︽ᠪᠠᠶᠢᠴᠠᠭᠠᠬᠤ ᠠᠵᠢᠯ ᠤᠨ ᠬᠡᠷᠡᠴᠢᠯᠡᠭᠡ ᠰᠤᠨᠤᠰᠬᠤ ᠬᠤᠷᠠᠯ + ᠦᠯᠦ ᠵᠠᠭᠠᠯᠳᠤᠬᠤ︾ ᠨᠢ ᠰᠤᠷᠭᠠᠭᠤᠯᠢ ᠳᠤ ᠪᠠᠶᠢᠭ᠎ᠠ ᠣᠶᠣᠲᠠᠨ ᠢ ᠬᠠᠪᠰᠤᠷᠤᠨ ︽ᠬᠥᠮᠦᠨ ᠤ ᠠᠮᠢᠳᠤᠷᠠᠯ ᠢ ᠨᠢ ᠳᠠᠬᠢᠨ ᠡᠬᠢᠯᠡᠭᠦᠯᠪᠡ︾
《 ᠪᠢ ᠥᠪᠡᠷ ᠦᠨ ᠪᠤᠷᠤᠭᠤ ᠪᠠᠨ ᠨᠢᠭᠡᠨᠲᠡ ᠲᠠᠨᠢᠵᠤ ᠣᠯᠵᠠᠶ ᠂ ᠪᠠᠶᠢᠴᠠᠭᠠᠬᠤ ᠪᠠᠶᠢᠭᠤᠯᠭ᠎ᠠ ᠶᠢᠨ ᠨᠠᠳᠠ ᠳᠤ ᠳᠠᠬᠢᠨ ᠰᠢᠨ᠎ᠡ ᠲᠣᠬᠢᠶᠠᠯ ᠣᠯᠭᠣᠭᠰᠠᠨ ᠳᠤ ᠲᠠᠯᠠᠷᠬᠠᠵᠤ ᠪᠠᠶᠢᠨ᠎ᠠ ᠂ ᠡᠨᠡ ᠤᠳᠠᠭᠠᠨ ᠤ ᠰᠤᠷᠭᠠᠮᠵᠢ ᠪᠠᠷ ᠳᠡᠮᠵᠢᠨ ᠂ ᠬᠣᠶᠢᠰᠢᠳᠠ ᠪᠢ ᠨᠠᠩ ᠴᠢᠷᠮᠠᠶᠢᠨ ᠰᠤᠷᠤᠯᠴᠠᠵᠤ ᠂ ᠵᠥᠪ ᠵᠠᠮ ᠢᠶᠠᠷ ᠯᠠᠪᠳᠠᠭᠤᠨ ᠪᠠᠲᠤᠲᠠᠶ ᠵᠠᠮᠨᠠᠨ᠎ᠠ 》᠃ 5 ᠰᠠᠷ᠎ᠠ ᠶᠢᠨ 7 ᠤ ᠡᠳᠦᠷ ᠂ ᠪᠠᠭᠠᠷᠢᠨ ᠪᠠᠷᠠᠭᠤᠨ ᠬᠣᠰᠢᠭᠤᠨ ᠤ ᠪᠠᠶᠢᠴᠠᠭᠠᠬᠤ ᠬᠣᠷᠢᠶᠠᠨ ᠤ ᠬᠡᠷᠡᠴᠢᠯᠡᠭᠡ ᠰᠤᠨᠤᠰᠬᠤ ᠬᠤᠷᠠᠯ ᠳᠡᠭᠡᠷ᠎ᠡ ᠶᠢᠨ ᠣᠪᠣᠭᠲᠤ ᠢᠩᠬᠢᠵᠦ ᠬᠡᠯᠡᠪᠡ᠃
2022 ᠣᠨ ᠤ 12 ᠰᠠᠷ᠎ᠠ ᠳᠤ ᠂ ᠰᠠᠶ᠋ᠢᠬᠠᠨ ᠶᠡᠬᠡ ᠰᠤᠷᠭᠠᠭᠤᠯᠢ ᠳᠤ ᠰᠢᠯᠭᠠᠨ ᠤᠷᠤᠭᠰᠠᠨ ᠶᠢᠨ ᠣᠪᠣᠭᠲᠤ ᠬᠡᠷ ᠦᠨ ᠠᠮᠢᠳᠤᠷᠠᠯ ᠨᠢ ᠶᠠᠳᠠᠭᠤ ᠬᠦᠴᠢᠷᠳᠡᠯᠲᠡᠶ ᠡᠴᠡ ᠪᠣᠯᠵᠣ ᠠᠮᠠᠷᠠᠯᠲᠠ ᠶᠢᠨ ᠬᠤᠭᠤᠴᠠᠭᠠᠨ ᠳᠠᠭᠠᠨ ᠠᠵᠢᠯ ᠬᠢᠵᠦ ᠬᠡᠷ ᠲᠡᠬᠡᠨ ᠬᠠᠪᠰᠤᠷᠤᠯᠭ᠎ᠠ ᠪᠣᠯᠬᠣ ᠶᠢᠨ ᠲᠥᠯᠥᠭᠡ ᠂ ᠮᠡᠬᠡᠯᠡᠭᠴᠢ ᠶᠢ ᠲᠣᠳᠣᠷᠬᠠᠶ ᠮᠡᠳᠡᠵᠦ ᠪᠠᠶᠢᠭᠠᠳ ᠂ ᠨᠥᠭᠥᠭᠡ ᠡᠲᠡᠭᠡᠳ ᠦᠨ ᠢᠶᠡᠨ ᠬᠠᠩᠭᠠᠭᠰᠠᠨ 《 ᠦᠭᠡ ᠬᠡᠯᠡᠬᠦ ᠤᠷ᠎ᠠ ᠳᠡᠮ 》 ᠵᠢᠴᠢ ᠭᠠᠷ ᠤᠲᠠᠰᠤᠨ ᠤ ᠨᠣᠮᠧᠷ ᠦᠨ ᠲᠣᠳᠣᠷᠬᠠᠶ ᠬᠠᠭᠤᠳᠠᠰᠤ ᠶᠣᠰᠣᠭᠠᠷ ᠮᠡᠬᠡᠯᠡᠬᠦ ᠤᠲᠠᠰᠤ ᠠᠪᠴᠤ ᠂ ᠪᠤᠰᠤᠳ ᠢ ᠥᠳᠥᠭᠡᠨ ᠮᠡᠬᠡᠯᠡᠭᠴᠢ ᠶᠢᠨ ᠡᠵᠡᠮᠳᠡᠵᠦ ᠪᠠᠶᠢᠭ᠎ᠠ QQ ᠵᠢᠨ ᠪᠦᠯᠦᠭ ᠲᠦ ᠣᠷᠣᠭᠤᠯᠪᠠ᠃ ᠡᠨᠡᠬᠦ ᠬᠤᠭᠤᠴᠠᠭᠠᠨ ᠳᠤ ᠶᠢᠨ ᠣᠪᠣᠭᠲᠤ ᠨᠡᠢᠲᠡ 906 ᠤᠳᠠᠭ᠎ᠠ ᠤᠲᠠᠰᠤᠳᠠᠵᠤ ᠂ ᠠᠯᠪᠠᠨ ᠤ ᠪᠠ ᠬᠤᠪᠢ ᠶᠢᠨ ᠵᠣᠭᠣᠰ ᠮᠥᠩᠭᠥ ᠡᠳ᠋ ᠪᠣᠳᠠᠰ ᠢ 20600 ᠲᠥᠭᠥᠷᠢᠭ ᠮᠡᠬᠡᠯᠡᠨ ᠠᠪᠴᠤ ᠂ ᠳᠤᠮᠳᠠ ᠠᠴᠠ ᠨᠢ 2460 ᠲᠥᠭᠥᠷᠢᠭ ᠦᠨ ᠠᠰᠢᠭ ᠣᠯᠵᠠᠢ᠃ 2024 ᠣᠨ ᠤ 3 ᠳ᠋ᠤᠭᠠᠷ ᠰᠠᠷ᠎ᠠ ᠶᠢᠨ 8 ᠤ ᠡᠳᠦᠷ᠂ ᠬᠡᠷᠡᠭ ᠢ ᠵᠠᠭᠠᠯᠳᠤᠬᠤ ᠶᠢ ᠬᠢᠨᠠᠨ ᠪᠠᠶᠢᠴᠠᠭᠠᠯᠭᠠᠬᠤ ᠪᠠᠷ ᠰᠢᠯᠵᠢᠭᠦᠯᠦᠨ ᠬᠦᠷᠭᠡᠭᠰᠡᠨ ᠦ ᠳᠠᠷᠠᠭ᠎ᠠ᠂ ᠪᠠᠶᠢᠴᠠᠭᠠᠬᠤ ᠲᠤᠰᠢᠶᠠᠯᠲᠠᠨ ᠬᠡᠷᠡᠭ ᠤᠨ ᠪᠣᠳᠠᠲᠤ ᠶᠠᠪᠤᠳᠠᠯ᠂ ᠭᠡᠷᠡᠴᠢ ᠪᠠᠷᠢᠮᠲᠠ᠂ ᠬᠠᠤᠯᠢ ᠴᠠᠭᠠᠵᠠ ᠶᠢ ᠬᠡᠷᠡᠭᠯᠡᠬᠦ ᠵᠡᠷᠭᠡ ᠲᠠᠯ᠎ᠠ ᠪᠠᠷ ᠠᠩᠬ᠎ᠠ ᠠᠯᠬᠤᠮ ᠬᠢᠨᠠᠨ ᠪᠠᠢᠴᠠᠭᠠᠵᠦ᠂ ᠶᠢᠨ ᠣᠪᠣᠭᠲᠤ ᠶᠢᠨ ᠦᠢᠯᠡ ᠠᠵᠢᠯᠯᠠᠭ᠎ᠠ ᠨᠢ ᠬᠡᠳᠦᠶᠢᠪᠡᠷ ᠴᠠᠬᠢᠯᠭᠠᠨ ᠬᠣᠯᠪᠣᠭᠠᠨ ᠤ ᠮᠡᠬᠡᠯᠡᠭᠴᠢ ᠶᠢ ᠬᠠᠪᠰᠤᠷᠴᠤ ᠪᠤᠰᠤᠳ ᠤᠨ ᠵᠣᠭᠣᠰ ᠮᠥᠩᠭᠥ ᠡᠳ᠋ ᠪᠣᠳᠠᠰ ᠢ ᠮᠡᠬᠡᠯᠡᠭᠰᠡᠨ ᠶᠠᠯ᠎ᠠ ᠪᠣᠯᠵᠤ ᠪᠦᠷᠢᠯᠳᠦᠭᠰᠡᠨ ᠪᠣᠯᠪᠠᠴᠦ ᠂ ᠶᠢᠨ ᠣᠪᠣᠭᠲᠤ ᠣᠳᠣᠬᠠᠨ ᠳᠤ ᠪᠠᠨ ᠶᠡᠬᠡ ᠰᠤᠷᠭᠠᠭᠤᠯᠢ ᠶᠢᠨ ᠣᠶᠤᠲᠠᠨ᠂ ᠬᠡᠷᠡᠭ ᠭᠠᠷᠬᠤ ᠦᠶᠡᠰ ᠨᠠᠰᠤᠨ ᠳᠤ ᠦᠯᠦ ᠬᠦᠷᠦᠭᠡᠳᠦᠢ ᠪᠠᠶᠢᠵᠤ᠂ ᠶᠠᠯᠠᠲᠤ ᠠᠵᠢᠯᠯᠠᠭ᠎ᠠ ᠳᠤᠮᠳᠠ ᠳᠡᠳ᠋ᠯᠡᠬᠦ ᠦᠶᠯᠡᠳᠦᠯ ᠦᠵᠡᠭᠦᠯᠦᠨ᠂ ᠲᠤᠷᠰᠢᠨ ᠪᠠᠶᠢᠴᠠᠭᠠᠬᠤ ᠱᠠᠲᠤᠨ ᠳᠤ ᠥᠪᠡᠷ ᠦᠨ ᠶᠠᠯᠠᠲᠤ ᠠᠵᠢᠯᠯᠠᠭ᠎ᠠ ᠪᠠᠨ ᠦᠨᠡᠨ ᠮᠥᠨ ᠢᠶᠡᠷ ᠨᠢ ᠥᠴᠢᠭᠯᠡᠭᠰᠡᠨ ᠮᠥᠷᠲᠡᠭᠡᠨ ᠰᠠᠶᠢᠨ ᠳᠤᠷ᠎ᠠ ᠠᠴᠠ ᠪᠠᠨ ᠶᠠᠯ᠎ᠠ ᠪᠠᠨ ᠮᠡᠳᠡᠷᠡᠵᠦ ᠰᠢᠳᠬᠡᠯ ᠪᠠᠨ ᠬᠦᠯᠢᠶᠡᠬᠦ ᠪᠠᠨ ᠢᠯᠡᠳᠭᠡᠭᠰᠡᠨ ᠪᠠᠶᠢᠳᠠᠯ ᠢ ᠪᠤᠳᠤᠯᠬᠢᠯᠠᠵᠤ᠂ ᠪᠠᠢᠴᠠᠭᠠᠬᠣ ᠲᠣᠰᠢᠶᠠᠯᠠᠲᠠᠨ ᠡᠴᠡ ᠡᠨᠡ ᠬᠡᠦᠬᠡᠳ ᠲᠦ ᠪᠤᠷᠤᠭᠤ ᠪᠠᠨ ᠬᠠᠯᠠᠵᠤ ᠵᠠᠰᠠᠷᠠᠬᠤ ᠵᠠᠪᠰᠢᠶᠠᠨ ᠥᠭᠪᠡᠯ ᠵᠣᠬᠢᠨ᠎ᠠ ᠭᠡᠵᠦ ᠂ ᠢᠳᠡᠪᠬᠢᠲᠡᠶ ᠬᠥᠲᠥᠯᠥᠨ ᠵᠢᠯᠣᠭᠣᠳᠬᠤ ᠪᠠᠷ ᠳᠠᠮᠵᠢᠨ᠂ ᠶᠢᠨ ᠣᠪᠣᠭᠲᠤ ᠬᠠᠤᠯᠢ ᠪᠣᠰᠣ ᠪᠡᠷ ᠤᠯᠤᠭᠰᠠᠨ ᠣᠯᠵᠠ ᠠᠰᠢᠭ ᠢᠶᠠᠨ ᠰᠠᠢᠨ ᠳᠤᠷ᠎ᠠ ᠠᠴᠠ ᠪᠠᠨ ᠪᠣᠴᠠᠭᠠᠬᠣ ᠶᠢᠨ ᠬᠠᠮᠲᠣ᠂ ᠬᠣᠣᠷᠯᠠᠭᠳᠠᠭᠴᠢ ᠶᠢᠨ ᠠᠵᠤ ᠠᠬᠤᠢ ᠶᠢᠨ ᠬᠣᠬᠢᠷᠠᠯ ᠢ ᠪᠤᠴᠠᠭᠠᠬᠤ ᠳᠤᠷᠠᠲᠠᠢ ᠪᠠᠨ ᠢᠯᠡᠳᠬᠡᠪᠡ᠃ ᠨᠢᠭᠡᠨ ᠬᠣᠣᠷᠯᠠᠭᠳᠠᠭᠴᠢ ᠨᠢ ᠰᠢᠨᠵᠢᠶᠠᠩ ᠤᠨ ᠯᠦᠸᠸᠫᠦ᠋ ᠰᠢᠶᠠᠨ ᠤ ᠬᠥᠮᠦᠨ ᠪᠤᠯᠬᠤᠷ ᠂ ᠬᠤᠬᠢᠷᠠᠯ ᠢ ᠲᠦᠯᠦᠬᠦ ᠶᠠᠪᠤᠴᠠ ᠳᠤ ᠶᠢᠨ ᠣᠪᠣᠭᠲᠤ ᠲᠣᠰ ᠬᠦᠮᠦᠨ ᠲᠠᠢ ᠬᠠᠷᠢᠯᠴᠠᠵᠦ ᠳᠡᠢᠯᠬᠦ ᠦᠭᠡᠢ ᠣᠴᠢᠷ ᠠᠴᠠ ᠪᠠᠶᠢᠴᠠᠭᠠᠬᠤ ᠪᠠᠶᠢᠭᠤᠯᠭ᠎ᠠ ᠳᠦ ᠭᠣᠶᠣᠴᠢᠯᠠᠨ ᠂ ᠪᠠᠶᠢᠴᠠᠭᠠᠬᠤ ᠲᠤᠰᠢᠶᠠᠯᠲᠠᠨ ᠲᠤᠬᠠᠢ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠶ ᠬᠠᠷᠢᠯᠴᠠᠵᠤ ᠂ ᠶᠢᠨ ᠣᠪᠣᠭᠲᠤ ᠵᠢᠨ ᠬᠣᠣᠷᠯᠠᠭᠳᠠᠭᠴᠢ ᠶᠢᠨ ᠬᠣᠬᠢᠷᠠᠯ ᠢ ᠤᠷᠤᠭᠰᠢᠲᠠᠢ ᠪᠤᠴᠠᠭᠠᠨ᠂ ᠠᠭᠤᠴᠢᠯᠠᠯ ᠤᠨ ᠪᠢᠴᠢᠭ ᠣᠯᠣᠭᠰᠠᠨ ᠳ᠋ᠥ ᠳᠡᠮᠵᠢᠯᠭᠡ ᠦᠵᠡᠭᠦᠯᠪᠡ ᠃ ᠢᠯᠡ ᠪᠡᠷ ᠭᠡᠷᠡᠴᠢᠯᠡᠭᠡ ᠰᠣᠨᠣᠰᠬᠤ ᠪᠠᠷ ᠳᠠᠮᠵᠢᠨ ᠂ ᠭᠡᠷᠡᠴᠢᠯᠡᠭᠡ ᠰᠣᠨᠣᠰᠤᠭᠴᠢ ᠪᠠᠶᠢᠴᠠᠭᠠᠬᠤ ᠪᠠᠶᠢᠭᠤᠯᠭ᠎ᠠ ᠶᠢᠨ ᠬᠠᠷᠢᠴᠠᠩᠭᠤᠢ ᠦᠯᠦ ᠵᠠᠭᠠᠯᠳᠤᠬᠤ ᠲᠣᠭᠲᠠᠭᠠᠯ ᠭᠠᠷᠭᠠᠬᠤ ᠶᠢ ᠰᠠᠨᠠᠯ ᠨᠢᠭᠡᠲᠡᠢ ᠵᠥᠪᠰᠢᠶᠡᠷᠡᠪᠡ᠃
ᠲᠤᠰ ᠬᠡᠷᠡᠭ ᠢ ᠰᠢᠢᠳᠪᠦᠷᠢᠯᠡᠬᠦ ᠪᠡᠷ ᠲᠠᠮᠵᠢᠨ ᠂ ᠪᠠᠶᠢᠴᠠᠭᠠᠬᠤ ᠲᠤᠰᠢᠶᠠᠯᠲᠠᠨ 《 ᠪᠠᠶᠢᠴᠠᠭᠠᠬᠤ ᠪᠠᠶᠢᠭᠤᠯᠭ᠎ᠠ ᠶᠢᠨ ᠰᠢᠢᠳᠪᠦᠷᠢᠯᠡᠵᠦ ᠪᠠᠶᠢᠭ᠎ᠠ ᠨᠢ ᠬᠡᠷᠡᠭ ᠲᠡᠳᠦᠢ ᠯᠡ ᠪᠢᠰᠢ ᠂ ᠬᠠᠷᠢᠨ ᠪᠤᠰᠤᠳ ᠬᠦᠮᠦᠨ ᠦ ᠠᠮᠢᠳᠤᠷᠠᠯ ᠮᠦᠨ︾ ᠭᠡᠬᠦ ᠦᠭᠡ ᠶᠢᠨ ᠭᠦᠨ ᠤᠳᠬ᠎ᠠ ᠶᠢ ᠨᠡᠩ ᠭᠦᠨᠵᠡᠭᠡᠢ ᠣᠶᠢᠯᠠᠭᠠᠪᠠ᠃ ᠬᠠᠤᠯᠢ ᠪᠠᠷᠢᠬᠤ ᠪᠠᠶᠢᠭᠤᠯᠭ᠎ᠠ ᠶᠢᠨ ᠭᠠᠷᠭᠠᠭᠰᠠᠨ ᠲᠣᠭᠲᠠᠭᠠᠯ ᠨᠢᠭᠡᠪᠦᠷᠢ ᠨᠢ ᠴᠥᠮ ᠲᠤᠬᠠᠢ ᠶᠢᠨ ᠬᠥᠮᠦᠨ ᠦ ᠠᠮᠢᠳᠤᠷᠠᠯ ᠤᠨ ᠵᠠᠮ ᠮᠥᠷ ᠲᠡᠶ ᠬᠣᠯᠪᠣᠭᠳᠠᠵᠤ ᠪᠠᠶᠢᠳᠠᠭ ᠂ ᠲᠤᠰ ᠬᠡᠷᠡᠭ ᠤᠨ ᠰᠢᠢᠳᠪᠦᠷᠢᠯᠡᠯᠲᠡ ᠨᠢ ᠪᠠᠶᠢᠴᠠᠭᠠᠬᠤ ᠪᠠᠶᠢᠭᠤᠯᠭ᠎ᠠ ᠬᠡᠷᠡᠭ ᠨᠢᠭᠡᠪᠦᠷᠢ ᠶᠢ ᠰᠡᠳᠬᠢᠯᠭᠡ ᠲᠡᠶ ᠪᠡᠷ ᠰᠠᠶᠢᠲᠤᠷ ᠰᠢᠢᠳᠪᠦᠷᠢᠯᠡᠵᠦ ᠂ ᠪᠠᠶᠢᠴᠠᠭᠠᠬᠤ ᠠᠵᠢᠯ ᠤᠨ ᠬᠦᠴᠦᠨ ᠢᠶᠡᠷ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠬᠠᠮᠠᠭᠠᠯᠠᠭᠰᠠᠨ ᠤ ᠬᠤᠷᠢᠶᠠᠩᠭᠤᠢ ᠳᠦᠷᠰᠦ ᠪᠣᠯᠪᠠ᠃