ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠠᠭᠠᠷᠢᠨ ᠪᠠᠷᠠᠭᠤᠨ ᠬᠤᠰᠢᠭᠤᠨ ᠤ ᠪᠠᠶᠢᠴᠠᠭᠠᠬᠤ ᠬᠤᠷᠢᠶ᠎ᠠ ᠵᠠᠰᠠᠭ ᠤᠨ ᠣᠷᠳᠣᠨ ᠤ ᠨᠢᠭᠡ ᠴᠢᠬᠤᠯᠠ ᠶᠡᠭᠡ ᠪᠡᠯᠡ ᠣᠷᠣᠭᠤᠯᠣᠯᠲᠠ ᠶᠢᠨ ᠲᠦᠷᠦᠯ ᠵᠦᠢᠯ ᠳᠤ ᠲᠣᠰᠢᠶᠠᠯ ᠤᠨ ᠶᠠᠯᠠᠲᠣ ᠬᠡᠷᠡᠭ ᠢ ᠣᠷᠢᠳᠴᠢᠯᠠᠨ ᠰᠡᠷᠭᠡᠶᠢᠯᠡᠬᠦ ᠲᠣᠰᠬᠠᠢ ᠠᠵᠢᠯᠯᠠᠭ᠎ᠠ ᠦᠷᠨᠢᠭᠦᠯᠪᠠ

2016-04-25 09:23:20
ᠵᠣᠬᠢᠶᠠᠭᠴᠢ
ᠰᠣᠶᠣᠯ

    2016 ᠣᠨ ᠤ 3 ᠰᠠᠷ᠎ᠠ ᠶᠢᠨ14 ᠤ ᠡᠳᠦᠷ ᠠᠴᠠ ᠡᠬᠢᠯᠡᠨ᠂ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ 《 ᠪᠠᠭᠠᠷᠢᠨ ᠪᠠᠷᠠᠭᠤᠨ ᠬᠤᠰᠢᠭᠤᠨ ᠤ ᠭᠡᠰᠡᠷ ᠬᠡᠦᠬᠡᠳ ᠤᠨ ᠴᠡᠴᠡᠷᠯᠢᠭ ᠤᠨ ᠪᠠᠷᠢᠯᠭ᠎ᠠ ᠪᠠᠷᠢᠬᠤ ᠲᠦᠷᠦᠯ ᠵᠦᠢᠯ》 ᠳᠤ ᠴᠢᠭᠯᠡᠭᠦᠯᠦᠨ ᠲᠣᠰᠢᠶᠠᠯ ᠤᠨ ᠶᠠᠯᠠᠲᠣ ᠬᠡᠷᠡᠭ ᠢ ᠣᠷᠢᠳᠴᠢᠯᠠᠨ ᠰᠡᠷᠭᠡᠶᠢᠯᠡᠬᠦ ᠲᠣᠰᠬᠠᠢ ᠠᠵᠢᠯᠯᠠᠭ᠎ᠠ ᠦᠷᠨᠢᠭᠦᠯᠵᠠᠢ᠃ ᠲᠣᠰ ᠣᠳᠠᠭᠠᠨ ᠤ ᠲᠣᠰᠬᠠᠢ ᠠᠵᠢᠯᠯᠠᠭ᠎ᠠ ᠶᠢ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠲᠣᠰᠢᠶᠠᠯ ᠤᠨ ᠶᠠᠯᠠᠲᠣ ᠬᠡᠷᠡᠭ ᠢ ᠣᠷᠢᠳᠴᠢᠯᠠᠨ ᠰᠡᠷᠭᠡᠶᠢᠯᠡᠬᠦ ᠲᠣᠪᠴᠢᠶ᠎ᠠ ᠪᠣᠯᠣᠨ ᠪᠠᠭᠠᠷᠢᠨ ᠪᠠᠷᠠᠭᠤᠨ ᠬᠤᠰᠢᠭᠤᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠣᠪᠴᠢᠶ᠎ᠠ ᠦᠷᠨᠢᠭᠦᠯᠵᠦ᠂ 《 ᠪᠠᠭᠠᠷᠢᠨ ᠪᠠᠷᠠᠭᠤᠨ ᠬᠤᠰᠢᠭᠤᠨ ᠤ ᠭᠡᠰᠡᠷ ᠬᠡᠦᠬᠡᠳ ᠤᠨ ᠴᠡᠴᠡᠷᠯᠢᠭ ᠤᠨ ᠪᠠᠷᠢᠯᠭ᠎ᠠ ᠪᠠᠷᠢᠬᠤ ᠲᠦᠷᠦᠯ ᠵᠦᠢᠯ ᠳᠠᠬᠢ ᠲᠣᠰᠢᠶᠠᠯ ᠤᠨ ᠶᠠᠯᠠᠲᠣ ᠬᠡᠷᠡᠭ ᠢ ᠣᠷᠢᠳᠴᠢᠯᠠᠨ ᠰᠡᠷᠭᠡᠶᠢᠯᠡᠬᠦ ᠲᠣᠰᠬᠠᠢ ᠠᠵᠢᠯᠯᠠᠭ᠎ᠠ ᠶᠢᠨ ᠲᠣᠬᠠᠢ ᠰᠠᠨᠠᠭᠤᠯᠭ᠎ᠠ》 ᠶᠢ ᠬᠠᠮᠲᠣᠷᠠᠨ ᠲᠣᠭᠲᠠᠭᠠᠪᠠ᠃

    ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠲᠣᠰ ᠣᠳᠠᠭᠠᠨ ᠤ ᠲᠣᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠵᠣ ᠬᠡᠷᠡᠭᠵᠢᠭᠦᠯᠬᠦ ᠳᠤ ᠪᠠᠨ᠂ ᠲᠦᠷᠦᠯ ᠵᠦᠢᠯ ᠤᠨ ᠪᠠᠶᠢᠭᠤᠯᠣᠯᠲᠠ ᠳᠤ ᠲᠣᠰᠠᠭᠠᠷᠯᠠᠯᠲᠠ ᠬᠢᠵᠦ ᠣᠷᠣᠯᠴᠠᠬᠤ ᠶᠢᠨ ᠬᠠᠮᠲᠣ ᠣᠷᠢᠳᠴᠢᠯᠠᠨ ᠰᠡᠷᠭᠡᠶᠢᠯᠡᠬᠦ ᠲᠣᠰᠬᠠᠢ ᠠᠵᠢᠯᠯᠠᠭ᠎ᠠ ᠶᠢ ᠬᠡᠷᠡᠭᠵᠢᠭᠦᠯᠬᠦ ᠲᠦᠰᠦᠪ ᠲᠣᠭᠲᠠᠭᠠᠨ᠂ ᠲᠦᠷᠦᠯ ᠵᠦᠢᠯ ᠤᠨ ᠪᠡᠯᠡ ᠮᠦᠩᠭᠦ ᠶᠢᠨ ᠬᠡᠷᠡᠭᠯᠡᠯᠲᠡ ᠪᠣᠯᠣᠨ ᠭᠦᠢᠯᠭᠡᠭᠡ ᠵᠡᠷᠭᠡ ᠶᠢ ᠮᠦᠷᠳᠡᠪᠡ᠃ ᠲᠣᠰ ᠣᠳᠠᠭᠠᠨ ᠤ ᠣᠷᠢᠳᠴᠢᠯᠠᠨ ᠰᠡᠷᠭᠡᠶᠢᠯᠡᠬᠦ ᠲᠣᠰᠬᠠᠢ ᠠᠵᠢᠯᠯᠠᠭ᠎ᠠ ᠨᠢ ᠪᠠᠷᠢᠯᠭ᠎ᠠ ᠶᠢᠨ ᠠᠵᠢᠯ ᠤᠨ ᠣᠨᠴᠠᠯᠢᠭ ᠪᠠ ᠪᠣᠳᠠᠳᠣ ᠪᠠᠶᠢᠳᠠᠯ ᠳᠤ ᠵᠣᠬᠢᠴᠠᠨ᠂ ᠪᠠᠷᠢᠯᠭ᠎ᠠ ᠶᠢᠨ ᠣᠨᠴᠠᠯᠢᠭ ᠳᠤ ᠨᠢ ᠳᠣᠬᠢᠷᠠᠭᠰᠠᠨ ᠰᠠᠭᠤᠳᠠᠯ ᠤᠨ ᠬᠤᠷᠠᠯ᠂ ᠬᠡᠷᠡᠭ ᠢᠶᠠᠷ ᠬᠠᠣᠯᠢ ᠲᠠᠶᠢᠯᠪᠣᠷᠢᠯᠠᠬᠤ᠂ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠬᠦ ᠵᠡᠷᠭᠡ ᠬᠦᠳᠡᠯᠭᠡᠭᠡᠨ ᠤ ᠬᠡᠯᠪᠠᠷᠢ ᠪᠠᠷ ᠪᠠᠷᠢᠯᠭ᠎ᠠ ᠶᠢᠨ ᠲᠦᠷᠦᠯ ᠵᠦᠢᠯ ᠤᠨ ᠴᠢᠬᠤᠯᠠ ᠠᠵᠢᠯ ᠤᠨ ᠪᠠᠶᠢᠷᠢ ᠳᠠᠬᠢ ᠠᠵᠢᠯᠴᠢᠳ ᠤᠨ ᠴᠢᠭᠡᠴᠢ ᠵᠠᠰᠠᠭ ᠤᠨ ᠣᠬᠠᠮᠰᠠᠷ ᠢ ᠳᠡᠭᠡᠭᠰᠢᠯᠡᠭᠦᠯᠦᠭᠰᠡᠨ ᠪᠠᠶᠢᠨ᠎ᠠ᠃

ᠢᠷᠡᠯᠲᠡ
ᠪᠠᠭᠠᠷᠢᠨ ᠪᠠᠷᠠᠭᠤᠨ ᠬᠤᠰᠢᠭᠤᠨ ᠤ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro