ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠠᠯᠠᠱᠠ ᠵᠡᠭᠦᠨ ᠬᠤᠰᠢᠭᠤᠨ ᠤ ᠪᠠᠢᠴᠠᠭᠠᠬᠤ ᠬᠣᠷᠢᠶ᠎ᠠ ᠲᠢᠩᠬᠢᠮ᠎  ᠤᠨ ᠰᠢᠭᠦᠯᠳᠠ ᠶᠢ ᠦᠨᠠᠯᠠᠭᠦ ᠠᠵᠢᠯᠯᠠᠭ᠎ᠠ᠎ ᠶ᠋ᠢ ᠦᠷᠨᠢᠭᠦᠯᠪᠠ

2024-05-16 12:02:26
ᠵᠣᠬᠢᠶᠠᠭᠴᠢ
ᠱᠢᠷᠤᠩᠬᠤᠸᠠᠷ

 

ᠰᠢᠭᠦᠯᠲᠡ᠎ᠳ᠋ᠦ᠍ ᠣᠷᠣᠯᠴᠠᠨ ᠠᠯᠪᠠᠨ ᠵᠠᠭᠠᠯᠳᠤᠯᠭ᠎ᠠ ᠬᠢᠬᠦ ᠵᠡᠷᠭᠡ ᠦᠨᠳᠦᠰᠦᠨ ᠬᠡᠪ ᠪᠣᠯᠪᠠᠰᠤᠷᠠᠯ᠎ ᠤᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠰᠠᠢᠲᠤᠷ ᠠᠳᠬᠤᠵᠤ ᠂ ᠡᠷᠡᠭᠦᠦ ᠎ᠶ᠋ᠢᠨ ᠬᠡᠷᠡᠭ ᠢ ᠰᠢᠢᠳᠪᠦᠷᠢᠯᠡᠬᠦ ᠴᠢᠨᠠᠷ ᠪᠦᠲᠦᠮᠵᠢ ᠎ᠪᠡᠨ ᠲᠠᠰᠤᠷᠠᠯᠲᠠ ᠦᠭᠡᠢ ᠳᠡᠭᠡᠭᠰᠢᠯᠡᠭᠦᠯᠬᠦ ᠎ᠶ᠋ᠢᠨ ᠲᠥᠯᠥᠭᠡ ᠂ ᠣᠢᠷ᠎ᠠ ᠎ᠳ᠋ᠤ᠌ ᠂ ᠠᠯᠠᠱᠠ ᠵᠡᠭᠦᠨ ᠬᠤᠰᠢᠭᠤᠨ ᠤ ᠪᠠᠢᠴᠠᠭᠠᠬᠤ ᠬᠣᠷᠢᠶ᠎ᠠ᠎ ᠰᠢᠢᠳᠪᠦᠷᠢᠯᠡᠵᠦ ᠪᠠᠢᠭ᠎ᠠ ᠡᠦ ᠣᠪᠣᠭᠲᠤ ᠂ ᠯᠢ ᠣᠪᠣᠭᠲᠤ᠎ ᠶ᠋ᠢᠨ ᠡᠷᠬᠡ ᠲᠤᠰᠢᠶᠠᠯ᠎ ᠢᠶᠠᠨ ᠳᠤᠷ᠎ᠠ᠎ ᠪᠠᠷ᠎ ᠢᠶᠡᠨ ᠬᠡᠷᠡᠭᠯᠡᠭᠰᠡᠨ ᠶᠠᠯ᠎ᠠ ᠂ ᠬᠠᠬᠤᠣᠯᠢ ᠢᠳᠡᠭᠰᠡᠨ ᠶᠠᠯ᠎ᠠ᠎ ᠶ᠋ᠢᠨ ᠬᠡᠷᠡᠭ  ᠶᠢᠨ ᠲᠢᠩᠬᠢᠮ᠎ ᠤᠨ ᠰᠢᠭᠦᠯᠲᠡ ᠶ᠋ᠢ ᠦᠨᠠᠯᠠᠭᠦ ᠠᠵᠢᠯᠯᠠᠭ᠎ᠠ ᠎ᠶ᠋ᠢ ᠥᠷᠨᠢᠭᠦᠯᠪᠡ ᠃

 

 

ᠲᠢᠩᠬᠢᠮ᠎ ᠤᠨ ᠰᠢᠭᠦᠯᠲᠡ᠎ᠶ᠋ᠢᠨ ᠲᠤᠬᠠᠢ ᠎ᠶ᠋ᠢᠨ ᠲᠠᠯᠠᠪᠠᠢ ᠎ᠳ᠋ᠤ᠌ ᠂ ᠠᠯᠪᠠᠨ ᠵᠠᠭᠠᠯᠳᠤᠭᠴᠢ ᠨᠢ ᠵᠠᠭᠠᠯᠳᠤᠬᠤ ᠪᠢᠴᠢᠭ ᠲᠦ᠍ ᠵᠠᠭᠠᠯᠳᠤᠭᠰᠠᠨ ᠶᠠᠯ᠎ᠠ᠎ ᠶ᠋ᠢᠨ ᠪᠣᠳᠠᠲᠤ ᠶᠠᠪᠤᠳᠠᠯ᠎ ᠤᠨ ᠲᠣᠭᠣᠷᠢᠨ᠎ᠳ᠋ᠤ᠌ ᠪᠦᠬᠦ ᠲᠠᠯ᠎ᠠ ᠎ᠶ᠋ᠢᠨ ᠰᠢᠰᠲ᠋ᠧᠮ᠎ ᠲᠡᠢ ᠭᠡᠷᠡᠴᠢ ᠭᠠᠷᠭᠠᠵᠤ ᠲᠣᠯᠭᠠᠨ ᠭᠡᠷᠡᠴᠢᠯᠡᠵᠦ᠂  ᠵᠠᠭᠠᠯᠳᠤᠭᠳᠠᠭᠴᠢ᠎ ᠶ᠋ᠢᠨ ᠳᠤᠷᠠᠳᠤᠭᠰᠠᠨ ᠵᠥᠪᠲᠥᠭᠡᠯᠲᠡ ᠵᠢᠴᠢ ᠥᠮᠥᠭᠯᠡᠭᠴᠢ ᠎ᠶ᠋ᠢᠨ ᠥᠮᠥᠭᠯᠡᠬᠦ ᠰᠠᠨᠠᠯ᠎ ᠳ᠋ᠤ᠌ ᠴᠢᠭᠯᠡᠭᠦᠯᠦᠨ ᠬᠡᠷᠡᠭ ᠦᠨ ᠪᠦᠬᠦ ᠭᠡᠷᠡᠴᠢ ᠎ᠲᠠᠢ ᠤᠶᠠᠯᠳᠤᠭᠤᠯᠤᠨ ᠵᠠᠭᠠᠯᠳᠤᠭᠳᠠᠭᠴᠢ ᠎ᠨᠢᠭᠡ ᠪᠦᠷᠢ ᠶᠢᠨ ᠬᠡᠷᠡᠭ ᠦᠨ ᠳᠣᠮᠳᠠᠭᠢ ᠦᠢᠯᠡᠳᠦᠯ᠎  ᠢ ᠲᠠᠶᠢᠯᠪᠣᠷᠢᠯᠠᠵᠤ ᠬᠠᠷᠢᠭᠤ  ᠮᠠᠷᠭᠣᠵᠤ᠂ ᠬᠣᠶᠠᠷ ᠵᠠᠭᠠᠯᠳᠤᠭᠳᠠᠭᠴᠢ ᠪᠦᠷ ᠲᠢᠩᠬᠢᠮ ᠳᠡᠭᠡᠷ᠎ᠡ ᠶᠠᠯ᠎ᠠ ᠎ᠪᠠᠨ ᠮᠡᠳᠡᠷᠡᠵᠦ ᠰᠢᠳᠭᠡᠯ ᠪᠠᠨ ᠬᠦᠯᠢᠶᠡᠭᠰᠡᠨ ᠲᠢᠩᠬᠢᠮ ᠤᠨ ᠰᠢᠭᠦᠯᠲᠡ ᠎ᠶ᠋ᠢᠨ ᠦᠷ᠎ᠡ ᠪᠦᠲᠦᠮᠵᠢ ᠣᠯᠤᠭᠰᠠᠨ ᠪᠠᠢᠨ᠎ᠠ ᠃

ᠲᠢᠩᠬᠢᠮ᠎ ᠤᠨ ᠰᠢᠭᠦᠯᠲᠡ ᠳᠠᠭᠤᠰᠤᠭᠰᠠᠨ ᠤ ᠳᠠᠷᠠᠭ᠎ᠠ ᠂ ᠠᠯᠠᠱᠠ ᠵᠡᠭᠦᠨ ᠬᠤᠰᠢᠭᠤᠨ ᠤ ᠪᠠᠢᠴᠠᠭᠠᠬᠤ ᠬᠣᠷᠢᠶ᠎ᠠ᠎ ᠶ᠋ᠢᠨ ᠡᠷᠡᠭᠦᠦ᠎ ᠶ᠋ᠢᠨ ᠬᠡᠷᠡᠭ  ᠤᠨ ᠪᠠᠢᠴᠠᠭᠠᠬᠤ ᠰᠠᠯᠠᠭ᠎ᠠ ᠮᠥᠴᠢᠷ ᠲᠡᠷᠡ ᠳᠠᠷᠤᠢ᠎ ᠳ᠋ᠤᠨᠢ ᠶᠠᠷᠢᠯᠴᠠᠨ ᠰᠣᠯᠢᠯᠴᠠᠵᠤ ᠂ ᠵᠠᠭᠠᠯᠳᠤᠭᠴᠢᠳ᠎ ᠤᠨ ᠲᠢᠩᠬᠢᠮ ᠤᠨ ᠪᠡᠯᠡᠳᠬᠡᠯ ᠭᠦᠢᠴᠡᠳ ᠂ ᠰᠡᠳᠬᠢᠴᠡ ᠲᠣᠳᠣᠷᠬᠠᠢ ᠂ ᠨᠠᠷᠢᠨ ᠲᠥᠯᠥᠪ ᠵᠣᠬᠢᠰᠲᠠᠢ ᠂ ᠲᠢᠩᠬᠢᠮ᠎ ᠤᠨ ᠰᠢᠭᠦᠯᠲᠡ᠎ᠶ᠋ᠢᠨ ᠪᠦᠬᠦᠢᠯᠡ ᠦᠷ᠎ᠡ ᠪᠦᠲᠦᠮᠵᠢ ᠰᠠᠢᠨ ᠪᠠᠢᠵᠤ ᠂ ᠪᠠᠢᠴᠠᠭᠠᠭᠴᠢ ᠎ᠶ᠋ᠢᠨ ᠴᠢᠳᠠᠪᠤᠷᠢ᠎ ᠶ᠋ᠢᠨ ᠬᠡᠪ ᠴᠢᠨᠠᠷ ᠪᠠ ᠣᠶᠤᠨ ᠰᠠᠨᠠᠭᠠᠨ ᠤ ᠬᠡᠪ ᠨᠠᠮᠪᠠᠭ᠎ᠠ᠎ ᠶ᠋ᠢ ᠭᠦᠢᠴᠡᠳ ᠢᠯᠡᠷᠡᠭᠦᠯᠪᠡ ᠭᠡᠵᠦ ᠣᠯᠠᠨ  ᠢᠶᠠᠷ  ᠢᠶᠠᠨ᠎ ᠰᠠᠨᠠᠯ ᠨᠢᠭᠡᠲᠡᠢ ᠦᠵᠡᠪᠡ ᠃ ᠡᠭᠦᠨ  ᠤ ᠬᠠᠮᠲᠤ ᠲᠢᠩᠬᠢᠮ᠎ ᠤᠨ ᠰᠢᠭᠦᠯᠲᠡ᠎ᠳ᠋ᠦ᠍ ᠠᠯᠪᠠᠨ ᠵᠠᠭᠠᠯᠳᠤᠭᠴᠢ ᠰᠢᠭᠦᠬᠦ ᠲᠢᠩᠬᠢᠮ᠎ ᠤᠨ ᠰᠢᠭᠦᠨ ᠠᠰᠠᠭᠤᠬᠤ ᠂ ᠭᠡᠷᠡᠴᠢ ᠳᠤᠷᠠᠳᠬᠤ ᠂ ᠰᠢᠭᠦᠬᠦ ᠲᠢᠩᠬᠢᠮ᠎ ᠤᠨ ᠮᠠᠷᠭᠤᠯᠳᠤᠬᠤ ᠪᠣᠯᠤᠨ ᠲᠤᠬᠠᠢ᠎ ᠶ᠋ᠢᠨ ᠲᠠᠯᠠᠪᠠᠢ ᠎ᠶ᠋ᠢᠨ ᠠᠷᠭᠠᠴᠠᠬᠤ ᠴᠢᠳᠠᠪᠤᠷᠢ ᠵᠡᠷᠭᠡ ᠲᠢᠩᠬᠢᠮ᠎ ᠤᠨ ᠰᠢᠭᠦᠯᠲᠡ᠎ᠶ᠋ᠢᠨ ᠢᠯᠡᠷᠡᠯ ᠪᠠ ᠪᠢᠴᠢᠭ ᠬᠠᠷ᠎ᠠ᠎ ᠶ᠋ᠢᠨ ᠶᠠᠰᠤ ᠴᠢᠨᠠᠷ ᠤᠨ ᠳᠤᠮᠳᠠ ᠣᠷᠣᠰᠢᠵᠤ ᠪᠠᠢᠭ᠎ᠠ ᠬᠦᠷᠦᠯᠴᠡᠬᠦ ᠦᠭᠡᠢ ᠪᠠᠢᠳᠠᠯ᠎ ᠳ᠋ᠤ᠌ ᠴᠢᠭᠯᠡᠭᠦᠯᠦᠨ ᠂ ᠰᠢᠯᠲᠠᠭᠠᠨ ᠢ ᠨᠢ ᠵᠠᠳᠠᠯᠵᠤ ᠂ ᠬᠠᠯᠠᠨ ᠰᠠᠢᠵᠢᠷᠠᠭᠤᠯᠬᠤ ᠰᠠᠨᠠᠭᠤᠯᠭ᠎ᠠ ᠳᠤᠷᠠᠳᠪᠠ ᠃

 

 

︽ᠨᠢᠭᠡ ᠡᠮᠨᠡᠯᠭᠡ᠎ ᠶ᠋ᠢᠨ ᠬᠣᠷᠢᠶᠠᠨ ᠳ᠋ᠤ᠌ ᠰᠠᠢᠨ ᠡᠮᠴᠢ ᠪᠠᠢᠬᠤ ᠦᠭᠡᠢ ᠂ ᠨᠢᠭᠡ ᠰᠤᠷᠭᠠᠭᠤᠯᠢ᠎ ᠳ᠋ᠤ᠌ ᠰᠠᠢᠨ ᠪᠠᠭᠰᠢ ᠪᠠᠢᠬᠤ ᠦᠭᠡᠢ ᠪᠣᠯ ᠰᠠᠢᠨ ᠦᠢᠯᠡᠴᠢᠯᠡᠭᠡᠨ  ᠬᠠᠩᠭᠠᠵᠤ ᠴᠢᠳᠠᠬᠤ ᠦᠭᠡᠢ ᠶᠦ᠍ᠮ ︾ ᠭᠡᠬᠦ ᠲᠡᠢ ᠠᠳᠠᠯᠢ ᠪᠠᠷ ᠪᠠᠢᠴᠠᠭᠠᠬᠤ ᠬᠣᠷᠢᠶᠠᠨ ᠳᠤ ᠰᠢᠯᠢᠳᠡᠭ ᠠᠯᠪᠠᠨ ᠵᠠᠭᠠᠯᠳᠤᠭᠴᠢ ᠦᠭᠡᠢ ᠪᠣᠯ ᠰᠢᠯᠢᠳᠡᠭ ᠴᠢᠨᠠᠷ  ᠤᠨ ︽ ᠬᠠᠤᠯᠢ ᠴᠠᠭᠠᠵᠠ᠎ᠶ᠋ᠢᠨ ᠦᠢᠯᠡᠴᠢᠯᠡᠭᠡᠨ ︾  ᠢ ᠬᠠᠩᠭᠠᠵᠤ ᠴᠢᠳᠠᠬᠤ ᠦᠭᠡᠢ ᠃ ᠳᠠᠷᠠᠭᠠᠴᠢ᠎ ᠶ᠋ᠢᠨ ᠠᠯᠬᠤᠮ ᠎ᠳ᠋ᠤ᠌ ᠂ ᠠᠯᠠᠱᠠ ᠵᠡᠭᠦᠨ ᠬᠤᠰᠢᠭᠤᠨ ᠤ ᠪᠠᠢᠴᠠᠭᠠᠬᠤ ᠬᠣᠷᠢᠶ᠎ᠠ ᠨᠢ ᠠᠵᠢᠯ᠎ ᠤᠨ ᠪᠠᠢᠷᠢ ᠎ᠶ᠋ᠢᠨ ᠪᠣᠯᠪᠠᠰᠤᠷᠠᠯ᠎ ᠢᠶᠠᠨ ᠦᠷᠭᠦᠯᠵᠢᠯᠡᠨ ᠭᠦᠨᠵᠡᠭᠡᠢᠷᠡᠭᠦᠯᠵᠦ ᠂ ᠠᠯᠪᠠᠨ ᠵᠠᠭᠠᠯᠳᠤᠭᠴᠢ ᠎ᠶ᠋ᠢᠨ ᠰᠢᠭᠦᠯᠲᠡ᠎ᠳ᠋ᠦ᠍ ᠣᠷᠣᠯᠴᠠᠬᠤ ᠴᠢᠳᠠᠪᠤᠷᠢ ᠪᠣᠯᠤᠨ ᠬᠢᠷᠢ ᠲᠦᠪᠰᠢᠨ ᠢ ᠳᠡᠭᠡᠭᠰᠢᠯᠡᠭᠦᠯᠬᠦ᠎ ᠪᠠᠷ ᠬᠡᠷᠡᠭ ᠤᠨ ᠶᠠᠰᠤ ᠴᠢᠨᠠᠷ᠎ ᠢ ᠳᠡᠭᠡᠭᠰᠢᠯᠡᠭᠦᠯᠬᠦ᠎ ᠶ᠋ᠢᠨ  ᠭᠣᠣᠯ ᠴᠡᠭ ᠪᠣᠯᠭᠠᠵᠤ ᠂ ᠲᠢᠩᠬᠢᠮ᠎  ᠤᠨ ᠦᠨᠡᠯᠡᠯᠲᠡ ᠎ᠶ᠋ᠢ ᠰᠣᠨᠣᠰᠬᠤ ᠠᠵᠢᠯᠯᠠᠭ᠎ᠠ᠎ ᠶ᠋ᠢ ᠪᠠᠶᠢᠩᠭᠤᠵᠢᠭᠤᠯᠵᠤ ᠂ ᠪᠣᠳᠠᠲᠤ ᠬᠡᠷᠡᠭ ᠦᠨ ᠪᠣᠯᠪᠠᠰᠤᠷᠠᠯ ᠢᠶᠠᠷ ᠪᠠᠢᠴᠠᠭᠠᠬᠤ ᠲᠤᠰᠢᠶᠠᠯᠲᠠᠨ ᠤ ᠥᠪᠡᠷ᠎ ᠤᠨ ᠪᠡᠶ᠎ᠡ ᠎ᠳ᠋ᠡᠭᠡᠨ ᠳᠠᠷᠤᠯᠲᠠ ᠥᠭᠬᠦ ᠱᠠᠭᠠᠷᠳᠠᠵᠤ ᠂ ᠰᠢᠭᠦᠯᠲᠡ᠎ᠳ᠋ᠦ᠍ ᠣᠷᠣᠯᠴᠠᠨ ᠠᠯᠪᠠᠨ ᠵᠠᠭᠠᠯᠳᠤᠯᠭ᠎ᠠ ᠬᠢᠬᠦ ᠦᠨᠠᠨᠬᠦ ᠴᠢᠳᠠᠪᠣᠷᠢ ᠶᠢ ᠳᠠᠪᠲᠠᠨ ᠪᠣᠯᠪᠠᠰᠤᠷᠠᠭᠤᠯᠵᠤ ᠂ ᠠᠯᠪᠠᠨ ᠵᠠᠭᠠᠯᠳᠤᠭᠴᠢ ᠎ᠶ᠋ᠢᠨ ᠭᠡᠷᠡᠴᠢ ᠪᠠᠷᠢᠮᠲᠠ᠎ᠶ᠋ᠢ ᠬᠢᠨᠠᠨ ᠪᠠᠢᠴᠠᠭᠠᠬᠤ ᠂ ᠬᠠᠤᠯᠢ ᠴᠠᠭᠠᠵᠠ᠎ᠶ᠋ᠢ ᠬᠡᠷᠡᠭᠯᠡᠬᠦ ᠂ ᠲᠢᠩᠬᠢᠮ᠎ᠳ᠋ᠦ᠍ ᠭᠠᠷᠴᠤ ᠵᠠᠭᠠᠯᠳᠤᠬᠤ ᠂ ᠵᠠᠷᠭᠤ ᠎ᠳ᠋ᠤ᠌ ᠬᠢᠨᠠᠯᠲᠠ ᠲᠠᠯᠪᠢᠬᠤ ᠵᠡᠷᠭᠡ ᠲᠠᠯ᠎ᠠ᠎ ᠶ᠋ᠢᠨ ᠴᠢᠳᠠᠪᠤᠷᠢ᠎ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠲᠤᠰᠬᠠᠢ ᠮᠡᠷᠭᠡᠵᠢᠯ᠎ ᠤᠨ ᠬᠡᠪ ᠪᠣᠯᠪᠠᠰᠤᠷᠠᠯ᠎ ᠢᠶᠠᠷ ᠡᠷᠡᠭᠦᠦ ᠶᠢᠨ ᠬᠡᠷᠡᠭ ᠤᠨ ᠪᠠᠢᠴᠠᠭᠠᠬᠤ ᠠᠵᠢᠯ᠎ ᠤᠨ ᠥᠨᠳᠥᠷ ᠴᠢᠨᠠᠷ ᠪᠦᠬᠦᠢ ᠬᠥᠭᠵᠢᠯᠲᠡ᠎ᠶ᠋ᠢ ᠠᠬᠢᠭᠤᠯᠵᠤ ᠂ ᠬᠠᠲᠠᠭᠤ ᠡᠷᠳᠡᠮ ᠴᠢᠳᠠᠪᠤᠷᠢ ᠎ᠪᠠᠷ ᠪᠠᠢᠴᠠᠭᠠᠬᠤ ᠠᠵᠢᠯ ᠤᠨ ᠣᠳᠣᠬᠢᠴᠢᠯᠠᠯᠲᠠ᠎ᠶ᠋ᠢ ᠲᠦᠯᠬᠢᠨ ᠠᠬᠢᠭᠤᠯᠤᠨ᠎ᠠ ᠃

ᠢᠷᠡᠯᠲᠡ
ᠠᠯᠠᠱᠠ ᠵᠡᠭᠦᠨ ᠬᠤᠰᠢᠭᠤᠨ ᠤ ᠪᠠᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro