ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠦᠬᠦ ᠣᠷᠣᠨ ᠤ ᠪᠠᠶᠢᠴᠠᠭᠠᠬᠤ ᠪᠠᠶᠢᠭᠤᠯᠤᠯᠭ᠎ᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠢᠴᠢ ᠰᠡᠷᠡᠮᠵᠢᠯᠡᠭᠦᠯᠬᠦ ᠬᠥᠮᠦᠵᠢᠯ ᠦᠨ ᠬᠤᠷᠠᠯ ᠬᠤᠷᠠᠯᠳᠤᠪᠠ

2024-05-15 19:00:59
ᠵᠣᠬᠢᠶᠠᠭᠴᠢ
ᠨᠠᠪᠴᠢ

 

 

4 ᠰᠠᠷ᠎ᠠ ᠶᠢᠨ 25  ᠤ ᠦᠳᠡ ᠶᠢᠨ ᠡᠮᠦᠨ᠎ᠡ ᠂ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠢᠴᠢ ᠰᠡᠷᠡᠮᠵᠢᠯᠡᠭᠦᠯᠬᠦ ᠬᠥᠮᠦᠵᠢᠯ ᠦᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠪᠠᠶᠢᠴᠠᠭᠠᠬᠤ ᠳᠠᠷᠤᠭ᠎ᠠ ᠯᠢ ᠵᠢᠶᠠᠨ ᠬᠤᠷᠠᠯ ᠢ ᠡᠷᠭᠢᠯᠡᠪᠡ᠃ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠬᠣᠷᠢᠶᠠᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠠᠩ ᠢ ᠫᠢᠩ ᠨᠠᠮ ᠤᠨ ᠲᠥᠪ ᠬᠣᠷᠢᠢ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠡᠨᠡ ᠵᠢᠯ ᠡᠴᠡ ᠨᠠᠭᠠᠰᠢᠬᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠢᠯᠵᠢᠷᠡᠯ ᠢ ᠡᠰᠡᠷᠭᠦᠴᠡᠬᠦ ᠲᠡᠮᠡᠴᠡᠯ ᠦᠨ ᠲᠤᠬᠠᠢ ᠭᠣᠣᠯ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠪᠠ  ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠪᠠᠶᠢᠴᠠᠭᠠᠬᠤ ᠳᠠᠷᠤᠭ᠎ᠠ ᠵᠧᠩ ᠵᠢᠶᠠ ᠮᠧᠶ 2023 ᠣᠨ ᠤ ᠪᠥᠬᠥ ᠣᠷᠣᠨ ᠤ ᠪᠠᠶᠢᠴᠠᠭᠠᠬᠤ ᠠᠵᠢᠯᠲᠠᠨ ᠤ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠪᠠᠶᠢᠳᠠᠯ ᠢ ᠵᠠᠷᠯᠠᠨ ᠮᠡᠳᠡᠭᠳᠡᠪᠡ᠃

 

 

ᠬᠤᠷᠠᠯ ᠠᠴᠠ ᠶᠡᠷᠦᠩᠬᠡᠶ ᠱᠦᠵᠢ ᠰᠢ ᠵᠢᠨ ᠫᠢᠩ ᠦᠨ ᠨᠠᠮ ᠤᠨ ᠥᠪᠡᠷ ᠦᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠦᠨ ᠵᠢᠱᠢᠶ᠎ᠡ ᠶᠢ ᠨᠠᠷᠢᠨ ᠬᠢᠨᠠᠮᠠᠭᠠᠶ ᠵᠠᠳᠠᠯᠤᠨ ᠰᠢᠨᠵᠢᠯᠡᠵᠦ ᠂ ᠬᠡᠷᠡᠭ ᠢᠶᠡᠷ ᠲᠣᠯᠢ ᠪᠣᠯᠭᠠᠵᠤ ᠂ ᠬᠡᠷᠡᠭ ᠢᠶᠡᠷ ᠰᠡᠷᠡᠮᠵᠢᠯᠡᠭᠦᠯᠵᠦ ᠂ ᠬᠡᠷᠡᠭ ᠢᠶᠡᠷ ᠥᠭᠡᠷᠡᠴᠢᠯᠡᠯᠲᠡ ᠶᠢ ᠠᠬᠢᠭᠤᠯᠵᠤ ᠂ ᠶᠠᠭ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠲᠡᠶ ᠤᠶᠠᠯᠳᠤᠭᠤᠯᠤᠨ ᠂ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠪᠥᠬᠥ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠪᠠᠶᠢᠴᠠᠭᠠᠬᠤ ᠠᠵᠢᠯ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠩ ᠡᠷᠡᠰ ᠪᠠᠲᠤ ᠤᠬᠠᠮᠰᠠᠷ ᠠᠴᠠ ᠪᠠᠨ ᠡᠭᠦᠷᠭᠡᠯᠡᠬᠦ ᠶᠢ ᠠᠬᠢᠭᠤᠯᠵᠤ ᠂ ᠥᠷᠭᠡᠨ ᠣᠯᠠᠨ ᠪᠠᠶᠢᠴᠠᠭᠠᠬᠤ ᠠᠵᠢᠯᠲᠠᠨ ᠤ ᠪᠢᠰᠢᠷᠡᠨ ᠵᠢᠷᠦᠬᠡᠰᠢᠶᠡᠬᠦ ᠶᠢ ᠨᠠᠩ ᠰᠡᠷᠭᠡᠭ ᠢᠶᠡᠷ ᠤᠬᠠᠮᠰᠠᠷ ᠠᠴᠠ ᠪᠠᠨ ᠮᠡᠳᠡᠵᠦ ᠂  ᠴᠡᠭᠡᠷᠯᠡᠵᠦ ᠂ ᠬᠣᠷᠢᠭ᠎ᠠ ᠱᠤᠭᠤᠮ ᠢ ᠰᠠᠬᠢᠵᠤ ᠂ ᠪᠥᠬᠥ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶ ᠬᠥᠭᠵᠢᠭᠦᠯᠬᠦ ᠶᠢ ᠢᠮᠠᠭᠲᠠ ᠠᠬᠢᠭᠤᠯᠬᠤ ᠪᠠᠷ ᠬᠥᠮᠦᠵᠢᠭᠦᠯᠦᠨ ᠵᠢᠯᠣᠭᠣᠳᠴᠠᠶ᠃ ᠯᠢ ᠶᠦᠩ ᠵᠢᠶᠦ᠋ᠨ ᠶᠠᠷᠢᠶᠠᠨ ᠳᠠᠭᠠᠨ ᠄《 ᠭᠤᠷᠪᠠᠨ ᠰᠡᠷᠭᠡᠶᠢᠯᠡᠯᠲᠡ ᠶᠢᠨ ᠱᠤᠭᠤᠮ 》 ᠋ ᠢ ᠪᠠᠲᠤ ᠴᠣᠭᠴᠠᠯᠠᠵᠤ ᠂ ᠪᠠᠶᠢᠴᠠᠭᠠᠬᠤ ᠲᠡᠮᠦᠷ ᠴᠡᠷᠢᠭ ᠢ ᠦᠷᠭᠦᠯᠵᠢᠯᠡᠨ ᠪᠠᠶᠢᠭᠤᠯᠬᠤ ᠬᠡᠷᠡᠭᠲᠡᠢ᠃ ᠶᠡᠷᠦᠩᠬᠡᠢ ᠳᠦᠨᠢ ᠠᠪᠴᠤ ᠦᠵᠡᠪᠡᠯ ᠂ ᠪᠠᠶᠢᠴᠠᠭᠠᠬᠤ ᠠᠵᠢᠯᠲᠠᠳ ᠶᠡᠬᠡ ᠵᠥᠪ ᠶᠡᠬᠡ ᠪᠤᠷᠤᠭᠤ ᠶᠢᠨ ᠡᠮᠦᠨ᠎ᠡ ᠵᠣᠭᠰᠣᠯᠲᠠ ᠪᠠᠨ ᠪᠠᠲᠤᠳᠬᠠᠵᠤ ᠴᠢᠳᠠᠳᠠᠭ ᠪᠣᠯᠪᠠᠴᠤ ᠪᠠᠭ᠎ᠠ ᠶᠠᠪᠤᠳᠠᠯ ᠳᠡᠭᠡᠷ᠎ᠡ ᠰᠡᠷᠭᠡᠶᠢᠯᠡᠬᠦ ᠶᠢ ᠣᠮᠲᠣᠭᠠᠶᠢᠯᠠᠵᠤ ᠪᠠᠶᠢᠳᠠᠭ᠃ ᠬᠠᠮᠢᠭ᠎ᠠ ᠠᠴᠠ ᠰᠡᠷᠭᠡᠶᠢᠯᠡᠬᠦ ᠂ ᠶᠠᠭᠠᠬᠢᠵᠤ ᠰᠡᠷᠭᠡᠶᠢᠯᠡᠬᠦ ᠭᠡᠳᠡᠭ ᠨᠢ ᠳᠠᠷᠤᠢ ᠬᠠᠤᠯᠢ ᠴᠠᠭᠠᠵᠠ ᠂ ᠰᠠᠬᠢᠯᠭ᠎ᠠ ᠪᠠᠲᠤ ᠂ ᠶᠣᠰᠣ ᠰᠤᠷᠲᠠᠬᠤᠨ ᠤ 《ᠭᠤᠷᠪᠠᠨ ᠰᠡᠷᠭᠡᠶᠢᠯᠡᠯᠲᠡ ᠶᠢᠨ ᠱᠤᠭᠤᠮ 》 ᠢ ᠪᠡᠬᠢᠵᠢᠭᠦᠯᠬᠦ ᠶᠠᠪᠤᠳᠠᠯ ᠪᠣᠯᠤᠨ᠎ᠠ᠃

《 ᠵᠢᠷᠭᠤᠭᠠᠨ ᠵᠦᠢᠯ ᠦᠨ ᠰᠠᠬᠢᠯᠭ᠎ᠠ ᠪᠠᠲᠤ 》  ᠶᠢ ᠬᠢᠴᠢᠶᠡᠩᠭᠦᠶᠢᠯᠡᠨ ᠵᠢᠷᠤᠮᠯᠠᠵᠤ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ ᠬᠡᠷᠡᠭᠲᠡᠢ᠃ ᠳᠡᠶᠢᠯᠦᠩᠭᠦᠢ ᠴᠢᠨᠠᠷᠲᠠᠢ ᠢᠯᠠᠯᠲᠠ ᠣᠯᠤᠭᠰᠠᠨ ᠰᠠᠭᠤᠷᠢᠨ ᠳᠡᠭᠡᠷ᠎ᠡ ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠬᠡᠷᠬᠢᠨ ᠡᠴᠦᠰ ᠲᠦᠨᠢ ᠲᠤᠯᠲᠠᠯ᠎ᠠ ᠬᠢᠬᠦ ᠶᠢᠨ ᠭᠣᠣᠯᠳᠠᠯᠭ᠎ᠠ ᠨᠢ 《 ᠵᠠᠯᠬᠠᠭᠠᠨ ᠰᠢᠢᠳᠬᠡᠬᠦ 》  ᠡᠴᠡ ᠰᠢᠳᠬᠡᠬᠦ ᠮᠥᠷᠲᠡᠭᠡᠨ ᠪᠠᠰᠠ ᠰᠡᠷᠭᠡᠶᠢᠯᠡᠬᠦ ᠪᠣᠯᠭᠠᠨ ᠬᠤᠪᠢᠷᠠᠭᠤᠯᠵᠤ ᠂ ᠵᠠᠰᠠᠬᠤ ᠲᠠᠯ᠎ᠠ ᠪᠠᠷ ᠦᠨᠭᠭᠡᠨ ᠲᠠᠯ᠎ᠠ ᠶᠢ ᠵᠠᠰᠠᠬᠤ ᠪᠠᠷ ᠭᠣᠣᠯ ᠪᠣᠯᠭᠠᠨ ᠂ ᠦᠨᠳᠦᠰᠦ ᠰᠤᠷᠪᠤᠯᠵᠢ ᠶᠢ ᠵᠠᠰᠠᠬᠤ ᠳᠤ ᠴᠠᠭ ᠣᠯᠭᠣᠵᠤ ᠂ ᠦᠨᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠡᠷ ᠵᠠᠰᠠᠬᠤ ᠶᠢ ᠬᠡᠷᠡᠭᠵᠢᠭᠦᠯᠬᠦ ᠶᠠᠪᠤᠳᠠᠯ ᠪᠣᠯᠤᠨ᠎ᠠ᠃

《 ᠭᠤᠷᠪᠠᠨ ᠦᠯᠦ ᠢᠯᠵᠠᠷᠠᠬᠤ 》 ᠬᠠᠷᠠᠯᠲᠠ ᠪᠠᠷ ᠭᠣᠣᠯᠯᠠᠭᠤᠯᠤᠨ ᠂ ᠪᠠᠶᠢᠴᠠᠭᠠᠬᠤ ᠡᠷᠬᠡ ᠶᠢᠨ ᠬᠢᠨᠠᠯᠲᠠ ᠬᠢᠵᠠᠭᠠᠷᠯᠠᠯ ᠢ ᠭᠦᠨᠵᠡᠭᠡᠶᠢᠷᠡᠭᠦᠯᠬᠦ ᠬᠡᠷᠡᠭᠲᠡᠢ᠃ ᠵᠥᠪ ᠡᠷᠬᠡ ᠶᠢᠨ ᠦᠵᠡᠯᠲᠡ ᠂ ᠠᠵᠢᠯ ᠤᠨ ᠪᠦᠲᠦᠮᠵᠢ ᠶᠢᠨ ᠦᠵᠡᠯᠲᠡ ᠂ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠵᠤ ᠂ 《 ᠭᠤᠷᠪᠠᠨ ᠦᠯᠦ ᠢᠯᠵᠠᠷᠠᠬᠤ 》 ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃

《 ᠳᠦᠷᠪᠡᠨ ᠬᠠᠷᠢᠭᠤᠴᠠᠯᠭ᠎ᠠ 》 ᠵᠢ ᠨᠠᠶᠢᠳᠠᠪᠤᠷᠢᠵᠢᠭᠤᠯᠵᠤ ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠦᠴᠦᠷᠬᠡᠭ ᠶᠡᠬᠡ ᠬᠠᠮᠲᠤᠷᠠᠯ ᠬᠦᠴᠦᠨ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠪᠣᠯ ᠤᠯᠠᠨ ᠤ ᠶᠠᠪᠤᠳᠠᠯ ᠮᠥᠨ ᠂ ᠤᠯᠠᠨ ᠤ ᠶᠠᠪᠤᠳᠠᠯ ᠢ ᠤᠯᠠᠨ ᠳᠤ ᠲᠦᠰᠢᠭᠯᠡᠨ ᠬᠢᠬᠦ ᠬᠡᠷᠡᠭᠲᠡᠢ᠃ ᠪᠢᠳᠡ 《 ᠲᠦᠷᠪᠡᠨ ᠬᠠᠷᠢᠭᠤᠴᠠᠯᠭ᠎ᠠ 》  ᠶᠢ ᠲᠠᠬᠢᠨ ᠳᠠᠪᠲᠠᠨ ᠴᠢᠬᠤᠯᠠᠴᠢᠯᠠᠵᠤ ᠪᠠᠶᠢᠨ᠎ᠠ ᠂ ᠲᠤᠬᠠᠶᠢᠯᠠᠪᠠᠯ ᠄ ᠨᠠᠮ ᠤᠨ ᠤᠳᠤᠷᠢᠳᠬᠤ ᠳᠤᠭᠤᠶᠢᠯᠠᠩ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠵᠢᠴᠢ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠂ ᠤᠳᠤᠷᠢᠳᠬᠤ ᠪᠠᠭ ᠤᠨ ᠪᠦᠷᠢᠯᠳᠦᠬᠦᠨ ᠦ 《 ᠨᠢᠭᠡ ᠠᠵᠢᠯ ᠤᠨ ᠪᠠᠶᠢᠷᠢ ᠳᠤ ᠬᠣᠣᠰ ᠬᠠᠷᠢᠭᠤᠴᠠᠯᠭ᠎ᠠ ᠡᠭᠦᠷᠭᠡᠯᠡᠬᠦ 》 ᠬᠠᠷᠢᠭᠤᠴᠠᠯᠭ᠎ᠠ ᠶᠢ ᠭᠠᠭᠴᠠ ᠬᠦ 《 ᠲᠦᠷᠪᠡᠨ ᠬᠠᠷᠢᠭᠤᠴᠠᠯᠭ᠎ᠠ 》  ᠶᠢ ᠪᠦᠬᠥ ᠲᠠᠯ᠎ᠠ ᠪᠠᠷ ᠠᠪᠴᠠᠯᠳᠤᠭᠤᠯᠵᠤ ᠂ ᠬᠠᠮᠵᠢᠯᠴᠠᠨ ᠠᠵᠢᠯᠯᠠᠭᠤᠯᠪᠠᠯ ᠰᠠᠶ᠋ᠢ ᠪᠠᠶᠢᠴᠠᠭᠠᠬᠤ ᠠᠵᠢᠯ ᠢ ᠪᠦᠬᠥ ᠲᠠᠯ᠎ᠠ ᠪᠠᠷ ᠴᠢᠩᠭ᠎ᠠ ᠵᠠᠰᠠᠵᠤ ᠴᠢᠳᠠᠨ᠎ᠠ᠃

 

 

ᠬᠤᠷᠠᠯ ᠢ ᠸᠢᠳᠢᠣ᠋ ᠬᠡᠯᠪᠡᠷᠢ ᠪᠡᠷ ᠠᠶᠢᠮᠠᠭ ᠬᠣᠲᠠ ᠣᠷᠣᠨ ᠤ ᠪᠠᠶᠢᠴᠠᠭᠠᠬᠤ ( ᠬᠤᠪᠢᠶᠠᠷᠢ ) ᠬᠣᠷᠢᠶ᠎ᠠ ᠬᠦᠷᠲᠡᠯ᠎ᠡ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠂ ᠲᠢᠩᠬᠢᠮ ᠦᠨ ᠲᠡᠰ ᠤᠨ ᠺᠠᠳ᠋ᠷ ᠂ ᠬᠣᠷᠢᠶᠠᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠂ ᠪᠠᠶᠢᠭᠤᠯᠭ᠎ᠠ ᠵᠢᠴᠢ ᠰᠢᠭᠤᠳ ᠬᠠᠷᠢᠶ᠎ᠠ ᠠᠵᠢᠯ ᠦᠢᠯᠡᠰ ᠦᠨ ᠨᠢᠭᠡᠴᠢ ᠶᠢᠨ ᠪᠦᠬᠦ ᠬᠥᠮᠦᠰ ᠭᠣᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠠᠢ  ᠡᠯ᠎ᠡ ᠠᠶᠢᠮᠠᠭ ᠬᠤᠳᠠ ᠭᠠᠵᠠᠷ ᠣᠷᠣᠨ ᠤ ᠪᠠᠶᠢᠴᠠᠭᠠᠬᠤ ( ᠬᠤᠪᠢᠶᠠᠷᠢ ) ᠬᠣᠷᠢᠢ᠎ᠠ ᠶᠢᠨ ᠪᠦᠬᠦ ᠪᠠᠶᠢᠴᠠᠭᠠᠬᠤ ᠠᠵᠢᠯᠳᠠᠨ ᠪᠣᠯᠤᠨ ᠡᠯ᠎ᠡ ᠬᠣᠷᠢᠶᠠᠨ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠠᠵᠢᠯᠳᠠᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro