ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠰᠢᠭᠦᠬᠦ ᠬᠣᠷᠢᠶ᠎ᠠ ᠪᠠᠶᠢᠴᠠᠭᠠᠬᠤ ᠬᠣᠷᠢᠶ᠎ᠠ ᠬᠠᠮᠲᠤᠷᠠᠨ 《ᠤᠶᠤᠨ ᠤ ᠥᠮᠴᠢ ᠵᠢᠨ ᠡᠷᠬᠡ ᠵᠢᠨ ᠬᠠᠤᠯᠢ ᠴᠠᠭᠠᠵᠠ ᠶᠢᠨ ᠬᠠᠮᠠᠭᠠᠯᠠᠯᠲᠠ 》 ᠵᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ

2024-05-15 18:46:04
ᠵᠣᠬᠢᠶᠠᠭᠴᠢ
ᠨᠠᠪᠴᠢ

 

4 ᠰᠠᠷ᠎ᠠ ᠶᠢᠨ 25  ᠤ ᠡᠳᠦᠷ ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠂ ᠬᠠᠤᠯᠢ ᠴᠠᠭᠠᠵᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠬᠦ ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ ᠤ ᠥᠨᠳᠥᠷ ᠵᠡᠷᠭᠡ ᠶᠢᠨ ᠰᠢᠭᠦᠬᠦ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠬᠠᠮᠲᠤᠷᠠᠨ 《 ᠤᠶᠤᠨ ᠤ ᠥᠮᠴᠢ ᠵᠢᠨ ᠡᠷᠬᠡ ᠵᠢᠨᠶᠢᠨ ᠬᠠᠤᠯᠢ ᠴᠠᠭᠠᠵᠠ ᠶᠢᠨ ᠬᠠᠮᠠᠭᠠᠯᠠᠯᠲᠠ ᠶᠢ ᠴᠢᠩᠭᠠᠳᠬᠠᠬᠤ 》 ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ ᠤ ᠥᠨᠳᠥᠷ ᠵᠡᠷᠭᠡ ᠶᠢᠨ ᠰᠢᠭᠦᠬᠦ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠬᠢᠭᠡᠳ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠲᠣᠰ ᠲᠣᠰ 2023 ᠣᠨ ᠤ ᠤᠶᠤᠨ ᠤ ᠥᠮᠴᠢ ᠵᠢᠨ ᠡᠷᠬᠡ ᠵᠢᠨ ᠠᠵᠢᠯ ᠤᠨ ᠪᠠᠶᠢᠳᠠᠯ ᠢ ᠮᠡᠳᠡᠭᠳᠡᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃

 

 

 ᠤᠶᠤᠨ ᠤ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠨᠢᠭᠡᠳᠦᠭᠡᠷ ᠲᠦ ᠂ ᠬᠡᠷᠡᠭ ᠰᠢᠢᠳᠪᠦᠷᠢᠯᠡᠬᠦ ᠡᠷᠴᠢᠮ ᠢᠶᠡᠨ ᠴᠢᠩᠭᠠᠷᠠᠭᠤᠯᠵᠤ ᠂ ᠬᠡᠷᠡᠭ ᠰᠢᠢᠳᠪᠦᠷᠢᠯᠡᠬᠦ ᠬᠡᠪᠴᠢᠢ᠎ᠡ ᠶᠢ ᠢᠯᠡᠳᠲᠡ ᠥᠷᠭᠡᠳᠬᠡᠪᠡ᠃ 2023 ᠣᠨ ᠳᠤ ᠂ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠤᠶᠤᠨ ᠤ ᠪᠦᠲᠦᠭᠡᠭᠳᠡᠬᠦᠨ ᠦ ᠥᠮᠴᠢᠯᠡᠬᠦ ᠡᠷᠬᠡ ᠳᠦ ᠬᠠᠯᠳᠠᠭᠰᠠᠨ ᠶᠠᠯᠠᠲᠤ ᠬᠡᠷᠡᠭ ᠢ ᠨᠡᠶᠢᠲᠡ 100 ᠬᠥᠮᠦᠨ ᠢ ᠪᠠᠷᠢᠪᠴᠢᠯᠠᠬᠤ ᠶᠢ ᠬᠢᠨᠠᠨ ᠪᠠᠶᠢᠴᠠᠭᠠᠵᠤ ᠂ 277 ᠬᠥᠮᠦᠨ ᠢ  ᠵᠠᠭᠠᠯᠳᠤᠬᠤ ᠶᠢ ᠬᠢᠨᠠᠨ ᠪᠠᠶᠢᠴᠠᠭᠠᠵᠤ  ᠂ ᠠᠳᠠᠯᠢ ᠬᠤᠭᠤᠴᠠᠭᠠᠨ ᠤ ᠬᠢ ᠡᠴᠡ ᠲᠣᠰ ᠲᠣᠰ 355 % ᠂ 251 %  ᠪᠠᠷ ᠨᠡᠮᠡᠭᠳᠡᠪᠡ᠃ 36 ᠬᠤᠪᠢᠤᠶᠤᠨ ᠤ ᠥᠮᠴᠢ ᠵᠢᠨ ᠡᠷᠬᠡ ᠵᠢᠨ ᠢᠷᠭᠡᠨ ᠦ ᠬᠡᠷᠡᠭ ᠦᠨ ᠪᠠᠶᠢᠴᠠᠭᠠᠨ ᠬᠢᠨᠠᠯᠲᠠ ᠲᠠᠯᠪᠢᠬᠤ ᠬᠡᠷᠡᠭ ᠢ ᠰᠢᠢᠳᠪᠦᠷᠢᠯᠡᠵᠦ ᠂ ᠠᠳᠠᠯᠢ ᠬᠤᠭᠤᠴᠠᠭᠠᠨ ᠤ ᠬᠢ ᠡᠴᠡ 267 % ᠪᠡᠷ ᠨᠡᠮᠡᠭᠳᠡᠪᠡᠤᠶᠤᠨ ᠤ ᠥᠮᠴᠢ ᠵᠢᠨ ᠡᠷᠬᠡ ᠵᠢᠨ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠦᠨ 57 ᠰᠦᠪᠡᠭᠴᠢ ᠶᠢ ᠬᠦᠯᠢᠶᠡᠨ ᠠᠪᠴᠤ ᠰᠢᠶᠳᠪᠦᠷᠢᠯᠡᠨ ᠂ ᠠᠳᠠᠯᠢ ᠬᠤᠭᠤᠴᠠᠭᠠᠨ ᠤ ᠬᠢ ᠡᠴᠡ 185 % ᠪᠡᠷ ᠨᠡᠮᠡᠭᠳᠡᠪᠡ᠃ᠬᠣᠶᠠᠳᠤᠭᠠᠷ ᠲᠤ ᠂ ᠲᠤᠰᠢᠶᠠᠯ ᠬᠠᠷᠢᠭᠤᠴᠠᠯᠭ᠎ᠠ ᠪᠠᠨ ᠶᠡᠷᠦᠩᠬᠡᠶᠢᠯᠡᠨ ᠭᠦᠢᠴᠡᠳᠬᠡᠬᠦ ᠶᠢ ᠴᠢᠩᠭᠠᠳᠬᠠᠵᠤ ᠂ ᠠᠷᠠᠳ ᠤᠨ ᠲᠥᠯᠥᠭᠡ ᠬᠠᠤᠯᠢ ᠪᠠᠷᠢᠬᠤ ᠤᠭ ᠰᠠᠨᠠᠭ᠎ᠠ ᠪᠠᠨ ᠰᠠᠬᠢᠨ  ᠬᠠᠮᠠᠭᠠᠯᠠᠪᠠ᠃ ᠬᠥᠬᠡᠬᠣᠲᠠ ᠶᠢᠨ ᠪᠠᠶᠢᠴᠠᠭᠠᠬᠤ ᠬᠣᠷᠢᠶ᠎ᠠ ᠶᠢᠨ ᠰᠢᠶᠳᠪᠦᠷᠢᠯᠡᠭᠰᠡᠨ ᠮᠸᠩ ᠨᠢᠦ ᠶᠢᠨ 《 ᠲᠠᠯ᠎ᠠ ᠨᠤᠲᠤᠭ ᠪᠠ ᠦᠬᠡᠷ 》 ᠢᠶᠠᠷ ᠬᠠᠭᠤᠷᠮᠠᠭᠯᠠᠭᠰᠠᠨ ᠳᠠᠩᠰᠠᠯᠠᠭᠤᠯᠤᠭᠰᠠᠨ ᠲᠠᠸᠠᠷ ᠤᠨ ᠲᠡᠮᠳᠡᠭᠲᠦ ᠶᠢᠨ ᠡᠷᠡᠭᠦᠦ ᠶᠢᠨ ᠬᠡᠷᠡᠭ ᠲᠦ ᠂ ᠵᠠᠭᠠᠯᠳᠤᠭᠳᠠᠭᠴᠢ ᠬᠢᠭᠡᠳ ᠡᠷᠬᠡᠲᠦ ᠬᠥᠮᠦᠨ ᠦ ᠢᠷᠭᠡᠨ ᠦ ᠬᠡᠷᠡᠭ ᠦᠨ ᠡᠷᠬᠡ ᠳᠦ ᠬᠠᠯᠳᠠᠭᠰᠠᠨ ᠲᠥᠯᠥᠪᠦᠷᠢ ᠶᠢᠨ ᠡᠶᠡᠳᠡᠬᠦ ᠬᠡᠯᠡᠯᠴᠡᠭᠡᠷ ᠲᠣᠭᠲᠠᠬᠤ ᠶᠢ ᠢᠳᠡᠪᠬᠢᠲᠡᠶ ᠠᠬᠢᠭᠤᠯᠵᠤ ᠂ ᠡᠷᠡᠭᠦᠦ ᠶᠢᠨ ᠬᠡᠷᠡᠭ ᠦᠨ ᠨᠡᠬᠡᠮᠵᠢᠯᠡᠨ ᠵᠠᠭᠠᠯᠳᠤᠬᠤ ᠪᠠ ᠢᠷᠭᠡᠨ ᠦ ᠬᠡᠷᠡᠭ ᠦᠨ ᠲᠥᠯᠥᠪᠦᠷᠢ ᠶᠢ ᠠᠭᠤᠰᠤᠯᠴᠠᠭᠤᠯᠵᠤ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠶᠢ ᠪᠡᠶᠡᠯᠡᠭᠦᠯᠪᠡ᠃ ᠣᠷᠳᠣᠰ ᠬᠣᠲᠠ ᠶᠢᠨ ᠪᠠᠶᠢᠴᠠᠭᠠᠬᠤ ᠬᠣᠷᠢᠶ᠎ᠠ ᠶᠢᠨ ᠰᠢᠶᠳᠪᠦᠷᠢᠯᠡᠭᠰᠡᠨ《DELIXI 》 ᠳᠠᠩᠰᠠᠯᠠᠭᠤᠯᠤᠭᠰᠠᠨ ᠲᠠᠸᠠᠷ ᠤᠨ ᠲᠡᠮᠳᠡᠭᠲᠦ ᠪᠡᠷ ᠬᠠᠭᠤᠷᠮᠠᠭᠯᠠᠭᠰᠠᠨ ᠴᠠᠬᠢᠯᠭᠠᠨ ᠲᠦᠭᠡᠭᠡᠬᠦ ᠠᠪᠳᠠᠷ᠎ᠠ ᠶᠢᠨ ᠡᠷᠡᠭᠦᠦ ᠶᠢᠨ ᠬᠡᠷᠡᠭ ᠲᠦ ᠂ ᠪᠠᠶᠢᠴᠠᠭᠠᠬᠤ ᠪᠠᠶᠢᠭᠤᠯᠭ᠎ᠠ ᠶᠢᠨ ᠬᠣᠶᠠᠳᠤᠭᠠᠷ ᠰᠢᠭᠦᠯᠲᠡ ᠶᠢᠨ ᠡᠰᠡᠷᠭᠦᠴᠡᠨ ᠵᠠᠭᠠᠯᠳᠤᠯᠭ᠎ᠠ ᠨᠢ ᠠᠮᠵᠢᠯᠲᠠ ᠣᠯᠤᠭᠰᠠᠨ ᠪᠥᠭᠡᠳ ᠥᠪᠥᠷ ᠮᠣᠩᠭᠣᠯ ᠂ ᠨᠢᠩᠰᠢᠶᠠ ᠬᠣᠶᠠᠷ ᠭᠠᠵᠠᠷ ᠤᠨ ᠭᠠᠯ ᠰᠡᠷᠭᠡᠶᠢᠯᠡᠬᠦ ᠠᠮᠤᠷ ᠲᠦᠪᠰᠢᠨ ᠦ ᠶᠡᠷᠦᠩᠬᠡᠶᠢᠯᠡᠭᠰᠡᠨ ᠵᠠᠰᠠᠯᠲᠠ ᠶᠢ ᠢᠳᠡᠪᠬᠢᠲᠡᠶ ᠠᠬᠢᠭᠤᠯᠪᠠ ᠂ ᠲᠣᠰ ᠬᠡᠷᠡᠭ ᠨᠢ ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ᠳᠤ ᠪᠥᠬᠥ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ  ᠤᠶᠤᠨ ᠤ ᠪᠦᠲᠦᠭᠡᠭᠳᠡᠬᠦᠨ ᠦ ᠥᠮᠴᠢᠯᠡᠬᠦ ᠡᠷᠬᠡ ᠶᠢ ᠬᠠᠮᠠᠭᠠᠯᠠᠭᠰᠠᠨ ᠨᠡᠶᠢᠲᠡᠯᠢᠭ ᠬᠡᠷᠡᠭ ᠦᠨ ᠵᠢᠱᠢᠶ᠎ᠡ ᠪᠡᠷ ᠦᠨᠡᠯᠡᠭᠳᠡᠪᠡ᠃ ᠪᠣᠳᠠᠰ ᠤᠨ ᠪᠤᠰᠤ ᠰᠣᠶᠣᠯ ᠤᠨ ᠥᠪ ᠦᠨ ᠨᠡᠶᠢᠲᠡ ᠶᠢᠨ ᠠᠰᠢᠭᠲᠤ ᠵᠠᠷᠭᠤ ᠶᠢᠨ ᠬᠠᠮᠠᠭᠠᠯᠠᠯᠲᠠ 《 ᠰᠠᠶᠢᠨ  ᠠᠮᠵᠢᠯᠲᠠ 》 ᠭᠠᠷᠭᠠᠪᠠ᠃ ᠬᠥᠬᠡᠬᠣᠲᠠ ᠶᠢᠨ ᠬᠣᠲᠣᠩ ᠠᠷᠠᠳ ᠤᠨ ᠲᠣᠭᠣᠷᠢᠭ ᠤᠨ ᠪᠠᠶᠢᠴᠠᠭᠠᠬᠤ ᠬᠣᠷᠢᠶ᠎ᠠ ᠤᠯᠠᠮᠵᠢᠯᠠᠯᠲᠤ ᠪᠡᠶ᠎ᠡ ᠶᠢᠨ ᠲᠠᠮᠢᠷ ᠤᠨ 5 ᠵᠦᠶᠯᠡᠰ ᠢ ᠪᠣᠳᠠᠰ ᠤᠨ ᠪᠤᠰᠤ ᠰᠣᠶᠣᠯ ᠤᠨ ᠥᠪ ᠦᠨ ᠬᠠᠮᠠᠭᠠᠯᠠᠯᠲᠠ ᠶᠢᠨ ᠨᠡᠷᠡᠰ ᠦᠨ ᠵᠢᠭᠰᠠᠭᠠᠯᠲᠠ ᠳᠤ ᠠᠮᠵᠢᠯᠲᠠ ᠲᠠᠶ ᠪᠠᠷ ᠣᠷᠣᠭᠤᠯᠬᠤ ᠶᠢ ᠠᠬᠢᠭᠤᠯᠵᠤ ᠂ ᠲᠤᠰᠬᠠᠶ ᠪᠠᠯᠠ ᠮᠥᠩᠭᠥ ᠶᠢᠨ ᠡᠳ᠋ ᠦᠨ ᠵᠠᠰᠠᠭ ᠤᠨ ᠪᠠᠲᠤᠯᠠᠭ᠎ᠠ ᠶᠢ ᠪᠡᠶᠡᠯᠡᠭᠦᠯᠪᠡ᠃ 

ᠪᠥᠬᠥ ᠰᠢᠰᠲ᠋ᠧᠮ ᠢᠶᠡᠷ ᠢᠶᠡᠨᠤᠶᠤᠨ ᠤ ᠥᠮᠴᠢ ᠵᠢᠨ ᠡᠷᠬᠡ ᠵᠢᠨ ᠪᠠᠶᠢᠴᠠᠭᠠᠬᠤ ᠲᠤᠰᠬᠠᠶ ᠮᠡᠷᠭᠡᠵᠢᠯ ᠦᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠨᠢᠭᠡᠳᠦᠭᠡᠷ ᠲᠦ ᠂ ᠲᠤᠰᠬᠠᠢ ᠠᠵᠢᠯ ᠤᠨ ᠪᠠᠶᠢᠭᠤᠯᠤᠮᠵᠢ ᠶᠢᠨ ᠠᠵᠢᠯᠳᠠᠨ ᠢ ᠪᠠᠶᠢᠭᠤᠯᠪᠠ᠃ ᠣᠳᠣᠬᠠᠨ ᠳᠤ ᠂ ᠪᠥᠬᠥ ᠣᠷᠣᠨ ᠳᠤᠤᠶᠤᠨ ᠤ ᠥᠮᠴᠢ ᠵᠢᠨ ᠡᠷᠬᠡ ᠵᠢᠨ ᠪᠠᠶᠢᠴᠠᠭᠠᠬᠤ ᠲᠤᠰᠬᠠᠶ ᠠᠵᠢᠯ ᠤᠨ ᠬᠡᠷᠡᠭ ᠰᠢᠶᠳᠪᠦᠷᠢᠯᠡᠬᠦ ᠪᠠᠶᠢᠭᠤᠯᠤᠮᠵᠢ ᠶᠢ ᠨᠡᠶᠢᠲᠡ 99 ᠪᠠᠶᠢᠭᠤᠯᠪᠠ᠃ ᠥᠪᠥᠷ ᠮᠣᠩᠭᠣᠯ ᠤᠨ ᠶᠡᠬᠡ ᠰᠤᠷᠭᠠᠭᠤᠯᠢ ᠂ ᠵᠥᠩ ᠨᠠᠨ ᠡᠳ᠋ ᠦᠨ ᠵᠠᠰᠠᠭ ᠠᠵᠤ ᠠᠬᠤᠶ ᠤᠯᠤᠰ ᠲᠥᠷᠥ ᠬᠠᠤᠯᠢ ᠴᠠᠭᠠᠵᠠ ᠶᠢᠨ ᠶᠡᠬᠡ ᠰᠤᠷᠭᠠᠭᠤᠯᠢ ᠲᠠᠶ ᠬᠠᠮᠲᠤᠷᠠᠨ 《 ᠰᠢᠨ᠎ᠡ ᠴᠠᠭ ᠦᠶ᠎ᠡ ᠶᠢᠨᠤᠶᠤᠨ ᠤ ᠥᠮᠴᠢ ᠵᠢᠨ ᠡᠷᠬᠡ ᠵᠢᠨ ᠪᠠᠶᠢᠴᠠᠭᠠᠬᠤ ᠪᠣᠳᠠᠲᠤ ᠶᠠᠪᠤᠳᠠᠯ ᠤᠨ ᠶᠠᠷᠢᠶᠠᠨ ᠤ ᠲᠠᠪᠴᠠᠩ 》  ᠢ ᠬᠤᠷᠠᠯᠳᠤᠭᠤᠯᠵᠤ ᠂ ᠰᠢᠯᠭᠠᠨ ᠪᠠᠶᠢᠴᠠᠭᠠᠬᠤ ᠰᠤᠷᠭᠠᠭᠤᠯᠢ ᠯᠤᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠵᠤ ᠂ 《 ᠪᠠᠶᠢᠴᠠᠭᠠᠬᠤ ᠣᠨᠣᠯ ᠤᠨ ᠰᠤᠳᠤᠯᠭᠠᠨ ᠤ ᠰᠠᠭᠤᠷᠢᠨ ᠭᠠᠵᠠᠷ 》 ᠪᠠ 《 ᠵᠢᠭᠠᠨ ᠰᠤᠷᠭᠠᠯᠲᠠ ᠶᠢᠨ ᠦᠶᠯᠡᠳᠦᠯᠭᠡ ᠶᠢᠨ ᠰᠠᠭᠤᠷᠢᠨ ᠭᠠᠵᠠᠷ 》  ᠢ ᠬᠠᠮᠲᠤ ᠪᠠᠷ ᠪᠠᠶᠢᠭᠤᠯᠪᠠ᠃ ᠬᠣᠶᠠᠳᠤᠭᠠᠷ ᠲᠤ ᠂ ᠲᠤᠰᠬᠠᠢ ᠮᠡᠷᠭᠡᠵᠢᠯ ᠦᠨ ᠬᠡᠷᠡᠭ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠪᠡ᠃ 《 ᠳᠥᠷᠪᠡᠨ ᠪᠠᠶᠢᠴᠠᠭᠠᠬᠤ ᠠᠵᠢᠯ ᠢ ᠨᠢᠭᠡᠳᠬᠡᠬᠦ 》 ᠶᠡᠷᠦᠩᠬᠡᠶᠢᠯᠡᠭᠰᠡᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠵᠦ ᠬᠡᠷᠡᠭ ᠰᠢᠶᠳᠪᠦᠷᠢᠯᠡᠬᠦ ᠰᠢᠨ᠎ᠡ ᠵᠠᠭᠪᠤᠷ ᠢ ᠲᠡᠭᠦᠯᠳᠡᠷᠵᠢᠭᠦᠯᠪᠡ᠃ 2023 ᠣᠨ ᠳᠤ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠤᠶᠤᠨ ᠤ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠭᠰᠡᠨ 57 ᠬᠡᠷᠡᠭ ᠢ ᠰᠢᠶᠳᠪᠦᠷᠢᠯᠡᠵᠦ ᠂ ᠶᠡᠷᠦᠩᠬᠡᠶᠢᠯᠡᠭᠰᠡᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠭᠰᠡᠨ ᠨᠣᠷᠮ᠎ᠠ ᠨᠢ 55 . 4 % ᠪᠣᠯᠵᠠᠶ᠃ ᠬᠥᠯᠥᠨ ᠪᠤᠢᠢᠷ ᠂ ᠬᠢᠩᠭᠠᠨ ᠠᠶᠢᠮᠠᠭ ᠂ ᠪᠠᠶᠠᠨᠨᠠᠭᠤᠷ ᠵᠡᠷᠭᠡ ᠪᠠᠶᠢᠴᠠᠭᠠᠬᠤ ᠪᠠᠶᠢᠭᠤᠯᠭ᠎ᠠ ᠲᠤᠰᠬᠠᠢ ᠮᠡᠷᠭᠡᠵᠢᠯ ᠦᠨ ᠠᠵᠢᠯᠳᠠᠨ ᠢ ᠤᠷᠢᠵᠤᠤᠶᠤᠨ ᠤ ᠥᠮᠴᠢ ᠵᠢᠨ ᠡᠷᠬᠡ ᠵᠢᠨ ᠮᠡᠷᠭᠡᠵᠢᠯ ᠦᠨ ᠪᠠᠶᠢᠴᠠᠭᠠᠯᠲᠠ ᠶᠢᠨ ᠲᠤᠰᠢᠶᠠᠯᠲᠠᠨ ᠪᠤᠶᠤ ᠣᠨᠴᠠ ᠤᠷᠢᠭᠰᠠᠨ ᠪᠠᠶᠢᠴᠠᠭᠠᠬᠤ ᠲᠤᠰᠢᠶᠠᠯᠲᠠᠨ ᠤ ᠲᠤᠰᠠᠯᠠᠭᠴᠢ ᠪᠣᠯᠭᠠᠬᠤ ᠪᠠᠷ ᠳᠠᠮᠵᠢᠭᠤᠯᠤᠨ ᠂ ᠪᠠᠶᠢᠴᠠᠭᠠᠬᠤ ᠠᠵᠢᠯ ᠤᠨ ᠬᠡᠷᠡᠭ ᠰᠢᠢᠳᠪᠦᠷᠢᠯᠡᠬᠦ ᠶᠢ ᠲᠤᠰᠬᠠᠶᠢᠵᠢᠭᠤᠯᠬᠤ ᠶᠢ ᠠᠬᠢᠭᠤᠯᠪᠠ᠃ ᠭᠤᠷᠪᠠᠳᠤᠭᠠᠷ ᠲᠤ ᠂ ᠲᠤᠰᠬᠠᠢ ᠵᠦᠢᠯ ᠦᠨ ᠬᠢᠨᠠᠯᠲᠠ ᠲᠠᠯᠪᠢᠬᠤ ᠠᠵᠢᠯᠯᠠᠭ᠎ᠠ ᠶᠢ ᠪᠠᠶᠢᠷᠢᠯᠠᠭᠤᠯᠪᠠ᠃ᠤᠶᠤᠨ ᠤ ᠥᠮᠴᠢ ᠵᠢᠨ ᠡᠷᠬᠡ ᠵᠢᠨ ᠪᠠᠶᠢᠴᠠᠭᠠᠬᠤ 《 ᠥᠪᠥᠷ ᠮᠣᠩᠭᠣᠯ ᠤᠨ ᠨᠠᠷᠠᠲᠤ ᠲᠡᠮᠳᠡᠭᠲᠦ 》  ᠶᠢᠨ ᠲᠤᠰᠬᠠᠶ ᠬᠢᠨᠠᠯᠲᠠ ᠲᠠᠯᠪᠢᠬᠤ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ ᠂ 2023 ᠣᠨ ᠳᠤ ᠲᠠᠸᠠᠷ ᠤᠨ ᠲᠡᠮᠳᠡᠭ ᠦᠨ ᠲᠥᠷᠥᠯ ᠦᠨ ᠶᠠᠯᠠᠲᠤ ᠬᠡᠷᠡᠭ ᠢ ᠨᠡᠶᠢᠲᠡ 135 ᠬᠤᠪᠢ ᠰᠢᠶᠳᠪᠦᠷᠢᠯᠡᠵᠦ ᠂ ᠠᠳᠠᠯᠢ ᠬᠤᠭᠤᠴᠠᠭᠠᠨ ᠤ ᠬᠢ ᠡᠴᠡ 128 %  ᠪᠠᠷ ᠨᠡᠮᠡᠭᠳᠡᠪᠡ᠃ ᠭᠠᠵᠠᠷ ᠵᠦᠢ ᠶᠢᠨ ᠪᠡᠯᠭᠡ ᠳᠡᠮᠳᠡᠭ ᠦᠨ ᠬᠠᠮᠠᠭᠠᠯᠠᠯᠲᠠ ᠶᠢᠨ ᠬᠦᠷᠢᠶᠡᠨ ᠳᠡᠬᠢ ᠨᠡᠶᠢᠲᠡ ᠶᠢᠨ ᠠᠰᠢᠭᠲᠤ ᠵᠠᠷᠭᠤ ᠶᠢ ᠭᠣᠣᠯᠳᠠᠯᠭ᠎ᠠ ᠲᠠᠶ ᠥᠷᠨᠢᠭᠦᠯᠦᠨ᠎ᠡ᠃

 ᠤᠶᠤᠨ ᠤ ᠪᠦᠲᠦᠭᠡᠭᠳᠡᠬᠦᠨ ᠦ ᠥᠮᠴᠢᠯᠡᠬᠦ ᠡᠷᠬᠡ ᠶᠢᠨ 《 ᠶᠡᠬᠡ ᠬᠠᠮᠠᠭᠠᠯᠠᠯᠲᠠ 》  ᠶᠢᠨ ᠪᠠᠶᠢᠷᠢᠰᠢᠯ ᠢ ᠪᠥᠬᠥ ᠬᠡᠯᠬᠢᠶ᠎ᠡ ᠪᠡᠷ  ᠪᠠᠶᠢᠭᠤᠯᠪᠠ᠃ᠨᠢᠭᠡᠳᠦᠭᠡᠷ ᠲᠦ ᠂ ᠭᠠᠳᠠᠭᠠᠳᠤ ᠬᠠᠮᠵᠢᠯᠴᠠᠭ᠎ᠠ ᠶᠢ  ᠴᠢᠩᠭᠠᠳᠬᠠᠪᠠ᠃ᠤᠶᠤᠨ ᠤ ᠥᠮᠴᠢ ᠵᠢᠨ ᠡᠷᠬᠡ ᠵᠢᠨ ᠡᠷᠡᠭᠦᠦ ᠭᠦᠶᠴᠡᠳᠬᠡᠬᠦ ᠶᠢ ᠵᠣᠯᠭᠠᠭᠤᠯᠬᠤ 《 ᠬᠤᠤᠰ ᠴᠢᠭᠯᠡᠯ ᠢᠶᠡᠷ ᠰᠢᠯᠵᠢᠭᠦᠯᠦᠨ ᠬᠦᠷᠭᠡᠬᠦ 》 ᠲᠣᠭᠲᠠᠴᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠪᠥᠬᠥ ᠣᠷᠣᠨ ᠤ ᠵᠠᠬ᠎ᠠ ᠳᠡᠯᠭᠡᠭᠦᠷ ᠦᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠴᠡ ᠪᠠᠶᠢᠴᠠᠭᠠᠬᠤ ᠪᠠᠶᠢᠭᠤᠯᠭ᠎ᠠ ᠳᠤ 15 ᠬᠤᠪᠢ ᠬᠡᠷᠡᠭ ᠪᠣᠯᠭᠠᠨ ᠳᠡᠩᠰᠡᠯᠡᠵᠦ ᠬᠢᠨᠠᠯᠲᠠ ᠲᠠᠯᠪᠢᠬᠤ ᠰᠦᠪᠡᠭᠴᠢ ᠶᠢ ᠰᠢᠯᠵᠢᠭᠦᠯᠦᠨ ᠬᠦᠷᠭᠡᠪᠡ  ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠲᠡᠶ ᠬᠠᠮᠲᠤᠷᠠᠨ ᠬᠣᠶᠠᠷ ᠪᠦᠯᠦᠭ ᠤᠳᠠᠭ᠎ᠠ 13 ᠬᠦᠨᠳᠦ ᠶᠡᠬᠡ ᠬᠦᠴᠢᠷ ᠲᠦᠪᠡᠭᠲᠡᠶ ᠬᠡᠷᠡᠭ ᠢ ᠫᠠᠶᠢᠰᠠ ᠡᠯᠭᠦᠨ ᠰᠢᠮᠳᠠᠭᠤᠯᠤᠨ ᠰᠢᠶᠳᠪᠦᠷᠢᠯᠡᠭᠦᠯᠪᠡ᠃ ᠬᠣᠶᠠᠳᠤᠭᠠᠷ ᠲᠤ ᠂ ᠳᠣᠲᠣᠭᠠᠳᠤ ᠶᠢᠨ ᠬᠠᠮᠵᠢᠯᠴᠠᠭ᠎ᠠ ᠪᠠᠨ  ᠴᠢᠩᠭᠠᠳᠬᠠᠪᠠ᠃ ᠤᠯᠤᠰ ᠤᠨ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠡᠶ ᠨᠢᠭᠲᠠ ᠤᠶᠠᠯᠳᠤᠭᠤᠯᠤᠨ ᠂ ᠬᠥᠬᠡᠬᠣᠲᠠ ᠂ ᠪᠤᠭᠤᠲᠤ ᠂ ᠣᠷᠳᠣᠰ ᠂ ᠤᠯᠠᠭᠠᠨᠴᠠᠪ ᠳᠥᠷᠪᠡᠨ ᠬᠣᠲᠠ ᠶᠢᠨ ᠪᠠᠶᠢᠴᠠᠭᠠᠬᠤ ᠬᠣᠷᠢᠶ᠎ᠠ ᠶᠢᠨ ᠬᠣᠯᠪᠣᠭᠠᠲᠤ ᠬᠤᠷᠠᠯ ᠤᠨ 《 ᠬᠥᠬᠡᠬᠣᠲᠠ ᠪᠤᠭᠤᠲᠤ ᠣᠷᠳᠣᠰ ᠦᠬᠠᠶ 》ᠤᠶᠤᠨ ᠤ ᠥᠮᠴᠢ ᠵᠢᠨ ᠡᠷᠬᠡ ᠵᠢᠨ ᠪᠠᠶᠢᠴᠠᠭᠠᠬᠤ ᠬᠠᠮᠵᠢᠯᠴᠠᠭ᠎ᠠ ᠶᠢ ᠴᠢᠩᠭᠠᠳᠬᠠᠬᠤ ᠲᠤᠬᠠᠶ ᠰᠠᠨᠠᠯ 》  ᠳᠤ ᠭᠠᠷ ᠤᠨ ᠥᠰᠥᠭ ᠵᠢᠷᠤᠬᠤ ᠶᠢ ᠢᠳᠡᠪᠬᠢᠲᠡᠶ ᠠᠬᠢᠭᠤᠯᠪᠠ ᠮᠤᠵᠢ ᠣᠷᠣᠨ ᠤ ᠪᠠᠶᠢᠴᠠᠭᠠᠬᠤ ᠠᠵᠢᠯ ᠤᠨ ᠬᠠᠮᠵᠢᠯᠴᠠᠭ᠎ᠠ ᠪᠠᠨ ᠴᠢᠩᠭᠠᠳᠬᠠᠵᠤ ᠂ ᠲᠠᠸᠠᠷ ᠤᠨ ᠲᠡᠮᠳᠡᠭᠲᠦ ᠶᠢᠨ ᠡᠷᠬᠡ ᠳᠦ ᠬᠠᠯᠳᠠᠭᠰᠠᠨ 78 ᠢᠷᠭᠡᠨ ᠦ ᠬᠡᠷᠡᠭ ᠦᠨ ᠪᠠᠶᠢᠴᠠᠭᠠᠬᠤ ᠬᠢᠨᠠᠯᠲᠠ ᠲᠠᠯᠪᠢᠬᠤ ᠰᠦᠪᠡᠭᠴᠢ ᠶᠢ ᠮᠤᠵᠢ ᠠᠯᠤᠰᠯᠠᠨ ᠰᠢᠯᠵᠢᠭᠦᠯᠦᠨ ᠬᠦᠷᠭᠡᠪᠡ᠃ ᠪᠦᠬᠦ ᠬᠠᠷᠠᠭᠠᠰᠤ ᠠᠴᠠ 《 ᠰᠢᠨ᠎ᠡ ᠶᠢ ᠡᠭᠦᠳᠬᠦ ᠶᠢ ᠬᠠᠮᠠᠭᠠᠯᠠᠬᠤ 》 ᠬᠠᠥᠯᠢ ᠪᠠᠷ ᠵᠠᠰᠠᠬᠤ ᠣᠷᠴᠢᠨ ᠲᠣᠭᠣᠷᠢᠨ ᠢ  ᠪᠣᠯᠭᠠᠪᠠ᠃ ᠰᠠᠨᠠᠭᠠᠴᠢᠯᠠᠭ᠎ᠠ ᠠᠴᠠ ᠪᠠᠨ ᠲᠤᠰᠢᠶᠠᠯ ᠢᠶᠠᠨ ᠭᠦᠢᠴᠡᠳᠬᠡᠵᠦ ᠂ ᠲᠤᠰᠬᠠᠢ ᠦᠢᠯᠡᠴᠢᠯᠡᠭᠡᠨ ᠦ ᠴᠣᠩᠬᠣ ᠶᠢ ᠪᠠᠶᠢᠭᠤᠯᠪᠠ᠃ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ 120 ᠳᠡᠭᠡᠳᠦ ᠰᠢᠨ᠎ᠡ ᠮᠡᠷᠭᠡᠵᠢᠯ ᠦᠨ  ᠰᠤᠷᠭᠠᠭᠤᠯᠢ ᠂ ᠰᠢᠨᠵᠢᠯᠡᠬᠦ ᠤᠬᠠᠭᠠᠨ ᠮᠡᠷᠭᠡᠵᠢᠯ ᠦᠨ ᠠᠵᠤ ᠠᠬᠤᠶᠢᠯᠠᠯ ᠳᠤ 《 ᠤᠶᠤᠨ ᠤ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠪᠠᠶᠢᠴᠠᠭᠠᠬᠤ ᠬᠠᠮᠠᠭᠠᠯᠠᠬᠤ ᠬᠠᠷᠢᠯᠴᠠᠬᠤ ᠴᠡᠭ 》  ᠢ ᠫᠠᠶᠢᠰᠠ ᠡᠯᠭᠦᠨ ᠂ 《 ᠨᠢᠭᠡ ᠨᠢᠭᠡ ᠪᠡᠷ 》 ᠪᠠᠶᠢᠴᠠᠭᠠᠬᠤ ᠦᠢᠯᠡᠴᠢᠯᠡᠭᠡ ᠬᠠᠩᠭᠠᠬᠤ ᠶᠢ ᠢᠳᠡᠪᠬᠢᠲᠡᠢ ᠠᠬᠢᠭᠤᠯᠪᠠ᠃ ᠬᠥᠬᠡᠬᠣᠲᠠ ᠶᠢᠨ ᠪᠠᠶᠢᠴᠠᠭᠠᠬᠤ ᠬᠣᠷᠢᠶ᠎ᠠ ᠬᠥᠬᠡᠬᠣᠲᠠ ᠶᠢᠨ ᠠᠵᠤ ᠠᠬᠤᠶ ᠮᠡᠷᠭᠡᠵᠢᠯ ᠦᠨ ᠨᠡᠭᠡᠭᠡᠯᠲᠡ ᠶᠢᠨ ᠲᠣᠭᠣᠷᠢᠭ ᠲᠤ 《  ᠤᠶᠤᠨ ᠤ ᠪᠦᠲᠦᠭᠡᠭᠳᠡᠬᠦᠨ ᠦ ᠥᠮᠴᠢᠯᠡᠬᠦ ᠡᠷᠬᠡ 》 ᠵᠢᠨ ᠰᠢᠷᠢᠰ ᠲᠠᠶᠢᠯᠤᠮᠵᠢ 17 ᠲᠠᠯᠠᠪᠤᠷ ᠡᠷᠭᠢᠯᠡᠵᠦ ᠂ ᠨᠡᠶᠢᠲᠡ 600 ᠭᠠᠷᠤᠶ ᠬᠥᠮᠦᠨ ᠣᠷᠣᠯᠴᠠᠪᠠ ᠰᠠᠶᠢᠬᠠᠨ ᠲᠣᠭᠣᠷᠢᠭ ᠤᠨ ᠪᠠᠶᠢᠴᠠᠭᠠᠬᠤ ᠬᠣᠷᠢᠶ᠎ᠠ ᠨᠢ ᠬᠥᠬᠡᠬᠣᠲᠠ ᠶᠢᠨ ᠵᠥᠩ ᠬᠤᠸᠠᠨ ᠠᠵᠤ ᠦᠶᠯᠡᠰ ᠦᠨ ᠬᠦᠷᠢᠶᠡᠯᠡᠩ ᠲᠡᠶ 《 ᠬᠤᠳᠠᠯᠳᠤᠭᠠᠨ ᠤ ᠨᠢᠭᠤᠴᠠ ᠶᠢᠨ ᠬᠠᠮᠠᠭᠠᠯᠠᠯᠲᠠ ᠶᠢᠨ ᠲᠣᠭᠲᠠᠭᠠᠯ ᠳᠤ ᠨᠡᠶᠢᠴᠡᠭᠰᠡᠨ ᠪᠥᠲᠥᠭᠡᠨ ᠪᠠᠶᠢᠭᠤᠯᠤᠯᠲᠠ ᠶᠢᠨ ᠪᠦᠳᠦᠭᠦᠪᠴᠢ ᠵᠥᠪᠯᠡᠯᠴᠡᠭᠡᠷ 》 ᠲᠣᠭᠲᠠᠪᠠ᠃

ᠣᠯᠠᠨ ᠬᠡᠮᠵᠢᠯᠳᠦ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠨᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠬᠡᠪᠴᠢᠶ᠎ᠡ ᠶᠢ ᠤᠷᠲᠤᠳᠬᠠᠪᠠ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ᠤᠶᠤᠨ ᠤ ᠥᠮᠴᠢ ᠵᠢᠨ ᠡᠷᠬᠡ ᠵᠢᠨ ᠪᠠᠶᠢᠴᠠᠭᠠᠬᠤ ᠠᠵᠢᠯ ᠤᠨ ᠴᠠᠭᠠᠨ ᠭᠠᠳᠠᠷᠳᠤ ᠪᠢᠴᠢᠭ ᠪᠠ ᠨᠡᠶᠢᠲᠡᠯᠢᠭ ᠬᠡᠷᠡᠭ ᠦᠨ ᠵᠢᠱᠢᠶ᠎ᠡ ᠶᠢ ᠨᠡᠶᠢᠲᠡᠯᠡᠪᠡ  ᠬᠥᠬᠡᠬᠣᠲᠠ ᠶᠢᠨ ᠬᠣᠶᠠᠳᠤᠭᠠᠷ ᠳᠤᠮᠳᠠᠳᠤ ᠰᠤᠷᠭᠠᠭᠤᠯᠢ ᠳᠤ 《ᠤᠶᠤᠨ ᠤ ᠥᠮᠴᠢ ᠵᠢᠨ ᠡᠷᠬᠡ ᠵᠢᠨ  ᠬᠠᠥᠯᠢ ᠪᠠᠷ ᠵᠠᠰᠠᠬᠤ  ᠶᠢ ᠰᠤᠷᠭᠠᠭᠤᠯᠢ ᠶᠢᠨ ᠬᠦᠷᠢᠶᠡᠨ ᠳᠦ ᠣᠷᠣᠭᠤᠯᠬᠤ 》 ᠠᠵᠢᠯᠯᠠᠭ᠎ᠠ ᠥᠷᠨᠢᠭᠦᠯᠵᠦ ᠂ ᠰᠤᠷᠭᠠᠨ ᠬᠥᠮᠦᠵᠢᠯ ᠢ  ᠠᠮᠲᠠᠷᠬᠠᠭᠤᠯᠬᠤ ᠳᠤᠮᠳᠠ ᠬᠠᠥᠯᠢ ᠪᠠᠷ ᠵᠠᠰᠠᠬᠤ ᠳᠠᠭᠤᠨ ᠢ ᠳᠠᠮᠵᠢᠭᠤᠯᠪᠠ᠃ 《 426 ᠤᠶᠤᠨ ᠤ ᠥᠮᠴᠢ ᠵᠢᠨ ᠡᠷᠬᠡ ᠵᠢᠨ ᠤᠬᠠᠭᠤᠯᠭ᠎ᠠ ᠶᠢᠨ ᠭᠠᠷᠠᠭ 》 ᠂ 《 12 . 4ᠤᠶᠤᠨ ᠤ ᠥᠮᠴᠢ ᠵᠢᠨ ᠡᠷᠬᠡ ᠵᠢᠨ ᠪᠠᠶᠢᠴᠠᠭᠠᠬᠤ ᠠᠵᠢᠯ ᠢ ᠠᠵᠤ ᠠᠬᠤᠶᠢᠯᠠᠯ ᠳᠤ ᠣᠷᠣᠭᠤᠯᠬᠤ 》 ᠵᠡᠷᠭᠡ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠯ᠎ᠡ ᠲᠥᠷᠥᠯ ᠦᠨ ᠠᠵᠢᠯᠯᠠᠭ᠎ᠠ ᠶᠢ ᠨᠡᠶᠢᠲᠡ 314 ᠤᠳᠠᠭ᠎ᠠ ᠵᠣᠬᠢᠶᠠᠨ ᠪᠠᠶᠢᠭᠤᠯᠪᠠ᠃ ᠬᠥᠬᠡᠬᠣᠲᠠ ᠶᠢᠨ ᠪᠠᠶᠢᠴᠠᠭᠠᠬᠤ ᠬᠣᠷᠢᠶ᠎ᠠ 《 ᠣᠷᠣᠨ ᠤ ᠲᠥᠪ ᠦᠨ ᠤᠶᠤᠨ ᠤ ᠥᠮᠴᠢ ᠵᠢᠨ ᠪᠠᠶᠢᠴᠭᠠᠠᠬᠤ 》 ᠸᠢᠴᠠᠲ ᠤᠨ ᠣᠯᠠᠨ ᠨᠡᠶᠢᠲᠡ ᠶᠢᠨ ᠳ᠋ᠤᠭᠠᠷ ᠭᠠᠷᠭᠠᠵᠤ ᠂ 320 ᠭᠠᠷᠤᠶ ᠮᠡᠳᠡᠭᠡ ᠵᠠᠩᠭᠢ ᠨᠡᠶᠢᠲᠡᠯᠡᠵᠦ ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ 《ᠡᠳᠦᠷ ᠪᠦᠷᠢ  ᠠᠭᠤᠯᠵᠠᠬᠤ 》  ᠶᠢ ᠪᠡᠶᠡᠯᠡᠭᠦᠯᠪᠡ᠃ 

 

 

ᠬᠠᠥᠯᠢ ᠪᠠᠷ ᠵᠠᠰᠠᠬᠤ ᠡᠳᠦᠷ ᠦᠨ ᠰᠣᠨᠢᠨ ᠂ ᠥᠪᠥᠷ ᠮᠣᠩᠭᠣᠯ ᠤᠨ ᠡᠳᠦᠷ ᠦᠨ ᠰᠣᠨᠢᠨ ᠂ ᠤᠮᠠᠷᠠᠲᠤ ᠬᠢᠯᠢ ᠶᠢᠨ ᠰᠣᠨᠢᠨ ᠮᠡᠳᠡᠭᠡᠨ ᠦ ᠰᠦᠯᠵᠢᠶ᠎ᠡ ᠂ ᠲᠸ᠋ᠩ ᠰᠢᠶᠦ᠋ᠨ ᠥᠪᠥᠷ ᠮᠣᠩᠭᠣᠯ ᠵᠡᠷᠭᠡ 20 ᠭᠠᠷᠤᠢ ᠰᠣᠨᠢᠨ ᠮᠡᠳᠡᠭᠡᠨ ᠦ ᠵᠠᠭᠤᠴᠢᠯᠠᠭᠤᠷ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro