤ  ᠺᠠᠳ᠋ᠷ᠂ 3 ᠳᠣᠬᠠᠶᠢᠯᠠᠭᠰᠠᠨ ᠠᠵᠢᠯ ᠤᠨ ᠭᠠᠪᠰᠢᠭᠠᠶᠢᠯᠠᠭᠴᠢ᠂ 2 ᠵᠠᠰᠠᠭ ᠵᠠᠬᠢᠷᠭᠠᠨ ᠤ ᠨᠡᠶᠢᠯᠡᠮᠡᠯ ᠴᠢᠳᠠᠪᠣᠷᠢᠲᠠᠨ ᠳᠣᠬᠠᠶᠢᠯᠠᠭᠰᠠᠨ ᠠᠵᠢᠯ ᠤᠨ ᠴᠢᠳᠠᠪᠣᠷᠢᠲᠠᠨ ᠤ  ᠬᠦᠮᠦᠷᠭᠡ ᠳᠤ ᠣᠷᠣᠭᠰᠠᠨ  ᠪᠠᠶᠢᠨ᠎ᠠ᠃ 19 ᠬᠤᠣᠰ ᠪᠠᠭᠰᠢ ᠱᠠᠪᠢ ᠶᠢᠨ ᠪᠠᠷᠢᠯᠳᠣᠯᠭ᠎ᠠ ᠪᠦᠷᠢᠯᠳᠦᠵᠦ᠂ 37 ᠬᠦᠮᠦᠨ ᠬᠠᠣᠯᠢ ᠴᠠᠭᠠᠵᠠ ᠶᠢᠨ ᠳᠣᠬᠠᠶᠢᠯᠠᠭᠰᠠᠨ ᠠᠵᠢᠯ ᠤᠨ ᠬᠢᠷᠢ ᠬᠡᠮ ᠤᠨ ᠰᠢᠯᠭᠠᠯᠲᠠ ᠶᠢ ᠦᠩᠭᠡᠷᠡᠵᠦ᠂ ᠬᠢᠷᠢ ᠬᠡᠮ ᠬᠦᠷᠲᠡᠭᠰᠡᠨ ᠨᠣᠷᠮ᠎ᠠ ᠨᠢ 50 %  ᠳᠦ ᠳᠣᠯᠵᠠᠢ᠃ 2023 ᠣᠨ ᠳᠤ 2 ᠬᠦᠮᠦᠨ ᠣᠯᠣᠰ ᠤᠨ ᠳᠡᠰ ᠤᠨ ᠢᠷᠠᠭᠤ ᠠᠯᠳᠠᠷ᠂ 2 ᠬᠦᠮᠦᠨ ᠣᠷᠣᠨ ᠤ ᠳᠠᠰ ᠤᠨ ᠢᠷᠠᠭᠤ ᠠᠯᠳᠠᠷ᠂ 24 ᠬᠦᠮᠦᠨ ᠬᠤᠳᠠ ᠶᠢᠨ ᠳᠡᠰ ᠤᠨ ᠢᠷᠠᠭᠤ ᠠᠯᠳᠠᠷ ᠬᠦᠷᠳᠠᠵᠤ᠂ ᠢᠷᠭᠡᠨ ᠤ ᠬᠡᠷᠡᠭ ᠤᠨ ᠨᠢᠭᠡ ᠬᠡᠷᠡᠭ ᠤᠨ ᠵᠢᠱᠢᠶ᠎ᠡ ᠣᠷᠣᠨ ᠤ ᠨᠡᠶᠢᠲᠡᠯᠢᠭ ᠬᠡᠷᠡᠭ ᠤᠨ ᠵᠢᠱᠢᠶ᠎ᠠ  ᠪᠡᠷ ᠰᠤᠩᠭᠤᠭᠳᠠᠵᠤ᠂ ᠪᠠᠶᠢᠴᠠᠭᠠᠬᠤ ᠮᠡᠷᠭᠡᠵᠢᠯ ᠤᠨ ᠨᠢᠭᠡ ᠬᠡᠷᠡᠭ ᠤᠨ ᠵᠢᠱᠢᠶ᠎ᠠ ᠦᠨᠳᠦᠷ ᠵᠡᠷᠭᠡ ᠶᠢᠨ ᠪᠠᠶᠢᠴᠠᠭᠠᠬᠤ ᠬᠤᠷᠢᠶᠠᠨ ᠳᠤ ᠦᠨᠡᠯᠡᠭᠦᠯᠬᠦ ᠪᠠᠷ  ᠳᠡᠪᠰᠢᠭᠦᠯᠦᠭᠳᠡᠵᠦ᠂ ᠪᠦᠬᠦ ᠬᠤᠷᠢᠶᠠᠨ ᠤ ᠪᠠᠶᠢᠴᠠᠭᠠᠬᠤ ᠠᠵᠢᠯᠲᠠᠳ ᠤᠨ ᠠᠲᠠᠭᠠᠷᠬᠠᠨ ᠰᠤᠷᠤᠯᠴᠠᠵᠤ  ᠪᠣᠯᠢᠶᠠᠯᠳᠤᠨ ᠠᠵᠢᠯᠯᠠᠬᠤ᠂ ᠢᠳᠡᠪᠬᠢᠲᠡᠢ ᠳᠠᠪᠰᠢᠨ ᠣᠷᠣᠭᠰᠢᠯᠠᠬᠤ ᠬᠥᠭ ᠠᠮᠢᠰᠬᠤᠯ ᠣᠯᠠᠮ ᠦᠳᠬᠡᠨ ᠪᠣᠯᠵᠠᠢ᠃
              
    

ᠢᠷᠡᠯᠲᠡ
ᠬᠤᠷᠴᠢᠨ ᠵᠡᠭᠦᠨ ᠭᠠᠷᠣᠨ ᠬᠤᠶᠢᠳᠣ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro