ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

ᠨᠡᠶᠢᠲᠡᠯᠢᠭ ᠬᠡᠷᠡᠭ:ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ  ᠠᠴᠠ ᠴᠧᠨ ᠣᠪᠣᠭᠲᠤ ᠵᠡᠷᠭᠡ ᠲᠤᠯᠤᠭᠠᠨ ᠬᠥᠮᠦᠨ ᠦ ᠠᠮᠤᠷ ᠲᠦᠪᠰᠢᠨ ᠦ ᠪᠠᠷᠢᠮᠵᠢᠶ᠎ᠠ ᠳᠤ ᠥᠯᠥ ᠨᠡᠶᠢᠴᠡᠬᠦ ᠢᠳᠡᠭᠡᠨ ᠦᠶᠯᠡᠳᠪᠦᠷᠢᠯᠡᠭᠰᠡᠨ ᠂ ᠪᠣᠷᠣᠯᠠᠭᠤᠯᠤᠭᠰᠠᠨ ᠡᠷᠡᠭᠦᠸ ᠶᠢᠨ ᠬᠡᠷᠡᠭ ᠲᠦ ᠳᠠᠭᠠᠯᠳᠤᠭᠰᠠᠨ ᠢᠷᠭᠡᠨ ᠦ  ᠬᠡᠷᠡᠭ ᠦᠨ ᠨᠡᠶᠢᠲᠡ ᠶᠢᠨ ᠠᠰᠢᠭᠲᠣ ᠵᠠᠷᠭᠤ ᠶᠢ ᠵᠠᠭᠠᠯᠳᠣᠭᠰᠠᠨ ᠬᠡᠷᠡᠭ

2024-05-15 17:50:52
ᠵᠣᠬᠢᠶᠠᠭᠴᠢ
ᠶᠢᠷᠲᠢᠨᠴᠦ

 

 

﹇ᠵᠠᠩᠭᠢᠯᠠᠭ᠎ᠠ ᠶᠢᠨ ᠦᠭᠡ﹈ 

ᠡᠷᠡᠭᠦᠦ ᠶᠢᠨ ᠬᠡᠷᠡᠭ ᠲᠤ ᠳᠠᠭᠠᠯᠳᠤᠭᠰᠠᠨ ᠢᠷᠭᠡᠨ ᠦ ᠬᠡᠷᠡᠭ ᠦᠨ ᠨᠡᠶᠢᠲᠡ ᠶᠢᠨ ᠠᠰᠢᠭᠲᠣ ᠵᠠᠷᠭᠤ       ᠢᠳᠡᠭᠡᠨ ᠳᠦ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ  ᠤ  ᠠᠮᠣᠷ ᠳᠦᠪᠰᠢᠨ     ᠶᠠᠯᠠᠯᠠᠨ ᠰᠢᠳᠬᠡᠬᠦ ᠴᠢᠨᠠᠷᠲᠠᠶ ᠲᠥᠯᠥᠪᠦᠷᠢ     ᠵᠠᠷᠭᠤ ᠶᠢᠨ ᠢᠷᠡᠯᠲᠡ ᠡᠴᠡ ᠨᠢ ᠵᠠᠰᠠᠬᠤ

﹇ᠭᠣᠣᠯ ᠵᠣᠷᠢᠯᠭ᠎ᠠ﹈

ᠠᠮᠤᠷ ᠲᠦᠪᠰᠢᠨ ᠦ ᠪᠠᠷᠢᠮᠵᠢᠶ᠎ᠠ ᠳᠤ ᠥᠯᠥ ᠨᠡᠶᠢᠴᠡᠬᠦ ᠢᠳᠡᠭᠡᠨ  ᠦᠢᠯᠡᠳᠪᠦᠷᠢᠯᠡᠨ ᠪᠤᠷᠤᠯᠠᠭᠤᠯᠵᠤ᠂ ᠬᠡᠷᠡᠭᠯᠡᠭᠴᠢᠳ ᠦᠨ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠳᠦ ᠬᠣᠣᠷ ᠬᠥᠨᠥᠭᠡᠯ  ᠤᠴᠠᠷᠠᠭᠤᠯᠤᠭᠰᠠᠨ ᠬᠠᠤᠯᠢ ᠶᠢ ᠵᠥᠷᠢᠴᠡᠭᠰᠡᠨ ᠬᠦᠨᠳᠦ ᠨᠣᠴᠢᠲᠠᠶ ᠶᠠᠯᠠᠲᠤ ᠠᠵᠢᠯᠯᠠᠭ᠎ᠠ ᠳᠤ ᠪᠠᠶᠢᠴᠠᠭᠠᠬᠤ ᠪᠠᠶᠢᠭᠤᠯᠭ᠎ᠠ ᠠᠴᠠ ᠢᠷᠭᠡᠨ ᠦ ᠨᠡᠶᠢᠲᠡ ᠶᠢᠨ ᠠᠰᠢᠭᠲᠣ ᠵᠠᠷᠭᠤ ᠶᠢᠨ ᠶᠠᠯᠠᠯᠠᠨ ᠰᠢᠳᠬᠡᠬᠦ ᠴᠢᠨᠠᠷᠲᠠᠶ ᠲᠥᠯᠥᠪᠦᠷᠢ ᠶᠢᠨ ᠵᠠᠷᠭᠤ ᠶᠢᠨ ᠭᠤᠶᠤᠴᠢᠯᠠᠯ ᠢ ᠬᠠᠤᠯᠢ ᠶᠣᠰᠣᠭᠠᠷ ᠳᠣᠷᠠᠳᠴᠣ᠂ ᠬᠠᠤᠯᠢ ᠵᠥᠷᠢᠴᠡᠭᠰᠡᠳ ᠢᠶᠡᠷ ᠡᠷᠡᠭᠦᠦ ᠶᠢᠨ ᠬᠠᠷᠢᠭᠤᠴᠠᠯᠭ᠎ᠠ ᠡᠭᠦᠷᠭᠡᠯᠡᠭᠦᠯᠬᠦ ᠶᠢᠨ ᠬᠠᠮᠲᠤ ᠶᠠᠯᠠᠯᠠᠨ ᠰᠢᠳᠬᠡᠬᠦ ᠴᠢᠨᠠᠷᠲᠠᠶ ᠢᠷᠭᠡᠨ ᠦ ᠬᠡᠷᠡᠭ ᠦᠨ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠵᠦ᠂ ᠢᠳᠡᠭᠡᠨ ᠦ ᠠᠮᠣᠷ ᠳᠦᠪᠰᠢᠨ ᠤ ᠠᠰᠠᠭᠤᠳᠠᠯ ᠳᠤ ᠬᠠᠮᠤᠭ ᠤᠨ ᠴᠢᠩᠭ᠎ᠠ ᠰᠢᠳᠬᠡᠯ ᠥᠭᠬᠦ ᠶᠢ ᠪᠡᠶᠡᠯᠡᠭᠦᠯᠪᠡ᠃ 

﹇ᠬᠡᠷᠡᠭ ᠦᠨ ᠦᠨᠳᠦᠰᠦᠨ ᠪᠠᠶᠢᠳᠠᠯ﹈

2020 ᠣᠨ ᠤ 12 ᠰᠠᠷ᠎ᠠ  ᠠᠴᠠ 2022 ᠣᠨ ᠤ 8 ᠰᠠᠷ᠎ᠠ ᠪᠣᠯᠲᠠᠯ᠎ᠠ ᠂ ᠴᠧᠨ ᠣᠪᠣᠭᠲᠤ ᠵᠡᠷᠭᠡ 7 ᠬᠥᠮᠦᠨ ᠬᠠᠸᠯᠢ ᠪᠤᠰᠤ ᠠᠰᠢᠭ ᠤᠯᠬᠤ ᠶᠢᠨ ᠲᠥᠯᠥᠭᠡ ᠂ ᠬᠠᠸᠯᠢ ᠶᠢ ᠵᠦᠷᠢᠴᠡᠨ ᠡᠪᠡᠳᠴᠢᠨ ᠲᠡᠶ ᠬᠣᠨᠢ ᠂ ᠥᠭᠦᠭᠰᠡᠨ ᠬᠣᠨᠢ ᠶᠢ ᠬᠤᠳᠠᠯᠳᠤᠨ ᠠᠪᠴᠤ ᠂ ᠳᠤᠷ᠎ᠠ ᠪᠠᠷ ᠢᠶᠠᠨ ᠨᠢᠳᠣᠯᠡᠵᠦ᠂ ᠬᠠᠮᠲᠣ ᠳᠦ ᠨᠢ ᠬᠠᠸᠯᠢ ᠪᠤᠰᠤ ᠠᠷᠭ᠎ᠠ ᠪᠠᠷᠢᠯ ᠢᠶᠠᠷ ᠬᠤᠳᠠᠯ ᠬᠠᠭᠤᠷᠮᠠᠭ ᠰᠢᠯᠭᠠᠨ ᠪᠠᠢᠴᠠᠭᠠᠯᠲᠠ ᠬᠢᠵᠢᠭ ᠤᠨ ᠪᠠᠶᠢᠴᠠᠭᠠᠯᠲᠠ ᠶᠢᠨ ᠭᠡᠷᠡᠴᠢ ᠣᠯᠵᠤ ᠂ ᠬᠢᠷᠢ ᠲᠡᠩᠴᠡᠭᠦ ᠥᠬᠡᠶ ᠬᠣᠨᠢᠨ ᠮᠢᠬ᠎ᠠ ᠶᠢ ᠣᠯᠠᠨ ᠭᠠᠵᠠᠷ ᠲᠤ ᠪᠣᠷᠣᠯᠠᠭᠤᠯᠵᠤ ᠂ ᠨᠡᠶᠢᠲᠡ ᠪᠣᠷᠣᠯᠠᠭᠤᠯᠤᠭᠰᠠᠨ ᠵᠣᠭᠣᠰ ᠤᠨ ᠲᠣᠭ᠎ᠠ ᠨᠢ 49.466 ᠲᠦᠮᠡᠨ ᠲᠥᠭᠥᠷᠢᠭ ᠲᠦ ᠬᠦᠷᠴᠡᠶ ᠃ 

﹇ ᠪᠠᠶᠢᠴᠠᠭᠠᠯᠲᠠ ᠪᠠ ᠵᠠᠷᠭᠣ ᠬᠢᠭᠰᠡᠨ ᠪᠠᠶᠢᠳᠠᠯ﹈

2022 ᠣᠨ ᠤ 9 ᠰᠠᠷ᠎ᠠ ᠳᠤ ᠂ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠡᠷᠡᠭᠦᠸ ᠶᠢᠨ ᠬᠡᠷᠡᠭ ᠢ ᠰᠢᠶᠳᠪᠦᠷᠢᠯᠡᠬᠦ ᠶᠠᠪᠤᠴᠠ ᠳᠤ ᠲᠣᠰ ᠬᠡᠷᠡᠭ ᠦᠨ ᠰᠦᠪᠡᠭᠴᠢ ᠶᠢ ᠢᠯᠡᠷᠡᠭᠦᠯᠪᠡ ᠃ 2022 ᠣᠨ ᠤ 11 ᠰᠠᠷ᠎ᠠ ᠶᠢᠨ 30 ᠤ ᠡᠳᠦᠷ ᠂  ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ‍ ᠴᠧᠨ ᠣᠪᠣᠭᠲᠤ ᠵᠡᠷᠭᠡ ᠬᠥᠮᠦᠰ ᠦᠨ ᠡᠷᠡᠭᠦᠸ ᠶᠢᠨ ᠬᠡᠷᠡᠭ ᠲᠤ ᠳᠠᠭᠠᠯᠳᠤᠭᠰᠠᠨ ᠢᠷᠭᠡᠨ ᠦ  ᠬᠡᠷᠡᠭ ᠦᠨ ᠨᠡᠶᠢᠲᠡ ᠶᠢᠨ  ᠠᠰᠢᠭᠲᠣ ᠵᠠᠷᠭᠤ ᠶᠢ ᠬᠡᠷᠡᠭ ᠪᠣᠯᠭᠠᠨ ᠳᠡᠩᠰᠡᠯᠡᠵᠦ ᠂ ᠬᠡᠷᠡᠭ ᠲᠦ ᠬᠣᠯᠪᠣᠭᠳᠠᠭᠰᠠᠨ ᠡᠪᠡᠳᠴᠢᠨ ᠢᠶᠡᠷ ᠥᠭᠦᠭᠰᠡᠨ ᠬᠣᠨᠢᠨ ᠮᠢᠬ᠎ᠠ ᠬᠡᠷᠡᠭᠯᠡᠭᠴᠢᠳ ᠦᠨ ᠵᠠᠬ᠎ᠠ ᠳᠡᠯᠭᠡᠭᠦᠷ ᠲᠦ ᠣᠷᠣᠭᠰᠠᠨ ᠵᠡᠷᠭᠡ ᠨᠡᠶᠢᠲᠡ ᠶᠢᠨ ᠠᠰᠢᠭ  ᠢ ᠬᠣᠬᠢᠷᠠᠭᠣᠯᠣᠭᠰᠠᠨ ᠪᠣᠳᠠᠲᠤ ᠬᠡᠷᠡᠭ ᠢ ᠪᠠᠢᠴᠠᠭᠠᠨ ᠭᠡᠷᠡᠴᠢ ᠠᠪᠴᠠᠶ ᠃ 

 

 

2023 ᠣᠨ ᠤ 2 ᠰᠠᠷ᠎ᠠ ᠶᠢᠨ 27 ᠤ ᠡᠳᠦᠷ ᠂ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠰᠢᠳᠤᠷᠭᠤ ᠶᠣᠰᠣᠨ ᠤ ᠰᠦᠯᠵᠢᠶ᠎ᠡ ᠳᠤ ᠠᠯᠪᠠᠨ ᠵᠠᠷ ᠨᠡᠶᠢᠲᠡᠯᠡᠵᠦ ᠂ ᠠᠯᠪᠠᠨ ᠵᠠᠷ ᠤᠨ ᠬᠤᠭᠤᠴᠠᠭᠠᠨ ᠳᠤ ᠬᠢᠷᠢ ᠬᠡᠮ ᠳᠦ ᠨᠡᠶᠢᠴᠡᠬᠦ ᠪᠡᠶᠡᠴᠢ ᠴᠣᠭᠴᠠ ᠵᠠᠭᠠᠯᠳᠤᠯᠭ᠎ᠠ ᠭᠠᠷᠭᠠᠭᠰᠠᠨ ᠦᠭᠡᠢ ᠃ 2023 ᠣᠨ ᠤ 3 ᠰᠠᠷ᠎ᠠ ᠶᠢᠨ 28 ᠤ ᠡᠳᠦᠷ ᠂ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠴᠧᠨ ᠣᠪᠣᠭᠲᠤ ᠵᠡᠷᠭᠡ 7 ᠬᠥᠮᠦᠨ ᠳᠦ ᠡᠷᠡᠭᠦᠸ ᠶᠢᠨ ᠬᠡᠷᠡᠭ ᠲᠤ ᠳᠠᠭᠠᠯᠳᠤᠭᠰᠠᠨ ᠢᠷᠭᠡᠨ ᠦ  ᠬᠡᠷᠡᠭ ᠦᠨ ᠨᠡᠶᠢᠲᠡ ᠶᠢᠨ ᠠᠰᠢᠭᠲᠣ ᠵᠠᠷᠭᠣ ᠬᠢᠵᠦ ᠂ ᠴᠧᠨ ᠣᠪᠣᠭᠲᠤ ᠵᠡᠷᠭᠡ 7 ᠬᠥᠮᠦᠨ ᠢ ᠬᠤᠪᠢ ᠬᠥᠮᠦᠨ ᠦ ᠸᠢᠴᠠᠲ ᠂ ᠤᠯᠤᠰ ᠤᠨ ᠲᠠᠰ ᠤᠨ ᠵᠠᠭᠤᠴᠢᠯᠠᠭᠤᠷ ᠳᠡᠭᠡᠷ᠎ᠡᠢᠯᠡ ᠪᠡᠷ ᠪᠤᠷᠤᠭᠤ ᠬᠦᠯᠢᠶᠡᠬᠦ ᠢᠯᠡᠷᠬᠡᠶᠢᠯᠡᠯᠲᠡ  ᠨᠡᠶᠢᠲᠡᠯᠡᠭᠦᠯᠵᠦ ᠂ ᠲᠣᠰ ᠲᠣᠰ ᠤᠨ ᠪᠣᠷᠣᠯᠠᠭᠤᠯᠤᠭᠰᠠᠨ ᠵᠣᠭᠣᠰ ᠤᠨ ᠲᠣᠭᠠᠨ ᠤ ᠬᠡᠪᠴᠢᠶᠡᠨ ᠳᠤ ᠪᠣᠷᠣᠯᠠᠭᠤᠯᠤᠭᠰᠠᠨ ᠲᠣᠭᠠᠨ ᠤ ᠠᠷᠪᠠᠨ ᠳᠠᠬᠢᠨ  494.66 ᠲᠦᠮᠡᠨ ᠲᠥᠭᠥᠷᠢᠭ ᠤᠨ ᠶᠠᠯᠠᠯᠠᠨ ᠰᠢᠳᠬᠡᠬᠦ ᠴᠢᠨᠠᠷᠲᠠᠶ ᠲᠥᠯᠥᠪᠦᠷᠢ ᠶᠢ ᠡᠭᠦᠷᠭᠡᠯᠡᠵᠦ ᠂ ᠬᠠᠮᠲᠤ ᠪᠠᠷ ᠪᠣᠷᠣᠯᠠᠭᠤᠯᠤᠭᠰᠠᠨ ᠨᠢ ᠬᠣᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠬᠦ ᠬᠡᠮᠡᠨ ᠰᠢᠭᠦᠬᠦ ᠬᠣᠷᠢᠶ᠎ᠠ ᠳᠤ ᠭᠤᠶᠤᠴᠢᠯᠠᠵᠠᠶ ᠃ 

2023 ᠣᠨ ᠤ 5 ᠰᠠᠷ᠎ᠠ ᠶᠢᠨ 23 ᠤ ᠡᠳᠦᠷ ᠂ ᠳᠠᠯᠠᠳ ᠬᠣᠰᠢᠭᠤᠨ ᠤ ᠠᠷᠠᠳ ᠤᠨ ᠰᠢᠭᠦᠬᠦ ᠬᠣᠷᠢᠶ᠎ᠠ ᠡᠷᠡᠭᠦᠸ ᠶᠢᠨ ᠬᠡᠷᠡᠭ ᠲᠤ ᠳᠠᠭᠠᠯᠳᠤᠭᠰᠠᠨ ᠢᠷᠭᠡᠨ ᠦ ᠬᠡᠷᠡᠭ ᠦᠨ ᠲᠠᠰᠤᠯᠤᠯᠲᠠ ᠬᠢᠵᠦ᠂ 7 ᠵᠠᠭᠠᠯᠳᠤᠭᠳᠠᠭᠴᠢ ᠠᠮᠤᠷ ᠲᠦᠪᠰᠢᠨ ᠦ ᠪᠠᠷᠢᠮᠵᠢᠶ᠎ᠠ ᠳᠤ ᠥᠯᠥ ᠨᠡᠶᠢᠴᠡᠬᠦ ᠢᠳᠡᠭᠡᠨ ᠪᠣᠷᠣᠯᠠᠭᠤᠯᠤᠭᠰᠠᠨ ᠶᠠᠯ᠎ᠠ ᠶᠢ ᠪᠦᠷᠢᠯᠳᠦᠭᠦᠯᠦᠭᠰᠡᠨ ᠢ ᠮᠠᠭᠠᠳᠯᠠᠨ ᠲᠣᠭᠲᠠᠭᠠᠵᠤ ᠂ ᠲᠣᠰ ᠲᠣᠰ 6 ᠰᠠᠷ᠎ᠠ ᠠᠴᠠ 5 ᠵᠢᠯ ᠤᠨ ᠠᠳᠠᠯᠢ ᠪᠤᠰᠤ ᠬᠤᠭᠤᠴᠠᠭ᠎ᠠ ᠲᠠᠶ ᠬᠣᠷᠢᠬᠤ ᠡᠷᠡᠭᠦᠸ ᠪᠡᠷ ᠰᠢᠳᠬᠡᠵᠦ ᠂ 95 ᠲᠦᠮᠡᠨ ᠲᠥᠭᠥᠷᠢᠭ ᠢᠶᠡᠷ ᠲᠣᠷᠭᠠᠬᠤ ᠪᠠᠷ ᠨᠡᠶᠢᠯᠡᠭᠦᠯᠦᠨ ᠰᠢᠳᠬᠡᠵᠦ ᠂ ᠬᠠᠸᠯᠢ ᠶᠢ ᠵᠥᠷᠢᠴᠡᠵᠦ ᠣᠯᠤᠭᠰᠠᠨ 1.75 ᠲᠦᠮᠡᠨ ᠲᠥᠭᠥᠷᠢᠭ ᠢ ᠨᠡᠬᠡᠮᠵᠢᠯᠡᠨ ᠳᠣᠰᠢᠶᠠᠯᠭᠠᠵᠣ᠂ 7 ᠵᠠᠭᠠᠯᠳᠤᠭᠳᠠᠭᠴᠢ ᠪᠡᠷ ᠲᠤᠰ ᠲᠤᠰ ᠤᠨ ᠪᠣᠷᠣᠯᠠᠭᠤᠯᠤᠭᠰᠠᠨ ᠵᠣᠭᠣᠰ ᠤᠨ ᠲᠣᠭᠠᠨ ᠤ ᠬᠡᠪᠴᠢᠶᠡᠨ ᠳᠤ  ᠪᠣᠷᠣᠯᠠᠭᠤᠯᠤᠭᠰᠠᠨ ᠲᠣᠭᠠᠨ ᠤ ᠠᠷᠪᠠᠨ ᠳᠠᠬᠢᠨ ᠶᠠᠯᠠᠯᠠᠨ ᠰᠢᠳᠬᠡᠬᠦ ᠴᠢᠨᠠᠷᠲᠠᠶ ᠲᠥᠯᠥᠪᠦᠷᠢ 494.66 ᠲᠦᠮᠡᠨ ᠲᠥᠭᠥᠷᠢᠭ ᠦᠨ ᠲᠥᠯᠥᠪᠦᠷᠢ ᠶᠢ ᠡᠭᠦᠷᠭᠡᠯᠡᠪᠡ᠃ ᠰᠢᠭᠦᠬᠦ ᠬᠣᠷᠢᠶ᠎ᠠ ᠰᠢᠭᠦᠨ ᠲᠠᠰᠤᠯᠤᠯᠲᠠ ᠶᠢ ᠨᠡᠢ᠌ᠲᠡᠯᠡᠭ᠍ᠰᠡᠨ ᠦ ᠳᠠᠷᠠᠭ᠎ᠠ ᠂  ᠵᠠᠭᠠᠯᠳᠤᠭᠳᠠᠭᠴᠢ ᠴᠥᠮ ᠳᠡᠭᠡᠭᠰᠢ ᠵᠠᠭᠠᠯᠳᠤᠭᠰᠠᠨ ᠦᠭᠡᠢ ᠃ 

7 ᠵᠠᠭᠠᠯᠳᠤᠭᠳᠠᠭᠴᠢ ᠰᠢᠳᠤᠷᠭᠤ ᠶᠣᠰᠣᠨ ᠤ ᠰᠦᠯᠵᠢᠶ᠎ᠡ ᠳᠦ ᠢᠯᠡᠷᠬᠡᠶᠢᠯᠡᠯᠲᠡ ᠨᠡᠶᠢᠲᠡᠯᠡᠭᠰᠡᠨ ᠪᠥᠭᠡᠳ ᠢᠯᠡ ᠪᠡᠷ ᠪᠤᠷᠤᠭᠤ ᠪᠡᠨ ᠬᠦᠯᠢᠶᠡᠵᠡᠶ ᠃ 2023 ᠣᠨ ᠤ 11 ᠰᠠᠷ᠎ᠠ ᠶᠢᠨ 13 ᠤ ᠡᠳᠦᠷ ᠂ ᠳᠠᠯᠠᠳ ᠬᠣᠰᠢᠭᠤᠨ ᠤ ᠠᠷᠠᠳ ᠤᠨ ᠰᠢᠭᠦᠬᠦ ᠬᠣᠷᠢᠶ᠎ᠠ ᠲᠣᠰ ᠬᠡᠷᠡᠭ ᠢ ᠰᠢᠯᠵᠢᠭᠦᠯᠦᠨ ᠬᠦᠷᠭᠡᠵᠦ ᠭᠦᠶᠴᠡᠳᠬᠡᠭᠦᠯᠪᠡ ᠃ ᠨᠢᠭᠡᠨᠲᠡ 11.2750   ᠲᠦᠮᠡᠨ ᠲᠥᠭᠥᠷᠢᠭ ᠶᠠᠯᠠᠯᠠᠨ ᠰᠢᠳᠬᠡᠬᠦ ᠴᠢᠨᠠᠷᠲᠠᠶ ᠲᠥᠯᠥᠪᠦᠷᠢ ᠶᠢᠨ ᠮᠥᠩᠭᠥ ᠶᠢ ᠪᠣᠳᠠᠲᠠᠶ ᠪᠠᠷ  ᠭᠦᠢᠴᠡᠳᠬᠡᠭᠦᠯᠦᠭᠰᠡᠨ ᠪᠠᠶᠢᠨ᠎ᠠ ᠃ 

 

 

ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠬᠠᠷᠢᠶᠠᠨ ᠳᠠᠬᠢ ᠡᠪᠡᠳᠴᠢᠨ ᠢᠶᠡᠷ ᠥᠭᠦᠭᠰᠡᠨ ᠮᠠᠯ ᠵᠢᠭᠦᠷᠲᠡᠨ ᠢ ᠬᠣᠸᠷ ᠥᠬᠡᠶ ᠪᠣᠯᠭᠠᠨ ᠰᠢᠶᠳᠪᠦᠷᠢᠯᠡᠬᠦ ᠬᠢᠨᠠᠯᠲᠠ ᠬᠠᠮᠢᠶᠠᠷᠤᠯᠲᠠ ᠬᠦᠷᠦᠯᠴᠡᠬᠦ ᠥᠬᠡᠶ ᠂ ᠲᠠᠷᠢᠶᠠᠯᠠᠩ ᠤᠨ ᠪᠦᠲᠦᠭᠡᠭᠳᠡᠬᠦᠨ ᠢ ᠨᠢᠲᠤᠯᠬᠤ ᠬᠠᠮᠢᠶᠠᠷᠤᠯᠲᠠ ᠡᠮᠬᠢ ᠵᠢᠷᠤᠮ ᠥᠬᠡᠶ ᠂ ᠮᠢᠬᠠᠨ ᠤ ᠪᠦᠲᠦᠭᠡᠭᠳᠡᠬᠦᠨ ᠦ ᠰᠢᠯᠭᠠᠨ ᠪᠠᠶᠢᠴᠠᠭᠠᠯᠲᠠ ᠬᠢᠵᠢᠭ  ᠤᠨ ᠪᠠᠶᠢᠴᠠᠭᠠᠯᠲᠠ ᠶᠢᠨ ᠨᠠᠶᠢᠳᠠᠪᠤᠷᠢᠵᠢᠭᠤᠯᠤᠯᠲᠠ ᠬᠦᠷᠦᠯᠴᠡᠬᠦ ᠥᠬᠡᠶ ᠪᠠᠶᠢᠬᠤ ᠠᠰᠠᠭᠤᠳᠠᠯ ᠳᠤ ᠴᠢᠭᠯᠡᠭᠦᠯᠦᠨ ᠡᠪᠡᠳᠴᠢᠨ ᠢᠶᠡᠷ ᠥᠭᠦᠭᠰᠡᠨ ᠬᠣᠨᠢᠨ ᠮᠢᠬ᠎ᠠ ᠣᠷᠣᠰᠴᠣ ᠭᠠᠷᠣᠭᠰᠠᠨ ᠰᠢᠶᠠᠩ ᠪᠠᠯᠭᠠᠰᠤᠨ ᠤ ᠵᠠᠰᠠᠭ ᠤᠨ ᠣᠷᠳᠣᠨ ᠂ ᠳᠠᠯᠠᠳ ᠬᠣᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠂ ᠳᠠᠯᠠᠳ ᠬᠣᠰᠢᠭᠤᠨ ᠤ ᠵᠠᠬ᠎ᠠ ᠳᠡᠯᠭᠡᠭᠦᠷ ᠦᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠳᠤ ᠪᠠᠶᠢᠴᠠᠭᠠᠬᠤ ᠰᠠᠨᠠᠭᠤᠯᠭ᠎ᠠ ᠭᠠᠷᠭᠠᠵᠣ᠂ ᠲᠡᠳᠡᠨ ᠢ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠣᠯᠤᠨ ᠵᠠᠰᠠᠭ ᠵᠠᠬᠢᠷᠭᠠᠨ ᠤ ᠬᠢᠨᠠᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠮᠢᠬᠠᠨ ᠤ ᠪᠦᠲᠦᠭᠡᠭᠳᠡᠬᠦᠨ ᠦ ᠭᠠᠷᠤᠯᠲᠠ ᠶᠢᠨ ᠣᠷᠣᠨ ᠤ ᠬᠢᠵᠢᠭ ᠤᠨ ᠪᠠᠢᠴᠠᠭᠠᠯᠲᠠ᠂ ᠨᠢᠲᠤᠯᠬᠤ᠂ ᠭᠦᠢᠯᠭᠡᠭᠡᠬᠦ᠂ ᠪᠣᠷᠣᠯᠠᠭᠤᠯᠬᠤ ᠵᠡᠷᠭᠡ ᠭᠣᠭᠴᠣᠭ᠎ᠠ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ ᠬᠡᠮᠡᠨ ᠱᠠᠭᠠᠷᠳᠠᠵᠠᠢ᠃ 

ᠪᠠᠶᠢᠴᠠᠭᠠᠬᠤ ᠰᠠᠨᠠᠭᠤᠯᠭ᠎ᠠ ᠶᠢ ᠣᠯᠤᠭᠰᠠᠨ ᠤ ᠲᠠᠷᠠᠭ᠎ᠠ᠂ ᠵᠠᠰᠠᠭ ᠵᠠᠬᠢᠷᠭᠠᠨ ᠤ ᠰᠠᠯᠠᠭ᠎ᠠ ᠮᠥᠴᠢᠷ ᠡᠴᠡ ᠢᠳᠡᠪᠬᠢᠲᠡᠶ ᠪᠡᠷ ᠴᠡᠭᠴᠡᠯᠡᠨ ᠰᠠᠢᠵᠢᠷᠠᠭᠣᠯᠪᠠ᠃ 7 ᠵᠠᠭᠠᠯᠳᠤᠭᠳᠠᠭᠴᠢ  ᠵᠢᠨ ᠢᠳᠡᠭᠡᠨ ᠦ ᠠᠵᠢᠯ ᠬᠢᠬᠦ ᠶᠢ ᠨᠠᠰᠤᠨ ᠲᠤᠷᠰᠢ ᠪᠠᠷ ᠴᠠᠭᠠᠵᠠᠯᠠᠵᠠᠶ᠃ ᠬᠠᠮᠢᠶ᠎ᠠ ᠪᠥᠬᠥᠶ ᠰᠠᠯᠠᠭ᠎ᠠ ᠮᠥᠴᠢᠷ ᠦᠨ ᠬᠢᠨ ︽ᠳᠠᠯᠠᠳ ᠬᠣᠰᠢᠭᠤᠨ ᠤ ᠡᠪᠡᠳᠴᠢᠨ ᠢᠶᠡᠷ ᠥᠭᠦᠭᠰᠡᠨ ᠮᠠᠯ ᠵᠢᠭᠦᠷᠲᠡᠨ ᠢ ᠬᠣᠸᠷ ᠥᠬᠡᠶ ᠪᠣᠯᠭᠠᠨ ᠰᠢᠶᠳᠪᠦᠷᠢᠯᠡᠬᠦ ᠰᠦᠯᠵᠢᠶᠡᠵᠢᠭᠰᠡᠨ ᠬᠠᠮᠢᠶᠠᠷᠣᠯᠲᠠ ᠶᠢᠨ ᠠᠵᠢᠯᠲᠠᠨ ᠤ ᠬᠠᠮᠢᠶᠠᠷᠣᠯᠲᠠ ᠶᠢᠨ ᠨᠠᠷᠢᠨ ᠲᠦᠷᠢᠮ︾ ᠢ ᠲᠣᠭᠲᠠᠭᠠᠵᠤ ᠂ 102 ᠳᠡᠪᠲᠡᠷ ︽ᠬᠥᠳᠡᠭᠡ ᠲᠣᠰᠬᠣᠨ ᠤ ᠮᠠᠯ ᠡᠮᠨᠡᠯᠭᠡ ᠶᠢᠨ ᠣᠨᠣᠰᠢᠯᠠᠨ ᠡᠮᠨᠡᠬᠦ ᠠᠵᠢᠯᠯᠠᠭ᠎ᠠ ᠶᠢᠨ ᠪᠠᠶᠢᠳᠠᠯ ᠤᠨ ᠳᠡᠩᠰᠡᠯᠡᠯᠲᠡ ᠶᠢᠨ ᠬᠦᠰᠦᠨᠦᠭᠲᠦ︾  ᠪᠠᠢᠭᠣᠯᠵᠣ᠂ ᠰᠢᠨ᠎ᠡ ᠪᠡᠷ 8 ᠠᠮᠢᠲᠠᠨ ᠤ ᠬᠡᠭᠦᠷ ᠢ ᠬᠣᠷᠢᠶᠠᠨ ᠴᠤᠭᠯᠠᠭᠤᠯᠬᠤ ᠬᠠᠶᠢᠷᠴᠠᠭ  ᠪᠠᠶᠢᠭᠤᠯᠵᠤ ᠂ 423 ᠬᠥᠮᠦᠨ ᠤᠳᠠᠭ᠎ᠠ ᠡᠪᠡᠳᠴᠢᠨ ᠢᠶᠡᠷ ᠥᠭᠦᠭᠰᠡᠨ ᠮᠠᠯ ᠵᠢᠭᠦᠷᠲᠡᠨ ᠢ ᠬᠣᠸᠷ ᠥᠬᠡᠶ ᠪᠣᠯᠭᠠᠬᠣ ᠶᠢ ᠵᠢᠭᠰᠠᠭᠠᠨ ᠪᠠᠶᠢᠴᠠᠭᠠᠬᠤ ᠰᠦᠯᠵᠢᠶᠡᠵᠢᠭᠰᠡᠨ ᠬᠠᠮᠢᠶᠠᠷᠣᠯᠲᠠ ᠶᠢᠨ ᠠᠵᠢᠯᠲᠠᠨ ᠢ ᠪᠣᠯᠪᠠᠰᠤᠷᠠᠭᠤᠯᠵᠤ᠂ ᠬᠣᠸᠷ ᠥᠬᠡᠶ ᠪᠣᠯᠭᠠᠨ ᠰᠢᠢᠳᠪᠦᠷᠢᠯᠡᠭᠰᠡᠨ ᠡᠪᠡᠳᠴᠢᠨ ᠢᠶᠡᠷ ᠥᠭᠦᠭᠰᠡᠨ ᠮᠠᠯ ᠵᠢᠭᠦᠷᠲᠡᠨ 20633 ᠲᠣᠯᠣᠭᠠᠶ ᠶᠢ ᠬᠣᠷᠢᠶᠠᠨ ᠴᠤᠭᠯᠠᠭᠤᠯᠪᠠ ᠃ 

﹇ᠨᠡᠶᠢᠲᠡᠯᠢᠭ ᠠᠴᠢ ᠬᠣᠯᠪᠣᠭᠳᠠᠯ﹈ 

ᠰᠢᠯᠭᠠᠨ ᠪᠠᠶᠢᠴᠠᠭᠠᠯᠲᠠ ᠬᠢᠵᠢᠭ ᠤᠨ ᠪᠠᠶᠢᠴᠠᠭᠠᠯᠲᠠ ᠬᠢᠯᠭᠡᠭᠰᠡᠨ ᠦᠭᠡᠶ ᠮᠢᠬᠠᠨ ᠤ ᠪᠦᠲᠦᠭᠡᠭᠳᠡᠬᠦᠨ ᠢ ᠪᠣᠷᠣᠯᠠᠭᠤᠯᠪᠠᠯ ᠢᠳᠡᠭᠡᠨ ᠡᠴᠡ ᠢᠷᠡᠯᠲᠡ ᠲᠡᠶ ᠡᠪᠡᠳᠴᠢᠨ ᠢ ᠡᠭᠦᠰᠭᠡᠵᠦ ᠮᠡᠳᠡᠨ᠎ᠡ ᠃ ᠪᠠᠶᠢᠴᠠᠭᠠᠬᠤ ᠪᠠᠶᠢᠭᠤᠯᠭ᠎ᠠ ᠢᠳᠡᠭᠡᠨ ᠦ ᠠᠮᠤᠷ ᠲᠦᠪᠰᠢᠨ ᠦ ᠬᠦᠷᠢᠶᠡᠨ ᠳᠡᠬᠢ ᠢᠷᠭᠡᠨ ᠦ ᠬᠡᠷᠡᠭ ᠤᠨ ᠨᠡᠶᠢᠲᠡ ᠶᠢᠨ ᠠᠰᠢᠭᠲᠣ ᠵᠠᠷᠭᠤ ᠶᠢᠨ ᠬᠡᠷᠡᠭ ᠢ ᠰᠢᠶᠳᠪᠦᠷᠢᠯᠡᠬᠦ ᠳᠡᠭᠡᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭᠠᠲᠤ ᠬᠥᠮᠦᠨ ᠦ ᠪᠡᠶᠡᠴᠢ ᠲᠠᠯ᠎ᠠ ᠶᠢᠨ ᠬᠣᠣᠷᠲᠤ ᠴᠢᠨᠠᠷ᠂ ᠦᠢᠯᠡ ᠠᠵᠢᠯᠯᠠᠭ᠎ᠠ ᠶᠢᠨ ᠠᠷᠭ᠎ᠠ ᠮᠠᠶ᠋ᠢᠭ᠂ ᠡᠪᠳᠡᠨ ᠰᠦᠢᠳᠬᠡᠭᠰᠡᠨ ᠦᠷ᠎ᠡ ᠤᠷᠰᠢᠭ ᠵᠡᠷᠭᠡ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ ᠬᠣᠣᠷᠲᠤ ᠴᠢᠨᠠᠷ ᠢᠶᠠᠷ ᠲᠤᠶᠢᠯ ᠤᠨ ᠶᠡᠬᠡ ᠬᠠᠤᠯᠢ ᠶᠢ ᠵᠥᠷᠢᠴᠡᠭᠰᠡᠨ ᠶᠠᠯᠠᠲᠤ ᠡᠲᠡᠭᠡᠳ ᠲᠦ ᠬᠠᠤᠯᠢ ᠶᠣᠰᠣᠭᠠᠷ ᠢᠷᠭᠡᠨ ᠦ ᠬᠡᠷᠡᠭ ᠦᠨ ᠨᠡᠶᠢᠲᠡ ᠶᠢᠨ ᠠᠰᠢᠭᠲᠣ ᠵᠠᠷᠭᠤ ᠶᠢᠨ ᠶᠠᠯᠠᠯᠠᠨ ᠰᠢᠳᠬᠡᠬᠦ ᠴᠢᠨᠠᠷᠲᠠᠶ ᠲᠥᠯᠥᠪᠦᠷᠢ ᠶᠢᠨ ᠵᠠᠷᠭᠣ ᠬᠢᠵᠦ᠂ ᠳᠠᠯᠳᠠ ᠪᠠᠢᠬᠣ ᠬᠠᠤᠯᠢ ᠶᠢ ᠵᠥᠷᠢᠴᠡᠭᠰᠡᠨ  ᠦᠢᠯᠡ ᠠᠵᠢᠯᠯᠠᠭ᠎ᠠ ᠶᠢ ᠬᠦᠴᠦᠲᠡᠶ  ᠰᠦᠷᠳᠡᠭᠦᠯᠪᠡ᠃ ᠠᠵᠢᠯ ᠲᠦᠷᠦᠯ ᠦᠨ ᠬᠢᠨᠠᠯᠲᠠ ᠬᠠᠮᠢᠶᠠᠷᠤᠯᠲᠠ ᠶᠢᠨ ᠳᠤᠲᠠᠭᠳᠠᠯ ᠳᠦ ᠪᠠᠶᠢᠴᠠᠭᠠᠬᠤ ᠪᠠᠶᠢᠭᠤᠯᠭ᠎ᠠ ᠠᠴᠠ ᠬᠣᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠦ ᠪᠠᠶᠢᠴᠠᠭᠠᠬᠤ ᠰᠠᠨᠠᠭᠤᠯᠭ᠎ᠠ ᠭᠠᠷᠭᠠᠵᠣ᠂ ᠵᠠᠷᠭᠤ ᠶᠢᠨ ᠢᠷᠡᠯᠳᠡ ᠶᠢ ᠵᠠᠰᠠᠬᠤ ᠪᠠᠷ ᠳᠠᠮᠵᠢᠭᠤᠯᠤᠨ ᠢᠳᠡᠭᠡᠨ ᠦ ᠠᠮᠤᠷ ᠲᠦᠪᠰᠢᠨ ᠤ ᠣᠷᠴᠢᠨ ᠨᠥᠬᠥᠴᠡᠯ ᠢ   ᠴᠡᠪᠡᠷᠰᠢᠭᠦᠯᠪᠡ᠃ 

 

ᠢᠷᠡᠯᠲᠡ
ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro