ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠠᠷᠠᠳ ᠤ᠋ᠨ ᠳᠡᠭᠡᠳᠦ ᠪᠠᠢᠴᠠᠭᠠᠬᠤ ᠬᠣᠷᠢᠶᠠᠨ ᠤ᠋ ᠠᠰᠠᠭᠤᠨ ᠯᠠᠪᠯᠠᠬᠤ ᠵᠥᠪᠯᠡᠯ  ᠦᠨ ᠲᠠᠪᠤᠳᠤᠭᠠᠷ ᠪᠠᠢᠴᠠᠭᠠᠨ ᠰᠤᠳᠤᠯᠬᠤ ᠳᠤᠭᠤᠢᠯᠠᠩ ᠥᠪᠥᠷ ᠮᠣᠩᠭᠣᠯ ᠳ᠋ᠤ᠌  ᠢᠷᠡᠵᠦ ᠪᠠᠢᠴᠠᠭᠠᠬᠤ ᠲᠣᠰᠢᠶᠠᠯᠲᠠᠨ ᠤ᠋ ᠠᠵᠢᠯ ᠮᠡᠷᠭᠡᠵᠢᠯ  ᠤᠨ ᠶᠣᠰᠣ ᠰᠤᠷᠲᠠᠬᠤᠨ ᠤ᠋ ᠪᠠᠢᠭᠤᠯᠤᠯᠲᠠ ᠳ᠋ᠤ᠌ ᠪᠠᠢᠴᠠᠭᠠᠨ ᠰᠤᠳᠤᠯᠤᠯᠲᠠ ᠬᠢᠪᠡ    

2024-05-30 18:13:35
ᠵᠣᠬᠢᠶᠠᠭᠴᠢ
ᠨᠠᠪᠴᠢ

 

    5 ᠰᠠᠷ᠎ᠠ ᠶᠢᠨ 13 ᠤ ᠡᠳᠦᠷ ᠠᠴᠠ 17 ᠤ ᠡᠳᠦᠷ ᠪᠣᠯᠲᠠᠯ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ  ᠠᠰᠠᠭᠤᠨ ᠯᠠᠪᠯᠠᠬᠤ ᠵᠥᠪᠯᠡᠯ ᠤᠨ ᠲᠠᠪᠤᠳᠤᠭᠠᠷ ᠪᠠᠶᠢᠴᠠᠭᠠᠨ ᠰᠤᠳᠤᠯᠬᠤ ᠳᠤᠭᠤᠶᠢᠯᠠᠩ ᠥᠪᠥᠷ ᠮᠣᠩᠭᠤᠯ ᠤᠨ ᠪᠠᠶᠢᠴᠠᠭᠠᠬᠤ ᠪᠠᠶᠢᠭᠤᠯᠭ᠎ᠠ ᠳᠤ ᠭᠦᠨᠵᠡᠭᠡᠶᠢᠷᠡᠵᠦ᠂ ︽ᠪᠠᠶᠢᠴᠠᠭᠠᠬᠤ ᠲᠤᠰᠢᠶᠠᠯᠲᠠᠨ ᠤ ᠠᠵᠢᠯ ᠮᠡᠷᠭᠡᠵᠢᠯ ᠤᠨ ᠶᠣᠰᠣ ᠰᠤᠷᠲᠠᠬᠤᠨ ᠤ ᠪᠠᠶᠢᠭᠤᠯᠤᠯᠲᠠ︾ ᠶᠢᠨ ᠭᠤᠤᠯ ᠰᠡᠳᠦᠪ ᠤᠨ ᠲᠣᠭᠤᠷᠢᠨ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠠᠰᠠᠭᠤᠨ ᠯᠠᠪᠯᠠᠬᠤ ᠵᠥᠪᠯᠡᠯ ᠤᠨ ᠳᠡᠳ᠋ ᠡᠷᠬᠢᠯᠡᠭᠴᠢ ᠰᠢᠤᠢ ᠰᠢᠶᠠᠨ ᠮᠢᠩ᠂ ᠭᠡᠰᠢᠭᠦᠨ ᠾᠧ ᠽᠧ ᠵᠦᠩ᠂ ᠯᠢ ᠳ᠋ᠢᠩ ᠳ᠋ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠤᠯᠤᠰ ᠲᠦᠷᠦ ᠶᠢᠨ ᠬᠡᠯᠲᠡᠰ ᠤᠨ ᠳᠡᠳ᠋ ᠡᠷᠬᠢᠯᠡᠭᠴᠢ ᠰᠢᠶᠤᠤ ᠸᠧᠢ ᠨᠡᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃

 

    

    ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ᠂ ᠪᠤᠭᠤᠲᠤ ᠬᠤᠳᠠ ᠶᠢᠨ ᠪᠠᠶᠢᠴᠠᠭᠠᠬᠤ ᠬᠤᠷᠢᠶ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠥᠬᠡᠬᠤᠲᠠ᠂ ᠪᠤᠭᠤᠲᠤ᠂ ᠤᠯᠠᠭᠠᠨᠬᠠᠳᠠ ᠬᠤᠶᠠᠷ ᠱᠠᠲᠤᠨ ᠤ ᠪᠠᠶᠢᠴᠠᠭᠠᠬᠤ ᠬᠤᠷᠢᠶ᠎ᠠ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠶᠠᠷᠢᠯᠴᠠᠨ ᠰᠣᠯᠢᠯᠴᠠᠬᠤ᠂ ᠲᠤᠰᠬᠠᠢ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠯ᠎ᠡ ᠱᠠᠲᠤᠨ ᠤ ᠬᠤᠷᠢᠶᠠᠨ ᠤ ᠠᠵᠢᠯ ᠮᠡᠷᠭᠡᠵᠢᠯᠵᠢᠭᠦᠯᠦᠭᠰᠡᠨ ᠪᠠᠶᠢᠴᠠᠭᠠᠬᠤ ᠲᠤᠰᠢᠶᠠᠯᠲᠠᠨ ᠤ ᠬᠠᠮᠲᠤᠯᠢᠭ ᠢ ᠪᠤᠶᠢᠵᠢᠭᠤᠯᠬᠤ᠂ ᠳᠦᠷᠢᠮᠵᠢᠭᠰᠡᠨ ᠰᠣᠶᠣᠯ ᠤᠨ ᠬᠦᠳᠦᠯᠦᠨ ᠳᠠᠭᠠᠭᠤᠯᠬᠤ ᠲᠣᠭᠲᠠᠴᠠ ᠶᠢ ᠪᠠᠶᠢᠭᠤᠯᠬᠤ᠂ ᠪᠠᠶᠢᠴᠠᠭᠠᠬᠤ ᠡᠷᠬᠡ ᠳᠤ ᠬᠢᠨᠠᠯᠲᠠ ᠲᠠᠯᠪᠢᠵᠤ ᠬᠢᠵᠠᠭᠠᠷᠯᠠᠬᠤ ᠰᠢᠰᠲ᠋ᠧᠮ ᠢ ᠪᠠᠶᠢᠭᠤᠯᠬᠤ ᠵᠡᠷᠭᠡ ᠲᠠᠯ᠎ᠠ ᠪᠠᠷ ᠬᠢ ᠪᠣᠳᠣᠯᠬᠢᠯᠠᠯ ᠪᠠ ᠦᠢᠯᠡᠳᠦᠯᠭᠡ ᠶᠢ ᠪᠦᠬᠦ ᠲᠠᠯ᠎ᠠ ᠪᠠᠷ ᠣᠶᠢᠯᠠᠭᠠᠵᠤ᠂ ᠪᠠᠶᠢᠴᠠᠭᠠᠬᠤ ᠲᠤᠰᠢᠶᠠᠯᠲᠠᠨ ᠤ ᠪᠤᠳᠤᠵᠤ ᠰᠠᠨᠠᠭᠰᠠᠨ ᠲᠥᠭᠡᠷᠢᠭᠳᠡᠯ ᠢ ᠨᠢ ᠣᠶᠢᠯᠠᠭᠠᠵᠤ᠂ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠤᠯᠠᠨ ᠤ ᠤᠶᠤᠨ ᠤᠬᠠᠭᠠᠨ ᠢ ᠲᠥᠪᠯᠡᠷᠡᠭᠦᠯᠦᠨ ᠵᠢᠯᠣᠭᠤᠳᠬᠤ ᠴᠢᠨᠠᠷᠲᠠᠢ ᠰᠠᠨᠠᠯ ᠳᠤᠷᠠᠳᠪᠠ᠃

   

 

    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠦᠵᠡᠬᠦ ᠪᠠᠷ᠂ ᠥᠪᠥᠷ ᠮᠣᠩᠭᠤᠯ ᠤᠨ ᠪᠠᠶᠢᠴᠠᠭᠠᠬᠤ ᠪᠠᠶᠢᠭᠤᠯᠭ᠎ᠠ ᠶᠢᠨ ᠬᠢᠨ ᠰᠢᠨ᠎ᠡ ᠴᠠᠭ ᠦᠶ᠎ᠡ ᠶᠢᠨ ᠰᠢᠨ᠎ᠡ ᠱᠠᠭᠠᠷᠳᠠᠯᠭ᠎ᠠ ᠳᠤ ᠰᠠᠭᠤᠷᠢᠯᠠᠵᠤ᠂ ᠬᠠᠤᠯᠢ ᠴᠠᠭᠠᠵᠠ ᠶᠢᠨ ᠦᠢᠯᠡᠳᠦᠯᠭᠡ ᠳᠤᠮᠳᠠ᠂ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠬᠡᠷᠡᠭ ᠨᠢᠭᠡᠪᠦᠷᠢ ᠶᠢ ᠴᠢᠨᠠᠷ ᠰᠠᠶᠢᠲᠠᠢ ᠰᠠᠶᠢᠲᠤᠷ ᠰᠢᠢᠳᠪᠦᠷᠢᠯᠡᠬᠦ︾ ᠪᠠᠷ ᠦᠨᠳᠦᠰᠦᠨ ᠦᠷᠳᠡᠭ ᠤᠨ ᠬᠥᠭᠡᠭᠡᠴᠡᠯᠳᠦᠯ ᠪᠣᠯᠭᠠᠵᠤ᠂ ᠬᠠᠤᠯᠢ ᠴᠠᠭᠠᠵᠠ᠂ ᠰᠠᠬᠢᠯᠭ᠎ᠠ ᠪᠠᠲᠤ᠂ ᠶᠣᠰᠣ ᠰᠤᠷᠲᠠᠬᠤᠨ ᠤ ︽ᠭᠤᠷᠪᠠᠨ ᠰᠡᠷᠭᠡᠶᠢᠯᠡᠯᠲᠡ ᠶᠢᠨ ᠱᠤᠭᠤᠮ︾᠂ ᠪᠠᠶᠢᠭᠠᠯᠢ ᠶᠢᠨ ᠶᠣᠰᠣ᠂ ᠤᠯᠤᠰ ᠤᠨ ᠬᠠᠤᠯᠢ᠂ ᠨᠠᠶᠢᠷ ᠲᠠᠯ᠎ᠠ ᠶᠢᠨ ︽ᠭᠤᠷᠪᠠᠨ ᠢᠯᠡᠷᠡᠯ︾ ᠤᠨ ᠬᠠᠷᠠᠭᠠᠰᠤ ᠠᠴᠠ ᠪᠠᠶᠢᠴᠠᠭᠠᠬᠤ ᠲᠤᠰᠢᠶᠠᠯᠲᠠᠨ ᠤ ᠠᠵᠢᠯ ᠮᠡᠷᠭᠡᠵᠢᠯ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢ ᠲᠠᠨᠢᠵᠤ ᠦᠢᠯᠡᠳᠦᠯᠭᠡᠵᠢᠭᠦᠯᠬᠦ ᠶᠢᠨ ᠬᠠᠮᠲᠤ ᠪᠠᠶᠢᠴᠠᠭᠠᠬᠤ ᠲᠤᠰᠢᠶᠠᠯᠲᠠᠨ ᠤ ᠠᠵᠢᠯ ᠮᠡᠷᠭᠡᠵᠢᠯ ᠤᠨ ᠶᠣᠰᠣ ᠰᠤᠷᠲᠠᠬᠤᠨ ᠤ ᠪᠠᠶᠢᠭᠤᠯᠤᠯᠲᠠ ᠪᠠᠷ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠪᠦᠬᠦ ᠲᠠᠯ᠎ᠠ ᠶᠢᠨ ᠬᠥᠭᠵᠢᠯᠲᠡ᠂ ᠪᠦᠬᠦ ᠲᠠᠯ᠎ᠠ ᠶᠢᠨ ᠳᠠᠪᠰᠢᠯᠲᠠ ᠶᠢ ᠬᠥᠲᠥᠯᠥᠨ ᠳᠠᠭᠠᠭᠤᠯᠵᠤ᠂ ᠪᠠᠶᠢᠴᠠᠭᠠᠬᠤ ᠡᠩᠨᠡᠭᠡ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠳᠡᠯᠭᠡᠷᠡᠭᠦᠯᠵᠦ ᠪᠣᠯᠬᠤᠶᠢᠴᠠ ᠲᠤᠷᠰᠢᠯᠭ᠎ᠠ ᠶᠢ ᠬᠤᠷᠠᠮᠳᠤᠭᠤᠯᠵᠠᠢ᠃ ᠭᠡᠪᠡᠴᠦ ᠪᠠᠶᠢᠴᠠᠭᠠᠬᠤ ᠲᠤᠰᠢᠶᠠᠯᠲᠠᠨ ᠤ ᠠᠵᠢᠯ ᠮᠡᠷᠭᠡᠵᠢᠯ ᠦᠨ ᠶᠣᠰᠣ ᠰᠤᠷᠲᠠᠬᠤᠨ ᠤ ᠪᠠᠶᠢᠭᠤᠯᠤᠯᠲᠠ ᠪᠣᠯ ᠰᠢᠨ᠎ᠡ ᠰᠡᠳᠦᠪ ᠪᠣᠯᠬᠣᠷ ᠪᠠᠰᠠ ᠲᠠᠰᠤᠷᠠᠯᠲᠠ ᠦᠭᠡᠢ ᠰᠤᠳᠤᠯᠤᠨ ᠦᠢᠯᠡᠳ᠋ᠦᠯᠭᠡᠵᠢᠭᠦᠯᠬᠦ ᠬᠡᠷᠡᠭᠲᠡᠢ ᠭᠡᠳ᠋ᠡᠭ ᠢ ᠣᠯᠵᠤ ᠦᠵᠡᠬᠦ ᠬᠡᠷᠡᠭᠲᠡᠢ  ᠭᠡᠪᠡ᠃

    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠰᠠᠨᠠᠭᠤᠯᠬᠤ ᠳᠠᠭᠠᠨ᠂ ᠥᠪᠥᠷ ᠮᠣᠩᠭᠤᠯ ᠤᠨ ᠪᠠᠶᠢᠴᠠᠭᠠᠬᠤ ᠪᠠᠶᠢᠭᠤᠯᠭ᠎ᠠ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠵᠢᠴᠢ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠣᠳᠠᠲᠠᠢ ᠱᠠᠭᠠᠷᠳᠠᠯᠭ᠎ᠠ ᠳᠡᠭᠡᠷ᠎ᠡ ᠨᠢᠭᠡᠳᠬᠡᠬᠦ ᠬᠡᠷᠡᠭᠲᠡᠢ᠃ ᠬᠤᠪᠢᠰᠬᠠᠯᠵᠢᠭᠰᠠᠨ᠂ ᠵᠢᠩᠬᠢᠨᠢᠴᠢᠯᠡᠭᠰᠡᠨ᠂ ᠲᠤᠰᠬᠠᠶᠢᠵᠢᠭᠤᠯᠤᠭᠰᠠᠨ ᠪᠠ ᠲᠤᠰᠬᠠᠢ ᠮᠡᠷᠭᠡᠵᠢᠭᠦᠯᠦᠭᠰᠡᠨ ᠪᠠᠶᠢᠴᠠᠭᠠᠬᠤ ᠡᠩᠨᠡᠭᠡ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠪᠠᠶᠢᠴᠠᠭᠠᠬᠤ ᠲᠤᠰᠢᠶᠠᠯᠲᠠᠨ ᠤ ᠠᠵᠢᠯ ᠮᠡᠷᠭᠡᠵᠢᠯ ᠤᠨ ᠬᠡᠪ ᠪᠣᠯᠪᠠᠰᠤᠷᠠᠯ ᠢ ᠲᠠᠰᠤᠷᠠᠯᠳᠠ ᠦᠭᠡᠢ ᠴᠢᠩᠭᠠᠳᠬᠠᠵᠤ᠂ ᠪᠠᠶᠢᠴᠠᠭᠠᠬᠤ ᠲᠤᠰᠢᠶᠠᠯᠲᠠᠨ ᠤ ᠠᠰᠢᠭ ᠲᠤᠰᠠ ᠶᠢᠨ ᠲᠥᠭᠡᠷᠢᠭᠳᠡᠯ ᠢ ᠲᠡᠪᠴᠢᠬᠦ ᠴᠢᠳᠠᠪᠤᠷᠢ᠂ ᠨᠠᠶᠢᠷ ᠲᠠᠯ᠎ᠠ ᠶᠢᠨ ᠡᠷᠬᠡ ᠶᠢᠨ ᠭᠠᠷ ᠲᠦᠷᠦᠭᠦ ᠶᠢ ᠠᠷᠢᠯᠭᠠᠬᠤ ᠴᠢᠳᠠᠪᠤᠷᠢ᠂ ᠥᠪᠡᠷ ᠢ ᠪᠠᠨ ᠶᠡᠷᠦᠮᠳᠡᠭ ᠪᠣᠯᠭᠠᠬᠤ  ᠶᠢ ᠲᠡᠪᠴᠢᠬᠦ ᠴᠢᠳᠠᠪᠤᠷᠢ ᠶᠢ ᠳᠡᠭᠡᠭᠰᠢᠯᠡᠭᠦᠯᠵᠦ᠂ ᠦᠨᠡᠨᠴᠢ ᠰᠢᠳᠤᠷᠭᠤ᠂ ᠠᠷᠠᠳ ᠤᠨ ᠲᠥᠯᠥᠭᠡ᠂ ᠬᠠᠷᠢᠭᠤᠴᠠᠯᠭ᠎ᠠ ᠡᠭᠦᠷᠭᠡᠯᠡᠬᠦ᠂ ᠲᠥᠪ ᠭᠤᠣᠯᠴᠢ᠂ ᠠᠷᠢᠭᠤᠨ ᠴᠢᠬᠡᠴᠢ ᠪᠠᠶᠢᠴᠠᠭᠠᠬᠤ ᠲᠤᠰᠢᠶᠠᠯᠲᠠᠨ ᠤ ᠠᠵᠢᠯ ᠮᠡᠷᠭᠡᠵᠢᠯ ᠤᠨ ᠬᠠᠮᠲᠤᠯᠢᠭ ᠢ ᠪᠤᠢ ᠪᠣᠯᠭᠠᠬᠤ ᠬᠡᠷᠡᠭᠲᠡᠢ᠃ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠴᠠᠭᠠᠬᠤ ᠲᠤᠰᠢᠶᠠᠯᠲᠠᠨ ᠤ ᠠᠵᠢᠯ ᠮᠡᠷᠭᠡᠵᠢᠯ ᠤᠨ ᠶᠣᠰᠣ ᠰᠤᠷᠲᠠᠬᠤᠨ ᠢ ᠪᠠᠶᠢᠴᠠᠭᠠᠬᠤ ᠠᠵᠢᠯ ᠤᠨ ᠴᠢᠬᠤᠯᠠ ᠰᠢᠯᠭᠠᠨ ᠪᠠᠶᠢᠴᠠᠭᠠᠬᠤ ᠭᠦᠢᠴᠡᠳᠬᠡᠯ ᠲᠤᠭ᠎ᠠ ᠪᠣᠯᠭᠠᠵᠤ᠂ ᠬᠡᠷᠡᠭ ᠨᠢᠭᠡᠪᠦᠷᠢ ᠶᠢ ᠴᠢᠨᠠᠷ ᠰᠠᠶᠢᠲᠠᠢ ᠦᠷ᠎ᠡ ᠪᠦᠲᠦᠮᠵᠢ ᠲᠠᠢ ᠪᠠᠷ ᠰᠠᠶᠢᠲᠤᠷ  ᠰᠢᠢᠳᠪᠦᠷᠢᠯᠡᠵᠦ᠂ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠵᠦ᠂ ᠮᠡᠳᠡᠷᠡᠭᠦᠯᠵᠦ ᠪᠣᠯᠬᠤ ᠪᠣᠯᠭᠠᠬᠤ ᠬᠡᠷᠡᠭᠲᠡᠢ᠃

    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠯᠪᠣᠭᠳᠠᠯ ᠪᠦᠬᠦᠢ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠪᠠ᠃

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro