ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

 ᠬᠤᠶᠠᠳᠤᠭᠠᠷ ᠬᠤᠭᠤᠴᠠᠭᠠᠨ ᠤ ᠪᠦᠬᠦ ᠣᠷᠣᠨ ᠤ ᠬᠢᠯᠢ ᠳᠠᠭᠠᠤ᠂ ᠬᠢᠯᠢ ᠵᠢᠨ ᠪᠣᠭᠤᠮᠲᠠ ᠶᠢᠨ ᠪᠠᠶᠢᠴᠠᠭᠠᠬᠤ ᠠᠵᠢᠯ ᠤᠨ ᠬᠤᠷᠠᠯ ᠬᠤᠷᠠᠯᠳᠤᠪᠠ     

2024-05-30 18:39:12
ᠵᠣᠬᠢᠶᠠᠭᠴᠢ
ᠨᠠᠪᠴᠢ

 

    5 ᠳ᠋ᠤᠭᠠᠷ ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠬᠢᠯᠢ ᠳᠠᠭᠠᠤ ᠂ ᠬᠢᠯᠢ  ᠵᠢᠨ ᠪᠣᠭᠤᠮᠲᠠ ᠶᠢᠨ ᠪᠠᠶᠢᠴᠠᠭᠠᠬᠤ ᠠᠵᠢᠯ ᠤᠨ ᠬᠤᠷᠠᠯ ︽ᠲᠠᠯ᠎ᠠ ᠨᠤᠲᠤᠭ ᠤᠨ ᠭᠡᠷᠡᠯᠲᠦ ᠰᠤᠪᠤᠳ︾ ︽ᠪᠣᠭᠤᠮᠲᠠ ᠶᠢᠨ ᠭᠠᠳᠠᠨᠠᠬᠢ ᠬᠤᠲᠠ︾ ᠶᠢᠨ ᠡᠷᠢᠶᠡᠨ ᠬᠤᠲᠠ ᠳᠤ ᠬᠤᠷᠠᠯᠳᠤᠵᠤ᠂ ︽ᠪᠥᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠬᠢᠯᠢ ᠳᠠᠭᠠᠤ ᠂ ᠬᠢᠯᠢ ᠵᠢᠨ ᠪᠣᠭᠤᠮᠲᠠ ᠶᠢᠨ ᠪᠠᠶᠢᠴᠠᠭᠠᠬᠤ ᠨᠢᠭᠡᠳᠦᠯᠲᠡᠶ ᠠᠵᠢᠯᠯᠠᠭ᠎ᠠ︾ ᠶᠢᠨ ᠨᠢᠭᠡ ᠵᠢᠯ ᠤᠨ ᠲᠤᠷᠰᠢᠬᠢ ᠠᠵᠢᠯ ᠤᠨ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠨ ᠵᠠᠳᠠᠯᠵᠤ᠂ ᠬᠢᠯᠢ ᠳᠠᠭᠠᠤ ᠂ ᠬᠢᠯᠢ ᠶᠢᠨ ᠪᠣᠭᠤᠮᠲᠠ ᠶᠢᠨ ᠪᠠᠶᠢᠴᠠᠭᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠬᠦ ᠳᠤ ᠡᠷᠴᠢ ᠵᠣᠷᠢᠭ ᠢᠶᠠᠨ ᠬᠥᠪᠴᠢᠯᠡᠪᠡ᠃

    

   

     ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠣᠯᠠᠨ ᠤᠯᠤᠰ ᠤᠨ ᠬᠠᠮᠲᠤᠷᠠᠯᠴᠠᠭᠠᠨ ᠤ ᠲᠣᠪᠴᠢᠶ᠎ᠠ ᠶᠢᠨ ᠬᠠᠤᠯᠢ ᠴᠠᠭᠠᠵᠠ ᠶᠢᠨ ᠬᠠᠮᠵᠢᠯᠴᠠᠬᠤ ᠭᠠᠵᠠᠷ ᠤᠨ ᠳᠠᠷᠤᠭ᠎ᠠ᠂ ᠬᠤᠶᠠᠳᠤᠭᠠᠷ ᠳᠡᠰ ᠤᠨ ᠪᠠᠶᠢᠴᠠᠭᠠᠬᠤ ᠲᠤᠰᠢᠶᠠᠯᠲᠠᠨ ᠬᠠᠨ ᠢ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ ᠸᠧᠨ ᠳ᠋ᠢᠶᠠᠨ ᠯᠦᠩ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠰᠡᠴᠡᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠠᠮᠢᠶᠠᠷᠤᠯᠲᠠ ᠶᠢᠨ ᠠᠯᠪᠠᠨ ᠬᠡᠷ ᠤᠨ ᠳᠡᠳ᠋ ᠡᠷᠬᠢᠯᠡᠭᠴᠢ ᠼᠤᠤ ᠵᠢᠶᠦ᠋ᠨ ᠫᠸᠢ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠣᠣ ᠬᠤᠶ᠂ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠪᠠᠶᠠᠷ ᠤᠨ ᠦᠭᠡ ᠬᠡᠯᠡᠵᠦ᠂ ᠬᠢᠯᠢ ᠳᠠᠭᠠᠤ ᠶᠢᠨ ᠪᠣᠭᠤᠮᠲᠠ ᠶᠢᠨ ᠪᠠᠶᠢᠴᠠᠭᠠᠬᠤ ᠠᠵᠢᠯ ᠤᠨ ᠠᠶᠢᠮᠠᠭ ᠬᠤᠲᠠ ᠶᠢᠨ ᠪᠠᠶᠢᠴᠠᠭᠠᠬᠤ ᠬᠤᠪᠢᠶᠠᠷᠢ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠼᠤᠤ ᠽᠢ ᠭᠠᠩ ᠦᠭᠡ ᠬᠡᠯᠡᠵᠡᠶ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠪᠠᠶᠢᠴᠠᠭᠠᠬᠤ ᠳᠠᠷᠤᠭ᠎ᠠ ᠵᠣᠣ ᠭᠦᠸᠧ ᠬᠤᠸᠠ 2023 ᠣᠨ ᠤ ᠬᠢᠯᠢ ᠳᠠᠭᠠᠤ ᠶᠢᠨ ᠪᠣᠭᠤᠮᠲᠠ ᠶᠢᠨ ᠪᠠᠶᠢᠴᠠᠭᠠᠬᠤ ᠠᠵᠢᠯ ᠤᠨ ᠪᠠᠶᠢᠳᠠᠯ ᠵᠢᠴᠢ ᠨᠡᠶᠢᠲᠡᠯᠢᠭ ᠬᠡᠷᠡᠭ ᠤᠨ ᠵᠢᠱᠢᠶ᠎ᠡ ᠶᠢ ᠡᠷᠬᠢᠯᠡᠨ ᠮᠡᠳᠡᠭᠳᠡᠪᠡ᠃

    

 

 

    

    ᠬᠢᠯᠢ ᠳᠠᠭᠠᠤ ᠪᠣᠭᠤᠮᠲᠠ ᠶᠢᠨ ᠪᠠᠶᠢᠴᠠᠭᠠᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠬᠡᠷᠬᠢᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠯᠢ ᠶᠦᠩ ᠵᠢᠶᠦ᠋ᠨ ᠵᠢᠭᠠᠵᠤ ᠭᠠᠷᠭᠠᠭᠰᠠᠨ ᠨᠢ᠂ ᠬᠢᠯᠢ ᠳᠠᠭᠠᠤ ᠪᠣᠭᠤᠮᠲᠠ ᠶᠢᠨ ᠪᠠᠶᠢᠴᠠᠭᠠᠬᠤ ᠠᠵᠢᠯ ᠪᠣᠯ ᠨᠢᠭᠡᠨ ᠰᠢᠰᠲ᠋ᠧᠮᠲᠦ ᠴᠢᠨᠠᠷᠲᠠᠶ ᠢᠨᠵᠧᠨᠧᠷᠢᠩ ᠮᠥᠨ᠂ ᠠᠵᠢᠯ ᠤᠨ ᠡᠭᠦᠷᠭᠡ ᠬᠠᠷᠢᠭᠤᠴᠠᠯᠭ᠎ᠠ ᠨᠢ ︽ᠳᠥᠷᠪᠡᠨ ᠶᠡᠭᠡ  ᠪᠠᠶᠢᠴᠠᠭᠠᠬᠤ︾ ᠶᠢᠨ ᠡᠯ᠎ᠡ ᠲᠠᠯ᠎ᠠ ᠶᠢ ᠬᠠᠮᠤᠷᠴᠤ᠂ ᠪᠠᠶᠢᠴᠠᠭᠠᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠪᠣᠭᠤᠮᠲᠠ ᠶᠢᠨ ᠪᠠᠶᠢᠴᠠᠭᠠᠬᠤ ᠠᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠬᠠᠤᠯᠢ ᠶᠣᠰᠣᠭᠠᠷ ᠣᠨᠣᠴᠠᠲᠠᠢ ᠴᠣᠬᠢᠯᠲᠠ ᠥᠭᠴᠦ᠂ ᠬᠢᠯᠢ ᠳᠠᠭᠠᠤ ᠪᠣᠭᠤᠮᠲᠠ ᠶᠢᠨ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠬᠢᠯᠢ ᠳᠠᠭᠠᠤ ᠣᠷᠣᠨ ᠤ ᠬᠢᠯᠢ ᠶᠢᠨ ᠪᠣᠭᠤᠮᠲᠠ ᠶᠢᠨ ᠭᠠᠵᠠᠷ ᠣᠷᠣᠨ ᠳᠤ ᠬᠤᠯᠪᠣᠭᠳᠠᠭᠰᠠᠨ ᠤᠯᠤᠰ ᠤᠨ ᠠᠮᠤᠷ ᠲᠦᠪᠰᠢᠨ ᠳᠤ ᠬᠤᠤᠷ ᠬᠦᠨᠦᠭᠡᠯ ᠤᠴᠠᠷᠠᠭᠤᠯᠤᠭᠰᠠᠨ᠂ ᠨᠢᠭᠤᠴᠠ ᠪᠠᠷ ᠠᠷᠠᠯᠵᠢᠶᠠᠯᠠᠭᠰᠠᠨ᠂ ᠤᠯᠤᠰ ᠤᠨ ᠬᠢᠯᠢ ︵ᠬᠢᠯᠢ︶ ᠶᠢ ᠬᠤᠯᠠᠭᠤᠨ ᠳᠠᠪᠠᠭᠤᠯᠤᠭᠰᠠᠨ ᠵᠡᠷᠭᠡ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠬᠢᠯᠢ ᠳᠠᠭᠠᠤ ᠶᠢᠨ ᠪᠣᠭᠤᠮᠲᠠ ᠶᠢᠨ ᠭᠠᠵᠠᠷ ᠣᠷᠣᠨ ᠤ ᠨᠡᠶᠢᠭᠡᠮ ᠤᠨ ᠵᠠᠰᠠᠯᠲᠠ ᠳᠤ ᠢᠳᠡᠪᠬᠢᠲᠡᠶ ᠣᠷᠣᠯᠴᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠶᠡᠬᠡᠪᠡᠷ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢ ᠬᠢᠯᠢ ᠳᠠᠭᠠᠤ ᠶᠢᠨ ᠪᠣᠭᠤᠮᠲᠠ ᠶᠢᠨ ᠪᠠᠶᠢᠴᠠᠭᠠᠬᠤ ᠪᠥᠬᠦ ᠶᠠᠪᠤᠴᠠ ᠳᠤ ᠲᠤᠤᠱᠯᠠᠭᠤᠯᠵᠤ᠂ ᠬᠢᠯᠢ ᠳᠠᠭᠠᠤ ᠶᠢᠨ ᠪᠣᠭᠤᠮᠲᠠ ᠶᠢᠨ ᠭᠠᠵᠠᠷ ᠣᠷᠣᠨ ᠤ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠨ᠎ᠠ᠃ ᠰᠠᠨᠠᠭᠠᠴᠢᠯᠠᠭ᠎ᠠ ᠠᠴᠠ ᠪᠠᠨ ᠦᠢᠯᠡᠴᠢᠯᠡᠭᠡ ᠶᠢ ᠰᠠᠶᠢᠲᠤᠷ ᠬᠢᠵᠦ᠂ ᠬᠢᠯᠢ ᠳᠠᠭᠠᠤ ᠶᠢᠨ ᠪᠣᠭᠤᠮᠲᠠ ᠶᠢᠨ ᠭᠠᠵᠠᠷ ᠣᠷᠣᠨ ᠤ  ᠬᠠᠥᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ᠃ ᠪᠣᠭᠤᠮᠲᠠ ᠶᠢᠨ ᠪᠠᠶᠢᠴᠠᠭᠠᠬᠤ ᠠᠵᠢᠯ ᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ︽ᠠᠵᠤ ᠠᠬᠤᠶᠢᠯᠠᠯ ᠢ ᠬᠠᠮᠠᠭᠠᠯᠠᠬᠤ ᠲᠠᠪᠤᠨ ᠠᠷᠭ᠎ᠠ︾ᠵᠡᠷᠭᠡ ᠭᠤᠤᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠵᠤ᠂ ︽ᠬᠠᠤᠯᠢ ᠪᠠᠷ ᠵᠠᠰᠠᠬᠤ ᠪᠣᠯ ᠬᠠᠮᠤᠭ ᠤᠨ ᠰᠠᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠪᠣᠭᠤᠮᠲᠠ ᠶᠢᠨ ᠭᠠᠵᠠᠷ ᠣᠷᠣᠨ ᠤ ᠠᠵᠤ ᠠᠬᠤᠶᠢᠯᠠᠯ ᠤᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠴᠣᠬᠢᠯᠲᠠ ᠥᠭᠬᠦ ᠶᠢ ᠴᠢᠩᠭᠠᠳᠬᠠᠵᠤ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠠᠵᠢᠯ ᠢ ᠨᠠᠩ ᠶᠡᠭᠡ ᠡᠷᠴᠢᠮ ᠢᠶᠠᠷ ᠳᠥᠯᠭᠢᠨ ᠠᠬᠢᠭᠤᠯᠵᠤ᠂ ᠬᠢᠯᠢ ᠳᠠᠭᠠᠤ ᠶᠢᠨ ᠪᠣᠭᠤᠮᠲᠠ ᠶᠢᠨ ᠭᠠᠵᠠᠷ ᠣᠷᠣᠨ ᠤ ᠬᠤᠳᠠᠯᠳᠤᠭᠠᠴᠢᠨ ᠢ ᠲᠣᠭᠲᠠᠪᠤᠷᠢᠵᠢᠭᠤᠯᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠰᠠᠶᠢᠨ ᠰᠠᠶᠢᠬᠠᠨ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃ ᠬᠠᠤᠯᠢ ᠴᠠᠭᠠᠵᠠ ᠶᠢᠨ ᠬᠢᠨᠠᠯᠲᠠ ᠶᠢ ᠭᠦᠨᠵᠡᠭᠡᠶᠢᠷᠡᠭᠦᠯᠵᠦ᠂ ᠬᠢᠯᠢ ᠳᠠᠭᠠᠤ ᠪᠣᠭᠤᠮᠲᠠ ᠳᠤ ᠬᠤᠯᠪᠣᠭᠳᠠᠭᠰᠠᠨ ᠬᠡᠷᠡᠭ ᠢ ᠴᠢᠨᠠᠷ ᠰᠠᠶᠢᠲᠠᠢ ᠦᠷ᠎ᠡ ᠪᠦᠲᠦᠮᠵᠢᠲᠡᠢ ᠪᠠᠷ ᠰᠢᠢᠳᠪᠦᠷᠢᠯᠡᠬᠦ ᠬᠡᠷᠡᠭᠲᠡᠢ᠃ ︽ᠬᠡᠷᠡᠭ ᠪᠣᠯᠭᠠᠨ ᠢ ᠴᠢᠨᠠᠷ ᠰᠠᠶᠢᠲᠠᠢ ᠦᠷ᠎ᠡ ᠪᠦᠲᠦᠮᠵᠢᠲᠡᠢ ᠪᠠᠷ ᠰᠠᠶᠢᠲᠤᠷ ᠡᠷᠬᠢᠯᠡᠬᠦ︾ ᠶᠢ ᠪᠣᠭᠤᠮᠲᠠ ᠶᠢᠨ ᠪᠠᠶᠢᠴᠠᠭᠠᠬᠤ ᠪᠦᠬᠦ ᠶᠠᠪᠤᠴᠠ ᠳᠤ ᠲᠤᠤᠱᠯᠠᠭᠤᠯᠵᠤ᠂ ᠭᠠᠶᠢᠯᠢ ᠳᠤ ᠬᠤᠯᠪᠣᠭᠳᠠᠭᠰᠠᠨ ᠡᠷᠡᠭᠦᠦ ᠶᠢᠨ ᠬᠡᠷᠡᠭ ᠢ ᠪᠠᠶᠢᠴᠠᠭᠠᠬᠤ ᠠᠵᠢᠯ ᠢ ᠴᠢᠩᠭᠠᠳᠬᠠᠵᠤ᠂ ᠨᠢᠭᠤᠴᠠ ᠪᠠᠷ ᠠᠷᠠᠯᠵᠢᠶᠠᠯᠠᠬᠤ ᠶᠢ ᠡᠰᠡᠷᠭᠦᠴᠡᠬᠦ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠶᠢᠷᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ᠂ ᠢᠳᠡᠭᠡᠨ ᠤ ᠠᠮᠤᠷ ᠲᠦᠪᠰᠢᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠵᠡᠷᠭᠡ ᠤᠯᠠᠨ ᠬᠦᠷᠢᠶᠡᠨ ᠤ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠬᠢᠯᠢ ᠳᠠᠭᠠᠤ ᠶᠢᠨ ᠪᠣᠭᠤᠮᠲᠠ ᠶᠢᠨ ᠭᠠᠵᠠᠷ ᠣᠷᠣᠨ ᠤ  ᠬᠠᠥᠯᠢ ᠪᠠᠷ ᠵᠠᠰᠠᠬᠤ ᠪᠠᠶᠢᠭᠤᠯᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃

 ᠬᠤᠶᠢᠰᠢᠳᠠ ᠶᠢᠨ ᠠᠵᠢᠯ ᠳᠤ ᠴᠢᠭᠯᠡᠭᠦᠯᠦᠨ᠂ ᠯᠢ ᠶᠦᠩ ᠵᠢᠶᠦ᠋ᠨ ᠴᠢᠬᠤᠯᠠᠴᠢᠯᠠᠬᠤ ᠳᠠᠭᠠᠨ᠂ ᠳᠥᠷᠪᠡᠨ ᠲᠠᠯ᠎ᠠ ᠪᠠᠷ ︽ᠬᠦᠴᠦ ᠣᠷᠣᠭᠤᠯᠵᠤ︾᠂ ᠬᠢᠯᠢ ᠳᠠᠭᠠᠤ ᠂ ᠬᠢᠯᠢ ᠵᠢᠨ ᠪᠣᠭᠤᠮᠲᠠ ᠶᠢᠨ ᠪᠠᠶᠢᠴᠠᠭᠠᠯᠲᠠ ᠶᠢ ᠥᠪᠥᠷ ᠮᠣᠩᠭᠤᠯ ᠤᠨ ᠪᠠᠶᠢᠴᠠᠭᠠᠯᠲᠠ ᠶᠢᠨ ᠭᠢᠯᠠᠯᠵᠠᠭᠰᠠᠨ ᠨᠠᠷᠠᠲᠤ ᠲᠡᠮᠳᠡᠭ ᠪᠣᠯᠭᠠᠬᠤ ᠪᠠᠷ ᠬᠦᠴᠦᠯᠡᠨ ᠴᠢᠷᠮᠠᠶᠢᠬᠤ ᠬᠡᠷᠡᠭᠲᠡᠶ ᠭᠡᠵᠡᠶ᠃ ᠥᠪᠡᠷᠮᠢᠴᠡ ᠣᠨᠴᠠᠯᠢᠭ ᠲᠠᠢ ᠬᠢᠯᠠᠰ ᠴᠡᠭ ᠳᠡᠭᠡᠷ᠎ᠡ ᠬᠦᠴᠦ ᠲᠠᠯᠪᠢᠵᠤ᠂ ᠡᠯ᠎ᠡ ᠭᠠᠵᠠᠷ ᠤᠨ ᠬᠢᠨ ᠲᠣᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠡᠯ᠎ᠡ ᠭᠠᠵᠠᠷ ᠤᠨ ᠳᠠᠪᠠᠭᠤᠯᠢᠭ ᠵᠢᠴᠢ ᠥᠪᠡᠷᠮᠢᠴᠡ ᠣᠨᠴᠠᠯᠢᠭ ᠲᠠᠢ ᠬᠢᠯᠠᠰ ᠴᠡᠭ ᠤᠨ ᠠᠷᠭ᠎ᠠ ᠬᠢᠳᠡᠯ ᠢ ᠭᠦᠶᠴᠡᠳ ᠠᠭᠤᠳᠠᠯᠵᠤ᠂ ᠠᠵᠢᠯ ᠢ ︽ᠢᠵᠢᠯ ᠴᠢᠨᠠᠷᠵᠢᠭᠤᠯᠬᠤ︾ ᠶᠢ ᠵᠠᠶᠢᠯᠠᠰᠬᠢᠵᠦ᠂ ᠥᠪᠥᠷ ᠮᠣᠩᠭᠤᠯ ᠤᠨ ᠣᠨᠴᠠᠯᠢᠭ ᠲᠠᠢ ᠬᠢᠯᠢ ᠳᠠᠭᠠᠤ ᠶᠢᠨ ᠪᠣᠭᠤᠮᠲᠠ ᠶᠢᠨ ᠪᠠᠶᠢᠴᠠᠭᠠᠬᠤ ᠠᠵᠢᠯ ᠤᠨ ᠨᠢᠭᠡ ᠪᠦᠯᠦᠭ ᠨᠠᠷᠠᠲᠤ ᠲᠡᠮᠳᠡᠭᠲᠦ ᠶᠢ ᠴᠢᠷᠮᠠᠶᠢᠨ ᠪᠣᠶ ᠪᠣᠯᠭᠠᠬᠤ ᠬᠡᠷᠡᠭᠲᠡᠶ᠃ ᠨᠡᠶᠢᠲᠡᠯᠢᠭ ᠬᠡᠷᠡᠭ ᠤᠨ ᠵᠢᠱᠢᠶ᠎ᠡ ᠳᠡᠭᠡᠷ᠎ᠡ ᠬᠦᠴᠦ ᠲᠠᠯᠪᠢᠵᠤ᠂ ᠨᠡᠩ ᠤᠯᠠᠨ ᠨᠡᠶᠢᠲᠡᠯᠢᠭ ᠬᠡᠷᠡᠭ ᠤᠨ ᠵᠢᠱᠢᠶ᠎ᠡ ᠴᠢᠨᠠᠭᠰᠢᠯᠠᠪᠠᠯ ᠵᠢᠯᠣᠭᠤᠳᠬᠤ ᠴᠢᠨᠠᠷᠲᠠᠢ ᠬᠡᠷᠡᠭ ᠤᠨ ᠵᠢᠱᠢᠶ᠎ᠡ ᠶᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠪᠠᠷ ᠬᠦᠴᠦ ᠣᠷᠣᠭᠤᠯᠵᠤ᠂ ᠨᠢᠭᠡ ᠪᠦᠯᠦᠭ ᠶᠡᠷᠦᠩᠬᠡᠶᠢᠯᠡᠭᠰᠡᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠲᠠᠢ᠂ ᠣᠷᠣᠰ ᠮᠣᠩᠭᠤᠯ ᠤᠨ ᠬᠠᠤᠯᠢ ᠴᠠᠭᠠᠵᠠ ᠶᠢᠨ ᠳᠦᠷᠢᠮ ᠢ ᠰᠠᠶᠢᠨ ᠮᠡᠳᠡᠳᠡᠭ᠂ ᠭᠠᠳᠠᠭᠠᠳᠤ ᠳᠤ ᠬᠤᠯᠪᠣᠭᠳᠠᠬᠤ ᠠᠷᠠᠳ ᠤᠨ ᠬᠤᠳᠠᠯᠳᠤᠭᠠᠨ ᠤ ᠶᠠᠪᠤᠳᠠᠯ ᠪᠠ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠳᠤ ᠴᠠᠭᠠᠷᠠᠭᠰᠠᠨ᠂ ᠭᠠᠳᠠᠭᠠᠳᠤ ᠬᠡᠯᠡᠨ ᠤ ᠴᠢᠳᠠᠪᠤᠷᠢ ᠲᠠᠢ ᠲᠤᠰᠬᠠᠶ ᠮᠡᠷᠭᠡᠵᠢᠯᠲᠡᠨ ᠮᠠᠶ᠋ᠢᠭ ᠤᠨ᠂  ᠤᠯᠠᠨ ᠲᠦᠢᠯᠰᠢᠷᠠᠭ᠍ᠰᠡᠨ ᠪᠠᠶᠢᠴᠠᠭᠠᠬᠤ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠶ᠃ ᠣᠷᠣᠨ ᠪᠦᠰᠡ ᠶᠢᠨ ᠬᠠᠮᠵᠢᠯᠴᠠᠭ᠎ᠠ ᠳᠡᠭᠡᠷ᠎ᠡ ᠬᠦᠴᠦ ᠲᠠᠯᠪᠢᠵᠤ᠂ ᠬᠢᠯᠢ ᠳᠠᠭᠠᠤ ᠂ ᠬᠢᠯᠢ ᠵᠢᠨ ᠪᠣᠭᠤᠮᠲᠠ ᠶᠢᠨ ᠪᠠᠶᠢᠴᠠᠭᠠᠬᠤ ᠠᠵᠢᠯ ᠤᠨ ᠣᠷᠣᠨ ᠪᠦᠰᠡ ᠠᠯᠤᠰᠯᠠᠭᠰᠠᠨ ᠬᠠᠮᠵᠢᠯᠴᠠᠭ᠎ᠠ ᠶᠢ ᠥᠷᠨᠢᠭᠦᠯᠵᠦ᠂ ᠬᠠᠮᠲᠤᠷᠠᠯᠴᠠᠭᠠᠨ ᠤ ᠬᠤᠯᠪᠣᠭ᠎ᠠ ᠶᠢ ᠪᠠᠶᠢᠭᠤᠯᠵᠤ᠂ ︽ᠪᠣᠭᠤᠮᠲᠠ ᠶᠢᠨ ᠪᠠᠶᠢᠴᠠᠭᠠᠬᠤ ᠠᠵᠢᠯ ᠤᠨ ᠬᠠᠮᠵᠢᠯᠴᠠᠭᠠᠨ ᠤ ᠠᠯᠪᠠᠨ ᠭᠡᠷ︾ ᠢ ᠪᠠᠶᠢᠭᠤᠯᠬᠤ ᠶᠢᠨ ᠬᠠᠮᠲᠤ ᠴᠢᠨᠠᠷ ᠰᠠᠶᠢᠲᠠᠢ ᠠᠵᠢᠯᠯᠠᠭᠤᠯᠬᠤ ᠶᠢ ᠠᠬᠢᠭᠤᠯᠬᠤ ᠬᠡᠷᠡᠭᠲᠡᠢ᠃

 

 

ᠬᠤᠷᠠᠯ ᠳᠡᠭᠡᠷ᠎ᠡ᠂ ᠬᠥᠯᠥᠨ ᠪᠤᠶᠢᠷ ᠬᠤᠳᠠ ᠶᠢᠨ ᠪᠠᠶᠢᠴᠠᠭᠠᠬᠤ ᠬᠤᠷᠢᠶ᠎ᠠ᠂ ᠡᠷᠢᠶᠡᠨ ᠬᠤᠳᠠ ᠶᠢᠨ ᠪᠠᠶᠢᠴᠠᠭᠠᠬᠤ ᠬᠤᠷᠢᠶ᠎ᠠ᠂ ᠤᠷᠠᠳ ᠤᠨ ᠬᠤᠶᠢᠲᠤ ᠬᠤᠰᠢᠭᠤᠨ ᠤ ᠪᠠᠶᠢᠴᠠᠭᠠᠬᠤ ᠬᠤᠷᠢᠶ᠎ᠠ ᠨᠡᠶᠢᠲᠡᠯᠢᠭ ᠬᠡᠷᠡᠭ ᠤᠨ ᠵᠢᠱᠢᠶ᠎ᠡ ᠪᠠᠨ ᠬᠤᠪᠢᠶᠠᠯᠴᠠᠵᠦ᠂ ᠬᠥᠬᠡᠬᠤᠲᠠ ᠶᠢᠨ ᠲᠡᠮᠦᠷ ᠵᠠᠮ ᠤᠨ ᠲᠡᠭᠡᠭᠡᠪᠦᠷᠢ ᠶᠢᠨ ᠪᠠᠶᠢᠴᠠᠭᠠᠬᠤ ᠬᠤᠪᠢᠶᠠᠷᠢ ᠬᠤᠷᠢᠶ᠎ᠠ᠂ ᠪᠤᠭᠤᠲᠤ ᠬᠤᠳᠠ ᠶᠢᠨ ᠪᠠᠶᠢᠴᠠᠭᠠᠬᠤ ᠬᠤᠷᠢᠶ᠎ᠠ᠂ ᠠᠯᠠᠱᠠ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠲᠤᠬᠠᠢ ᠶᠢᠨ ᠲᠠᠯᠠᠪᠠᠢ  ᠳᠤ ᠲᠤᠷᠰᠢᠯᠭ᠎ᠠ ᠪᠠᠨ ᠰᠣᠯᠢᠯᠴᠠᠪᠠ᠃ ᠬᠤᠷᠠᠯ ᠳᠤ ᠣᠷᠣᠯᠴᠠᠭᠰᠠᠳ ᠪᠠᠰᠠ ︽ᠡᠬᠡ ᠤᠯᠤᠰ ᠤᠨ ᠬᠤᠶᠢᠲᠤ  ᠬᠠᠭᠠᠯᠭᠠᠨ ᠳ᠋ᠡᠬᠢ ᠤ ᠨᠠᠮ ᠤᠨ ᠤᠯᠠᠭᠠᠨ︾ ᠨᠠᠮ ᠤᠨ ᠪᠠᠶᠢᠭᠤᠯᠤᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ᠤᠯᠤᠰ ᠤᠨ ᠡᠭᠦᠳᠡᠨ ᠤ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠴᠡᠭ ᠵᠡᠷᠭᠡ ᠶᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro