ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠶᠡᠭᠡ ᠪᠠᠶᠢᠴᠠᠭᠠᠬᠤ ᠲᠤᠰᠢᠶᠠᠯᠲᠠᠨ  ᠨᠠᠮ ᠤᠨ ᠰᠠᠬᠢᠯᠭ᠎ᠠ ᠪᠠᠲᠤ ᠶᠢ ᠡᠷᠬᠢᠮᠯᠡᠬᠦ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ

2024-05-30 18:55:55
ᠵᠣᠬᠢᠶᠠᠭᠴᠢ
ᠨᠠᠪᠴᠢ

 

 

    5 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠤᠨ ᠮᠡᠳᠡᠭᠦᠯᠦᠯᠲᠡ ᠶᠢᠨ ᠬᠤᠷᠠᠯ ᠡᠷᠭᠢᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠰᠠᠬᠢᠯᠭ᠎ᠠ ᠪᠠᠲᠤ ᠪᠣᠯ ᠳᠠᠷᠤᠶ ᠬᠦᠴᠦᠨ ᠮᠥᠨ᠂ ᠰᠠᠬᠢᠯᠭ᠎ᠠ ᠪᠠᠲᠤ  ᠣᠷᠣᠰᠢᠨ ᠲᠣᠭᠲᠠᠨᠢᠬᠤ ᠶᠢ ᠲᠣᠭᠲᠠᠭᠠᠬᠤ᠂ ᠰᠠᠬᠢᠯᠭ᠎ᠠ ᠪᠠᠲᠤ ᠠᠴᠠ ᠲᠥᠷᠥ ᠪᠠᠷᠢᠬᠤ ᠪᠠᠶᠢᠷᠢ ᠰᠠᠭᠤᠷᠢ  ᠲᠣᠭᠲᠠᠭᠠᠬᠤ᠂ ᠰᠠᠬᠢᠯᠭ᠎ᠠ ᠪᠠᠲᠤ ᠦᠢᠯᠡᠰ ᠪᠤᠰᠬᠠᠬᠤ ᠲᠠᠢ ᠨᠢᠭᠲᠠ ᠬᠤᠯᠪᠤᠭᠳᠠᠯ ᠲᠠᠢ᠂ ᠰᠠᠬᠢᠯᠭ᠎ᠠ ᠪᠠᠲᠤ ᠳᠤ ᠤᠳᠠᠭᠠᠨ ᠳᠠᠭᠠᠭᠠᠮᠠᠭᠠᠶ ᠪᠠᠶᠢᠬᠤ  ᠭᠡᠬᠦ ᠲᠠᠪᠤᠨ ᠲᠠᠯ᠎ᠠ ᠠᠴᠠ  ᠬᠤᠷᠢᠶᠠᠨ ᠤ ᠪᠠᠶᠢᠭᠤᠯᠭ᠎ᠠ ᠶᠢᠨ ᠪᠠᠶᠢᠴᠠᠭᠠᠬᠤ ᠠᠵᠢᠯᠲᠠᠨ ᠳᠤ ᠰᠠᠬᠢᠯᠭ᠎ᠠ ᠪᠠᠲᠤ ᠶᠢᠨ ᠲᠤᠰᠬᠠᠶ ᠰᠡᠳᠦᠪᠲᠦ ᠨᠠᠮ ᠤᠨ ᠬᠢᠴᠢᠶᠡᠯ  ᠣᠷᠣᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠳᠡᠳ᠋ ᠱᠦᠵᠢ ᠯᠢ ᠫᠧᠩ ᠴᠧᠩ ᠨᠡᠷ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃

    

  

    

    ᠯᠢ ᠶᠦᠩ ᠵᠢᠶᠦ᠋ᠨ ᠠᠭᠤᠤ ᠶᠡᠭᠡ ᠤᠳᠤᠷᠢᠳᠤᠭᠴᠢ ᠮᠠᠤ ᠽᠧ ᠳ᠋ᠦᠩ ᠤᠨ ᠨᠠᠮᠤᠷ ᠤᠨ ᠬᠤᠷᠢᠶᠠᠯᠲᠠ ᠶᠢᠨ ᠪᠤᠰᠤᠯᠭ᠎ᠠ ᠳᠠᠬᠢ ᠴᠢᠬᠤᠯᠠ ᠥᠭᠦᠯᠡᠯᠲᠡ ᠪᠠᠷ  ᠵᠦᠢᠷᠯᠡᠵᠦ᠂ ᠰᠠᠬᠢᠯᠭ᠎ᠠ ᠪᠠᠲᠤ ᠪᠣᠯ ᠳᠠᠷᠤᠢ ᠬᠦᠴᠦᠨ ᠮᠥᠨ᠂ ᠮᠠᠨ ᠤ ᠨᠠᠮ ᠪᠣᠯ ᠰᠠᠬᠢᠯᠭ᠎ᠠ ᠪᠠᠲᠤ  ᠲᠠᠢ ᠬᠠᠮᠲᠤ ᠮᠡᠨᠳᠦᠯᠡᠭᠰᠡᠨ ᠶᠤᠮ᠂ ᠰᠠᠬᠢᠯᠭ᠎ᠠ ᠪᠠᠲᠤ ᠪᠠᠶᠢᠪᠠᠯ ᠰᠠᠶ᠋ᠢ ᠯᠠᠪᠳᠠᠭᠤᠨ ᠵᠣᠭᠰᠣᠵᠤ᠂ ᠰᠠᠶ᠋ᠢ ᠬᠥᠭᠵᠢᠨ ᠪᠤᠵᠠᠭᠠᠶᠢᠷᠠᠵᠤ ᠴᠢᠳᠠᠨ᠎ᠠ᠂ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠪᠤᠰᠤᠳ ᠲᠦᠷᠦ ᠶᠢᠨ ᠨᠠᠮ ᠠᠴᠠ ᠢᠯᠭᠠᠭᠳᠠᠬᠤ ᠭᠤᠣᠯ ᠵᠦᠢᠯ ᠮᠥᠨ ᠭᠡᠵᠡᠢ᠃

    

    

    ᠯᠢ ᠶᠦᠩ ᠵᠢᠶᠦ᠋ᠨ ᠴᠢᠬᠤᠯᠠᠴᠢᠯᠠᠭᠰᠠᠨ ᠨᠢ᠂ ᠰᠠᠬᠢᠯᠭ᠎ᠠ ᠪᠠᠲᠤ ᠶᠢ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ ︽ᠰᠠᠶᠢᠨ ᠡᠬᠢᠯᠡᠯᠲᠡ ᠨᠢ ᠠᠮᠠᠷᠬᠠᠨ ᠳᠠᠭᠤᠰᠬᠠᠬᠤ ᠳᠤ ᠬᠦᠴᠢᠷ︾ ᠪᠠᠶᠢᠬᠤ ᠠᠯᠵᠠᠭᠤ ᠵᠠᠯᠬᠠᠭᠤ ᠶᠢ ᠢᠯᠠᠨ ᠳᠠᠪᠠᠭ᠋ᠤ ᠬᠡᠷᠡᠭᠲᠡᠶ᠃ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠵᠢᠴᠢ ᠡᠯ᠎ᠡ ᠨᠠᠮ ᠤᠨ ᠡᠭᠦᠷ ︽ᠪᠠᠶᠢᠩᠭᠤ ᠠᠳᠬᠤᠬᠤ︾ ᠪᠠ ︽ᠤᠷᠳᠤ ᠬᠤᠭᠤᠴᠠᠭ᠎ᠠ ᠪᠠᠷ ᠠᠳᠬᠤᠬᠤ︾ ᠳᠡᠭᠡᠷ᠎ᠡ ᠬᠦᠴᠦ ᠲᠠᠯᠪᠢᠵᠤ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠪᠠ ᠠᠵᠢᠯᠳᠠᠨ ᠤ ᠬᠠᠮᠢᠶᠠᠷᠤᠯᠲᠠ ᠶᠢ ᠤᠷᠳᠤ ᠬᠤᠭᠤᠴᠠᠭ᠎ᠠ ᠪᠠᠷ ᠰᠠᠶᠢᠲᠤᠷ ᠠᠳᠬᠤᠬᠤ ᠬᠡᠷᠡᠭᠲᠡᠢ᠃ ᠪᠥᠬᠦ ᠪᠠᠶᠢᠴᠠᠭᠠᠬᠤ ᠠᠵᠢᠯᠲᠠᠳ ᠤᠯᠤᠰ ᠲᠥᠷᠥ ᠶᠢᠨ ᠲᠠᠩᠰᠠ᠂ ᠠᠵᠤ ᠠᠬᠤᠶ ᠶᠢᠨ ᠲᠠᠩᠰᠠ᠂ ᠴᠢᠯᠥᠭᠡᠲᠦ ᠲᠠᠩᠰᠠ᠂ ᠬᠡᠷ ᠪᠦᠯᠢ ᠶᠢᠨ ᠲᠠᠩᠰᠠ ᠶᠢ ᠰᠠᠶᠢᠲᠤᠷ ᠪᠤᠳᠤᠵᠤ᠂ ᠨᠠᠮ ᠤᠨ ᠰᠠᠬᠢᠯᠭ᠎ᠠ ᠪᠠᠲᠤ ᠶᠢ ᠰᠡᠳᠬᠢᠯ ᠳᠡᠭᠡᠨ ᠦᠨᠳᠦᠰᠦᠯᠡᠭᠦᠯᠵᠦ᠂ ᠰᠢᠨ᠎ᠡ ᠴᠠᠭ ᠦᠶ᠎ᠡ ᠶᠢᠨ ᠤᠮᠠᠷᠠᠲᠤ ᠬᠢᠯᠢ ᠶᠢᠨ ᠪᠠᠶᠢᠴᠠᠭᠠᠯᠲᠠ ᠶᠢᠨ ᠰᠦᠭ ᠰᠦᠨᠡᠰᠦ ᠶᠢ ᠦᠷᠭᠦᠯᠵᠢᠯᠡᠨ ᠪᠣᠶ ᠪᠣᠯᠭᠠᠵᠤ᠂ ᠰᠢᠨ᠎ᠡ ᠴᠠᠭ ᠦᠶ᠎ᠡ ᠶᠢᠨ ᠤᠮᠠᠷᠠᠲᠤ ᠬᠢᠯᠢ ᠶᠢᠨ ᠪᠠᠶᠢᠴᠠᠭᠠᠯᠲᠠ ᠶᠢᠨ ᠰᠤᠷᠲᠠᠯ ᠢ ᠲᠥᠪ ᠪᠣᠯᠭᠠᠬᠤ ᠬᠡᠷᠡᠭᠲᠡᠶ ᠭᠡᠵᠡᠢ᠃

    

    

    

    ᠬᠤᠷᠠᠯ ᠳᠤ ᠣᠷᠣᠯᠴᠠᠭᠰᠠᠳ ᠲᠤᠰ ᠤᠳᠠᠭᠠᠨ ᠤ ᠬᠢᠴᠢᠶᠡᠯᠯᠡᠭᠡ ᠶᠢᠨ ᠭᠤᠣᠯ ᠰᠡᠳᠦᠪ ᠨᠢ ᠲᠣᠪᠤᠶᠢᠮ᠎ᠠ᠂ ᠦᠵᠡᠯᠲᠡ ᠨᠢ ᠢᠯᠡ ᠲᠣᠳᠣ᠂ ᠬᠡᠷᠡᠭ ᠤᠨ ᠵᠢᠱᠢᠶ᠎ᠡ ᠨᠢ ᠠᠮᠢᠳᠤᠯᠢᠭ ᠪᠠᠶᠢᠵᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ ᠲᠠᠢ ᠪᠠᠶᠢᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠰᠠᠶᠢᠨ ᠰᠠᠶᠢᠬᠠᠨ ᠠᠬᠢᠭᠤᠯᠬᠤ ᠦᠢᠯᠡᠳᠦᠯ ᠲᠠᠢ ᠪᠠᠶᠢᠵᠤ᠂ ᠬᠤᠷᠠᠯ ᠤᠨ ᠳᠠᠷᠠᠭ᠎ᠠ ᠯᠠᠪᠲᠠᠶ ᠳᠠᠬᠢᠨ ᠰᠢᠩᠭᠡᠭᠡᠵᠦ᠂ ᠳᠠᠬᠢᠨ ᠪᠠᠬᠢᠵᠢᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠦ ᠶᠢᠨ ᠮᠥᠨ ᠴᠢᠨᠠᠷ ᠢ ᠢᠮᠠᠭᠲᠠ ᠪᠠᠲᠤᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠵᠣᠷᠢᠭ ᠰᠠᠨᠠᠭ᠎ᠠ ᠪᠠᠨ ᠬᠥᠪᠴᠢᠯᠡᠵᠦ᠂ ᠠᠵᠢᠯ ᠤᠨ ᠠᠮᠵᠢᠯᠲᠠ ᠪᠦᠲᠦᠮᠵᠢ ᠪᠠᠨ ᠳᠡᠭᠡᠭᠰᠢᠯᠡᠭᠦᠯᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠪᠠᠶᠢᠴᠠᠭᠠᠬᠤ ᠬᠤᠷᠢᠶᠠᠨ ᠤ ᠰᠢᠨ᠎ᠡ ᠬᠠᠭᠤᠳᠠᠰᠤ ᠶᠢ ᠨᠡᠭᠡᠭᠡᠨ᠎ᠡ ᠭᠡᠵᠦ ᠢᠯᠡᠳᠬᠡᠵᠡᠭᠡᠪᠡ᠃

 

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro