ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

ᠰᠤᠷᠭᠠᠭᠤᠯᠢ ᠶᠢᠨ ᠬᠦᠷᠢᠶᠡᠨ ᠦ  ᠡᠵᠡᠷᠬᠡᠭᠯᠡᠯ  ᠢ  ᠡᠷᠡᠯᠬᠡᠭ ᠢᠶᠡᠷ  ᠡᠰᠡᠷᠭᠦᠴᠡᠵᠦ ᠂ ᠪᠠᠶᠢᠴᠠᠭᠠᠬᠤ  ᠪᠠᠷ  ᠰᠤᠷᠤᠭᠴᠢᠳ  ᠤᠨ  ᠦᠰᠦᠨ ᠪᠣᠶᠢᠵᠢᠯᠲᠠ ᠶᠢ ᠬᠠᠮᠠᠭᠠᠯᠠᠶ᠎ᠠ

2024-05-07 16:56:20
ᠵᠣᠬᠢᠶᠠᠭᠴᠢ
ᠬᠤᠩ ᠶᠠᠨ

 

     ᠭᠤᠷᠪᠠᠨ ᠰᠠᠷ᠎ᠠ ᠪᠣᠯ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠡᠬᠢᠯᠡᠯᠲᠡ ᠮᠥᠨ ᠂ ᠬᠡᠦᠬᠡᠳ   ᠤᠳ  ᠪᠤᠯ ᠬᠡᠷ ᠪᠦᠯᠢ ᠶᠢᠨ ᠬᠦᠰᠡᠯ ᠡᠷᠡᠮᠡᠯᠵᠡᠯ  ᠂ ᠤᠯᠤᠰ ᠪᠠ ᠦᠨᠳᠦᠰᠦᠲᠡᠨ ᠦ  ᠢᠷᠡᠭᠡᠳᠦᠢ  ᠮᠦᠨ᠃ ᠰᠤᠷᠤᠯᠭ᠎ᠠ ᠡᠬᠢᠯᠡᠬᠦ ᠤᠯᠠᠷᠢᠯ  ᠳᠤ᠂ ᠬᠡᠦᠬᠡᠳ ᠦᠳ ᠪᠠᠶᠠᠷ ᠬᠥᠷ ᠲᠡᠶ ᠠᠮᠠᠷᠠᠯᠲᠠ ᠶᠢᠨ ᠠᠮᠢᠳᠤᠷᠠᠯ ᠢᠶᠠᠨ ᠲᠡᠭᠦᠰᠬᠡᠵᠦ ᠂ ᠰᠤᠷᠭᠠᠭᠤᠯᠢ ᠶᠢᠨ ᠬᠦᠷᠢᠶᠡᠨ ᠳᠦ ᠪᠡᠨ ᠪᠤᠴᠠᠳᠠᠭ᠃ ᠰᠤᠷᠭᠠᠭᠤᠯᠢ ᠶᠢᠨ ᠬᠦᠷᠢᠶᠡᠨ ᠳᠦ ᠪᠠᠢᠭ᠎ᠠ ᠪᠠᠭᠠᠴᠤᠳ ᠶᠠᠭ ᠬᠥᠮᠦᠨ ᠦ ᠠᠮᠢᠳᠤᠷᠠᠯ ᠤᠨ ᠦᠵᠡᠯᠲᠡ ᠂ ᠶᠢᠷᠲᠢᠨᠴᠦ ᠶᠢᠨ ᠦᠵᠡᠯᠲᠡ ᠂ ᠥᠷᠲᠡᠭ ᠦᠨ ᠦᠵᠡᠯᠲᠡ ᠶᠢᠨ ᠪᠦᠷᠢᠯᠳᠦᠬᠦ ᠵᠠᠩᠭᠢᠯᠠᠭ᠎ᠠ ᠶᠢᠨ ᠴᠠᠭ ᠣᠶᠢ᠎ᠠ ᠳᠤ ᠪᠠᠢᠨ᠎ᠠ᠃ ᠭᠡᠲᠡᠯ᠎ᠡ ᠂ ᠵᠠᠷᠢᠮ ᠰᠤᠷᠭᠠᠭᠤᠯᠢ ᠶᠢᠨ ᠬᠦᠷᠢᠶᠡᠨ  ᠳᠤ ᠡᠵᠡᠷᠬᠡᠭᠯᠡᠯ ᠦᠨ ᠬᠡᠷᠡᠭ ᠡᠭᠦᠰᠴᠦ ᠂  ᠵᠠᠯᠠᠭᠤᠴᠤᠳ ᠪᠠᠭᠠᠴᠤᠳ ᠤᠨ ᠡᠷᠡᠭᠦᠯ ᠢᠶᠡᠷ ᠦᠰᠦᠨ ᠪᠣᠶᠢᠵᠢᠬᠤ ᠶᠢ  ᠨᠦᠯᠦᠭᠡᠯᠡᠵᠦ ᠪᠠᠶᠢᠨ᠎ᠠ᠃

  

 

     ᠶᠠᠭᠤᠨ ᠤ ᠡᠮᠦᠨ᠎ᠡ ᠪᠢᠳᠡ ᠶᠠᠭᠤ ᠶᠢ ᠰᠤᠷᠭᠠᠭᠤᠯᠢ ᠶᠢᠨ ᠬᠦᠷᠢᠶᠡᠨ ᠦ ᠡᠵᠡᠷᠬᠡᠭᠯᠡᠬᠦ ᠦᠶᠯᠡ ᠠᠵᠢᠯᠯᠠᠭ᠎ᠠ ᠭᠡᠳᠡᠭ ᠢ ᠲᠣᠳᠣᠷᠬᠠᠶᠢᠯᠠᠶ᠎ᠠ ᠄ ᠰᠤᠷᠭᠠᠭᠤᠯᠢ ᠶᠢᠨ ᠬᠦᠷᠢᠶᠡᠨ ᠦ ᠡᠵᠡᠷᠬᠡᠭᠯᠡᠬᠦ ᠦᠶᠯᠡ ᠠᠵᠢᠯᠯᠠᠭ᠎ᠠ ᠭᠡᠳᠡᠭ ᠪᠣᠯ ᠰᠤᠷᠭᠠᠭᠤᠯᠢ ᠶᠢᠨ ᠬᠦᠷᠢᠶᠡᠨ ᠦ ᠳᠣᠲᠣᠨ᠎ᠠ ᠭᠠᠳᠠᠨ᠎ᠠ ᠂ ᠰᠤᠷᠤᠭᠴᠢᠳ ᠤᠨ ᠬᠣᠭᠣᠷᠣᠨᠳᠣ ᠡᠭᠦᠰᠦᠭᠰᠡᠨ ᠂ ᠡᠰᠡᠬᠦᠯ᠎ᠡ ᠬᠠᠮᠲᠤᠯᠢᠭ ᠪᠤᠯᠵᠦ ᠨᠢᠭᠡ ᠤᠳᠠᠭ᠎ᠠ ᠪᠤᠶᠤ ᠣᠯᠠᠨ ᠤᠳᠠᠭ᠎ᠠ ᠵᠣᠷᠢᠭᠤᠳᠠ ᠪᠠᠷ ᠂  ᠪᠡᠶ᠎ᠡ ᠮᠠᠬᠠᠪᠤᠳ ᠂ ᠦᠭᠡ  ᠶᠠᠷᠢᠶ᠎ᠠ ᠵᠢᠴᠢ ᠰᠦᠯᠵᠢᠶ᠎ᠡ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠳᠣᠷᠣᠮᠵᠢᠯᠠᠯ  ᠶᠠᠪᠤᠭᠤᠯᠵᠤ ᠂ ᠨᠥᠭᠥᠭᠡ ᠡᠲᠡᠭᠡᠳ ᠦᠨ ᠢᠶᠡᠨ ᠪᠡᠶ᠎ᠡ ᠮᠠᠬᠠᠪᠣᠳ ᠂ ᠡᠳ᠋ ᠬᠥᠷᠥᠩᠭᠡ ᠶᠢ ᠬᠣᠬᠢᠷᠠᠭᠤᠯᠤᠭᠰᠠᠨ ᠂ ᠣᠶᠤᠨ ᠰᠠᠨᠠᠭ᠎ᠠ ᠶᠢ ᠬᠣᠬᠢᠷᠠᠭᠤᠯᠤᠭᠰᠠᠨ ᠬᠡᠷᠡᠭ ᠢ ᠵᠢᠭᠠᠵᠤ ᠪᠠᠶᠢᠨ᠎ᠠ᠃ ᠭᠡᠪᠡᠴᠦ  ᠡᠵᠡᠷᠬᠡᠭᠯᠡᠬᠦ ᠦᠶᠯᠡ ᠠᠵᠢᠯᠯᠠᠭ᠎ᠠ ᠡᠭᠦᠰᠬᠦ ᠦᠶ᠎ᠡ ᠳᠦ ᠂ ᠰᠤᠷᠤᠭᠴᠢᠳ ᠦᠷᠭᠦᠯᠵᠢ ᠪᠠᠭᠰᠢ ᠬᠡᠷ ᠦᠨ ᠠᠬᠠᠮᠠᠳ ᠲᠤ  ᠪᠠᠨ ᠵᠠᠭᠠᠯᠳᠤᠬᠤ ᠵᠣᠷᠢᠭ ᠥᠬᠡᠶ ᠂ ᠰᠤᠷᠭᠠᠭᠤᠯᠢ ᠳᠤ ᠢᠯᠡᠴᠢᠯᠡᠨ ᠮᠡᠳᠡᠭᠦᠯᠬᠦ ᠵᠣᠷᠢᠭ ᠥᠬᠡᠶ ᠂ ᠨᠠᠩ ᠴᠤ ᠬᠠᠤᠯᠢ ᠴᠠᠭᠠᠵᠠ ᠶᠢᠨ ᠵᠡᠪᠰᠡᠭ ᠢᠶᠡᠷ ᠥᠪᠡᠷ ᠦᠨ ᠡᠷᠬᠡ ᠠᠰᠢᠭ ᠢᠶᠠᠨ ᠬᠠᠮᠠᠭᠠᠯᠠᠬᠤ ᠵᠣᠷᠢᠭ ᠥᠬᠡᠶ ᠪᠠᠶᠢᠳᠠᠭ᠃ ᠡᠨᠡ ᠨᠢ ᠡᠵᠡᠷᠬᠡᠭᠴᠢ ᠶᠢᠨ ᠣᠮᠣᠭ ᠰᠦᠷ ᠢ ᠤᠯᠠᠮ ᠬᠥᠭᠵᠢᠭᠡᠵᠦ ᠂ ᠡᠵᠡᠷᠬᠡᠭᠴᠢ ᠶᠢ ᠳᠤᠷ᠎ᠠ ᠵᠣᠷᠢᠭ ᠢᠶᠠᠷ ᠢᠶᠠᠨ ᠬᠤᠤᠷᠯᠠᠬᠤ ᠠᠵᠢᠯᠯᠠᠭ᠎ᠠ ᠬᠢᠯᠭᠡᠵᠡᠶ᠃

 

 

    ᠲᠡᠭᠡᠪᠡᠯ ᠡᠵᠡᠷᠬᠡᠬᠦ ᠦᠢᠯᠡ ᠠᠵᠢᠯᠯᠠᠭ᠎ᠠ ᠳᠤ ᠤᠴᠠᠷᠠᠬᠤ ᠦᠶᠡᠰ ᠪᠢᠳᠡ ᠶᠠᠭᠠᠬᠢᠵᠤ ᠬᠢᠪᠡᠯ ᠵᠣᠬᠢᠬᠤ ᠪᠤᠢ︖

ᠰᠤᠷᠤᠭᠴᠢ ᠄ ᠥᠪᠡᠷ ᠦᠨ ᠪᠡᠶ᠎ᠡ ᠶᠢᠨ ᠠᠮᠤᠷ ᠲᠦᠪᠰᠢᠨ ᠪᠣᠯ ᠬᠡᠵᠢᠶᠡᠳᠡ ᠲᠡᠷᠢᠭᠦᠨ ᠴᠢᠬᠤᠯᠠ ᠭᠡᠳᠡᠭ ᠢ ᠴᠡᠭᠡᠵᠢᠯᠡᠵᠦ ᠂ ᠡᠵᠡᠷᠬᠡᠭᠴᠢ ᠶᠢᠨ ᠡᠵᠡᠷᠬᠡᠭᠯᠡᠯ ᠢ ᠠᠮᠰᠠᠬᠤ ᠣᠶᠶ᠎ᠠ ᠳᠤ ᠣᠷᠴᠢᠨ ᠲᠣᠭᠣᠷᠢᠨ  ᠢ ᠠᠰᠢᠭᠯᠠ ᠥᠪᠡᠷ ᠢ ᠪᠡᠨ ᠠᠶᠥᠯ ᠡᠴᠡ  ᠵᠠᠢᠯᠠᠭᠤᠯᠬᠤ ᠬᠡᠷᠡᠭᠲᠡᠶ ᠂ ᠡᠰᠡᠷᠭᠦ ᠡᠲᠡᠭᠡᠳ ᠢᠶᠡᠨ ᠤᠯᠠᠮ ᠨᠢᠭᠡ ᠠᠯᠬᠤᠮ  ᠬᠢᠯᠢᠩᠨᠡᠭᠦᠯᠵᠦ ᠪᠣᠯᠬᠤ ᠦᠭᠡᠢ᠃ ᠡᠭᠦᠨ ᠦ ᠬᠠᠮᠲᠤ ᠂ ᠬᠡᠷᠪᠡ ᠥᠪᠡᠷ ᠢᠶᠡᠨ ᠡᠵᠡᠷᠬᠡᠭᠯᠡᠨ ᠳᠠᠷᠤᠯᠠᠵᠤ ᠪᠠᠶᠢᠭ᠎ᠠ ᠦᠢᠯᠡ ᠠᠵᠢᠯᠯᠠᠭ᠎ᠠ ᠠᠴᠠ  ᠮᠤᠯᠲᠤᠷᠠᠵᠤ ᠳᠡᠶᠢᠯᠬᠦ ᠦᠭᠡᠢ ᠪᠣᠯ ᠴᠠᠭ ᠲᠤᠬᠠᠢ ᠳᠤᠨᠢ ᠰᠤᠷᠭᠠᠭᠤᠯᠢ ᠪᠠ ᠪᠠᠭᠰᠢ ᠂ ᠭᠡᠷ ᠦᠨ ᠠᠬᠠᠮᠠᠳ  ᠠᠴᠠ ᠪᠠᠨ ᠬᠠᠪᠰᠤᠷᠤᠯᠭ᠎ᠠ ᠡᠷᠢᠬᠦ ᠬᠡᠷᠡᠭᠲᠡᠢ ᠂ ᠥᠪᠡᠷ ᠦᠨ ᠪᠡᠶ᠎ᠡ ᠮᠠᠬᠠᠪᠣᠳ ᠪᠠ ᠰᠡᠳᠬᠢᠯ ᠰᠠᠨᠠᠭ᠎ᠠ   ᠪᠠᠨ ᠬᠦᠨᠳᠦ ᠨᠣᠴᠢᠲᠠᠢ ᠭᠡᠮᠲᠦᠭᠡᠵᠦ ᠪᠣᠯᠬᠤ ᠦᠭᠡᠢ᠃ 

ᠭᠡᠷ ᠦᠨ ᠠᠬᠠᠮᠠᠳ ᠄ ᠥᠪᠡᠷ ᠦᠨ ᠬᠡᠦᠬᠡᠳ ᠲᠡᠶ ᠪᠡᠨ  ᠦᠷᠬᠦᠯᠵᠢ ᠶᠠᠷᠢᠯᠴᠠᠵᠤ ᠂ ᠬᠡᠦᠬᠡᠳ ᠦᠨ ᠢᠶᠡᠨ ᠰᠡᠳᠬᠢᠴᠡ ᠶᠢᠨ ᠪᠠᠶᠢᠳᠠᠯ ᠢ ᠢᠯᠡᠭᠦᠬᠡᠨ ᠣᠶᠢᠯᠠᠭᠠᠬᠤ ᠬᠡᠷᠡᠭᠲᠡᠢ᠃ ᠬᠡᠦᠬᠡᠳ ᠦᠨ ᠬᠠᠷᠢᠯᠴᠠᠭᠠᠨ ᠤ ᠴᠢᠳᠠᠪᠤᠷᠢ ᠶᠢ ᠬᠥᠮᠦᠵᠢᠭᠦᠯᠵᠦ ᠂ ᠬᠡᠦᠬᠡᠳ ᠦᠨ ᠢᠶᠡᠨ ᠰᠡᠳᠬᠢᠯ ᠦᠨ ᠳᠠᠭᠤᠨ ᠢ ᠢᠯᠡᠭᠦᠬᠡᠨ ᠰᠣᠨᠣᠰᠴᠤ ᠂ ᠡᠵᠡᠷᠬᠡᠬᠦ ᠦᠢᠯᠡ ᠠᠵᠢᠯᠯᠠᠭ᠎ᠠ ᠳᠤ  ᠤᠴᠠᠷᠠᠬᠤ  ᠦᠶᠡᠰ ᠬᠡᠦᠬᠡᠳ ᠢ ᠲᠠᠶᠢᠳᠬᠤᠷᠠᠭᠤᠯᠵᠤ ᠂ ᠬᠡᠦᠬᠡᠳ ᠢ ᠭᠦᠢᠴᠡᠳ ᠢᠲᠡᠭᠡᠯ ᠲᠡᠶ ᠪᠣᠯᠭᠠᠵᠤ ᠂  ᠠᠮᠤᠷ ᠲᠦᠪᠰᠢᠨ ᠪᠠᠶᠢᠯᠭᠠᠬᠤ ᠬᠡᠷᠡᠭᠲᠡᠶ᠃

ᠰᠤᠷᠭᠠᠭᠤᠯᠢ ᠄ ᠰᠤᠷᠭᠠᠭᠤᠯᠢ ᠶᠢᠨ ᠬᠦᠷᠢᠶᠡᠨ ᠦ ᠬᠠᠷᠭᠢᠰ ᠬᠡᠷᠴᠡᠭᠡᠶ ᠠᠵᠢᠯᠯᠠᠭ᠎ᠠ ᠶᠢ ᠬᠢᠨᠠᠨ ᠬᠠᠮᠢᠶᠠᠷᠬᠤ ᠪᠠᠨ ᠴᠢᠩᠭᠠᠳᠬᠠᠵᠤ ᠂ ᠵᠠᠯᠬᠠᠭᠠᠨ ᠰᠢᠳᠬᠡᠬᠦ ᠡᠷᠴᠢᠮ ᠢᠶᠡᠨ ᠴᠢᠩᠭᠠᠷᠠᠭᠤᠯᠵᠤ ᠂ ᠬᠠᠷᠭᠢᠰ ᠬᠡᠷᠴᠡᠭᠡᠶ ᠦᠶᠯᠡ ᠠᠵᠢᠯᠯᠠᠭ᠎ᠠ ᠶᠢ ᠢᠯᠡᠷᠡᠭᠦᠯᠪᠡᠯ ᠬᠡᠷ ᠦᠨ ᠠᠬᠠᠮᠠᠳ ᠢ ᠴᠢᠩᠭ᠎ᠠ ᠰᠢᠭᠦᠮᠵᠢᠯᠡᠨ ᠰᠤᠷᠭᠠᠵᠤ ᠬᠥᠮᠦᠵᠢᠭᠦᠯᠬᠦ ᠬᠡᠷᠡᠭᠲᠡᠶ ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠥᠬᠡᠶ᠃ ᠡᠩ ᠦᠨ ᠦᠶ᠎ᠡ ᠳᠦ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢ ᠠᠩᠬᠠᠷᠴᠤ ᠂ ᠰᠤᠷᠤᠭᠴᠢᠳ ᠲᠤ ᠰᠡᠳᠬᠢᠴᠡ ᠶᠢᠨ ᠡᠷᠡᠭᠦᠯ ᠮᠡᠨᠳᠦ ᠶᠢᠨ ᠬᠢᠴᠢᠶᠡᠯ ᠢ ᠢᠯᠡᠭᠦᠬᠡᠨ ᠥᠷᠨᠢᠭᠦᠯᠵᠦ ᠂ ᠬᠡᠦᠬᠡᠳ ᠦᠳ ᠦᠨ ᠵᠥᠪ ︽ᠭᠤᠷᠪᠠᠨ ᠦᠵᠡᠯᠲᠡ︾ ᠶᠢ ᠬᠥᠮᠦᠵᠢᠭᠦᠯᠬᠦ ᠳᠦ ᠬᠦᠴᠦᠨ ᠨᠡᠮᠡᠷᠢᠯᠡᠬᠦ ᠬᠡᠷᠡᠭᠲᠡᠶ᠃ ᠡᠭᠦᠨ ᠦ ᠬᠠᠮᠲᠤ ᠡᠵᠡᠷᠬᠡᠭᠯᠡᠯ ᠳᠦ ᠤᠴᠠᠷᠠᠭᠰᠠᠨ ᠰᠤᠷᠤᠭᠴᠢᠳ ᠲᠤ ᠴᠠᠭ ᠲᠤᠬᠠᠶ ᠳᠤᠨᠢ ᠰᠡᠳᠬᠢᠴᠡ ᠶᠢᠨ ᠭᠠᠷ ᠳᠦᠷᠦᠯᠲᠡ ᠂ ᠰᠡᠳᠬᠢᠴᠡ ᠶᠢᠨ ᠡᠷᠡᠭᠦᠯ ᠮᠡᠨᠳᠦ ᠶᠢᠨ ᠡᠮᠴᠢᠯᠡᠭᠡ ᠵᠡᠷᠭᠡ ᠶᠢ ᠬᠢᠬᠦ ᠬᠡᠷᠡᠭᠲᠡᠶ᠃

 ᠬᠣᠷᠢᠨᠭᠡᠷ ᠰᠢᠶᠠᠨ ᠤ ᠠᠷᠠᠳ ᠤᠨ ᠪᠠᠶᠢᠴᠠᠭᠠᠬᠤ  ᠬᠤᠷᠢᠶᠠᠨ  ᠤ  ᠳᠣᠲᠣᠨᠣᠰᠣᠭ ᠰᠠᠨᠠᠭᠤᠯᠤᠮᠵᠢ᠄

ᠰᠤᠷᠤᠭᠴᠢ ᠨᠢᠭᠡᠪᠦᠷᠢ ᠰᠤᠷᠭᠠᠭᠤᠯᠢ ᠶᠢᠨ ᠬᠦᠷᠢᠶᠡᠨ ᠳᠦ ᠡᠵᠡᠷᠬᠡᠭᠯᠡᠯ  ᠳᠤ ᠤᠴᠠᠷᠠᠪᠠᠯ ᠤᠬᠤᠷᠢᠵᠤ ᠪᠣᠯᠬᠤ ᠦᠭᠡᠢ᠂ ᠠᠶᠤᠵᠤ ᠪᠣᠯᠬᠤ ᠦᠭᠡᠢ ᠂ ᠴᠠᠭ ᠲᠤᠬᠠᠶ ᠳᠤᠨᠢ ᠪᠠᠭᠰᠢ ᠂ ᠭᠡᠷ ᠦᠨ ᠠᠬᠠᠮᠠᠳ ᠲᠤ ᠪᠠᠨ ᠪᠠᠶᠢᠳᠠᠯ  ᠢᠶᠠᠨ ᠬᠡᠯᠡᠬᠥ ᠬᠡᠷᠡᠭᠲᠡᠶ ᠃ ᠬᠠᠤᠯᠢ ᠴᠠᠭᠠᠵᠠ ᠶᠢᠨ ᠵᠡᠪᠰᠡᠭ ᠢᠶᠡᠷ ᠵᠣᠷᠢᠭᠲᠠᠢ ᠪᠠᠷ ᠥᠪᠡᠷ ᠢ ᠪᠡᠨ ᠬᠠᠮᠠᠭᠠᠯᠠᠵᠤ ᠂ ᠡᠵᠡᠷᠬᠡᠬᠦ ᠠᠵᠢᠯᠯᠠᠭ᠎ᠠ ᠳᠤ ᠵᠣᠷᠢᠭᠲᠠᠢ ᠪᠠᠷ 《 ᠪᠣᠯᠬᠤ ᠦᠭᠡᠢ 》 ᠭᠡᠵᠦ  ᠬᠡᠯᠡᠭᠡᠷᠠᠢ︕

   

ᠢᠷᠡᠯᠲᠡ
ᠬᠣᠷᠢᠨᠭᠡᠷ ᠰᠢᠶᠠᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro