ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠰᠤᠷᠭᠠᠭᠤᠯᠢ ᠶᠢᠨ ᠬᠦᠷᠢᠶᠡᠨ ᠦ ᠲᠤᠷᠤᠮᠵᠢᠯᠠᠯ ᠢ ᠰᠡᠷᠭᠡᠶᠢᠯᠡᠵᠦ ᠦᠰᠦᠨ ᠪᠣᠶᠢᠵᠢᠯᠲᠠ ᠶᠢᠨ ᠴᠡᠩᠭᠡᠯ ᠦᠨ ᠬᠦᠷᠢᠶᠡᠯᠡᠩ ᠢ ᠰᠠᠬᠢᠨ ᠬᠠᠮᠠᠭᠠᠯᠠᠨ᠎ᠠ

2024-07-02 13:25:35
ᠵᠣᠬᠢᠶᠠᠭᠴᠢ
ᠰᠢᠶᠤᠤ ᠷᠦᠩ

︱ ᠬᠢᠶ᠎ᠠ ᠪᠠᠭᠰᠢ ᠲᠣᠭᠣᠷᠢᠭ ᠤᠨ ᠪᠠᠶᠢᠴᠠᠭᠠᠬᠤ ᠬᠣᠷᠢᠢ᠎ᠠ  ᠬᠠᠥᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠦ ᠣᠷᠣᠭᠤᠯᠬᠤ ᠠᠵᠢᠯᠯᠠᠭ᠎ᠠ ᠥᠷᠨᠢᠭᠦᠯᠪᠡ

 

 

《 ᠰᠤᠷᠤᠭᠴᠢᠳ ᠡ ᠂ ᠰᠤᠷᠭᠠᠭᠤᠯᠢ  ᠶᠢᠨ ᠬᠦᠷᠢᠶᠡᠨ ᠦ ᠳᠣᠷᠣᠮᠵᠢᠯᠠᠯ  ᠢ ᠬᠦᠴᠦᠷᠬᠡᠭᠯᠡᠯ  ᠢᠶᠡᠷ ᠯᠡ ᠰᠢᠶᠳᠪᠦᠷᠢᠯᠡᠨ᠎ᠡ ᠤᠤ? 》 ᠣᠶᠢᠷ᠎ᠠ  ᠶᠢᠨ ᠬᠤᠭᠤᠴᠠᠭᠠᠨ ᠳᠤ ᠡᠯ᠎ᠡ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ  ᠶᠢᠨ ᠬᠦᠷᠢᠶᠡᠨ ᠦ ᠳᠣᠷᠣᠮᠵᠢᠯᠠᠯ ᠤᠨ ᠬᠡᠷᠡᠭ ᠰᠣᠨᠢᠨ ᠮᠡᠳᠡᠭᠡᠨ ᠦ ᠬᠢᠨ ᠳᠦ ᠣᠯᠠᠨᠲᠠ ᠭᠠᠷᠴᠤ ᠂ ᠬᠠᠯᠠᠭᠤᠨ ᠵᠣᠭᠣᠭ ᠪᠣᠯᠪᠠ ᠃ ᠰᠤᠷᠤᠭᠴᠢᠳ ᠤᠨ ᠳᠣᠷᠣᠮᠵᠢᠯᠠᠯ ᠢ ᠡᠰᠡᠷᠭᠦᠴᠡᠬᠦ ᠤᠬᠠᠮᠰᠠᠷ ᠢ ᠴᠢᠩᠭᠠᠳᠬᠠᠵᠤ ᠂ ᠰᠤᠷᠤᠭᠴᠢᠳ ᠤᠨ ᠥᠪᠡᠷ ᠢ ᠪᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ ᠂ ᠰᠤᠷᠭᠠᠭᠤᠯᠢ ᠶᠢᠨ ᠬᠦᠷᠢᠶᠡᠨ ᠦ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ ᠂ ᠰᠤᠷᠤᠭᠴᠢᠳ ᠤᠨ ᠳᠣᠷᠣᠮᠵᠢᠯᠠᠯ ᠤᠨ ᠬᠡᠷᠡᠭ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠣᠷᠢᠭᠯᠠᠬᠤ ᠶᠢᠨ ᠲᠥᠯᠥᠭᠡ ᠂ 4 ᠰᠠᠷ᠎ᠠ ᠶᠢᠨ 17 ᠤ ᠡᠳᠦᠷ ᠂ ᠬᠢᠶ᠎ᠠ ᠪᠠᠭᠰᠢ ᠲᠣᠭᠣᠷᠢᠭ ᠤᠨ ᠵᠢᠷᠭᠤᠳᠤᠭᠠᠷ ᠪᠠᠭ᠎ᠠ ᠰᠤᠷᠭᠠᠭᠤᠯᠢ ᠶᠢᠨ ᠬᠠᠸᠯᠢ ᠪᠠᠷ ᠵᠠᠰᠠᠬᠤ ᠳᠡᠳ᠋ ᠵᠠᠬᠢᠷᠤᠯ ᠬᠢᠶ᠎ᠠ ᠪᠠᠭᠰᠢ ᠲᠣᠭᠣᠷᠢᠭ ᠤᠨ ᠪᠠᠶᠢᠴᠠᠭᠠᠬᠤ ᠬᠣᠷᠢᠶᠠᠨ ᠤ ᠨᠢᠭᠡᠳᠦᠭᠡᠷ ᠪᠠᠶᠢᠴᠠᠭᠠᠬᠤ ᠬᠡᠯᠲᠡᠰ ᠦᠨ  ᠪᠠᠶᠢᠴᠠᠭᠠᠬᠤ  ᠲᠣᠰᠢᠶᠠᠯᠲᠠᠨ  ᠸᠠᠩ ᠾᠧᠩ ᠵᠢᠣᠸᠠᠨ ᠰᠤᠷᠭᠠᠭᠤᠯᠢ ᠶᠢᠨ ᠬᠦᠷᠢᠶᠡᠨ ᠳᠦ ᠬᠦᠷᠴᠦ ᠂ ᠲᠤᠰᠬᠠᠶ ᠰᠡᠳᠦᠪᠲᠦ ᠲᠠᠶᠢᠯᠤᠮᠵᠢ ᠬᠢᠪᠠ ᠃

 

  

ᠲᠠᠶᠢᠯᠤᠮᠵᠢ ᠳᠤ ᠂ ᠪᠠᠶᠢᠴᠠᠭᠠᠬᠤ  ᠲᠣᠰᠢᠶᠠᠯᠲᠠᠨ  ᠰᠤᠷᠭᠠᠭᠤᠯᠢ ᠶᠢᠨ ᠬᠦᠷᠢᠶᠡᠨ ᠦ ᠳᠣᠷᠣᠮᠵᠢᠯᠠᠯ ᠤᠨ ᠠᠰᠠᠭᠤᠳᠠᠯ ᠢ ᠬᠡᠦᠬᠡᠳ ᠦᠨ ᠡᠳᠦᠷ ᠲᠤᠲᠤᠮ ᠤᠨ ᠠᠮᠢᠳᠤᠷᠠᠯ ᠲᠠᠶ ᠤᠶᠠᠯᠳᠤᠭᠤᠯᠵᠤ ᠂ ᠰᠤᠷᠤᠭᠴᠢᠳ ᠲᠤ ᠶᠠᠭᠤ ᠶᠢ ᠰᠤᠷᠭᠠᠭᠤᠯᠢ ᠶᠢᠨ ᠬᠦᠷᠢᠶᠡᠨ ᠦ ᠲᠤᠷᠤᠮᠵᠢᠯᠠᠯ ᠭᠡᠬᠦ᠂ ᠰᠤᠷᠭᠠᠭᠤᠯᠢ ᠶᠢᠨ ᠬᠦᠷᠢᠶᠡᠨ ᠦ ᠲᠤᠷᠤᠮᠵᠢᠯᠠᠯ ᠤᠨ ᠢᠯᠡᠷᠡᠯ᠂ ᠰᠤᠷᠭᠠᠭᠤᠯᠢ ᠶᠢᠨ ᠬᠦᠷᠢᠶᠡᠨ ᠦ ᠲᠤᠷᠤᠮᠵᠢᠯᠠᠯ ᠤᠨ ᠣᠨᠴᠠᠯᠢᠭ ᠢ ᠠᠮᠢᠳᠤᠯᠢᠭ ᠳᠦᠷᠰᠦᠯᠢᠭ ᠢᠶᠡᠷ ᠲᠠᠶᠢᠯᠪᠤᠷᠢᠯᠠᠨ ᠥᠭᠴᠦ᠂ ᠡᠳᠦᠷ ᠲᠤᠳᠤᠮ ᠤᠨ ᠰᠤᠷᠤᠯᠴᠠᠯᠭ᠎ᠠ ᠪᠠ ᠠᠮᠢᠳᠤᠷᠠᠯ ᠤᠨ ᠳᠤᠮᠳᠠ ᠰᠤᠷᠭᠠᠭᠤᠯᠢ ᠶᠢᠨ ᠬᠦᠷᠢᠶᠡᠨ ᠦ ᠲᠤᠷᠤᠮᠵᠢᠯᠠᠯ ᠢ ᠬᠡᠷᠬᠢᠨ ᠰᠡᠷᠭᠡᠶᠢᠯᠡᠬᠦ᠂ ᠠᠶᠤᠯ ᠲᠦᠭᠰᠢᠭᠦᠷᠢ ᠲᠤᠯᠭᠠᠷᠠᠪᠠᠯ ᠥᠪᠡᠷ ᠢ ᠪᠡᠨ ᠬᠡᠷᠬᠢᠨ ᠬᠠᠮᠠᠭᠠᠯᠠᠬᠤ ᠵᠡᠷᠭᠡ ᠶᠢ ᠪᠣᠳᠠᠲᠠᠢ ᠪᠥᠭᠡᠳ ᠨᠠᠷᠢᠨ ᠪᠣᠳᠠᠲᠠᠢ ᠸᠢᠳᠢᠣ᠋ ᠶᠢᠨ ᠵᠢᠱᠢᠢ᠎ᠡ ᠨᠦᠭᠦᠳ ᠢᠶᠡᠷ ᠰᠤᠷᠤᠭᠴᠢᠳ ᠲᠤ ᠬᠡᠯᠡᠵᠦ ᠥᠭᠪᠡ᠃ ᠰᠤᠷᠤᠭᠴᠢᠳ ᠲᠤ ᠡᠩ ᠦᠨ ᠦᠶ᠎ᠡ ᠳᠦ ᠥᠪᠡᠷ ᠦᠨ ᠦᠶᠯᠡ ᠠᠵᠢᠯᠯᠠᠭ᠎ᠠ ᠪᠠᠨ ᠳᠦᠷᠢᠮᠵᠢᠭᠦᠯᠵᠦ ᠂ ︽ ᠮᠠᠭᠤ ᠶᠠᠪᠤᠳᠠᠯ  ᠢ ᠪᠠᠭ᠎ᠠ ᠬᠡᠮᠡᠨ ᠬᠢᠵᠦ ᠪᠣᠯᠬᠤ ᠥᠬᠡᠶ ᠂  ᠰᠠᠶᠢᠨ ᠶᠠᠪᠤᠳᠠᠯ  ᠢ ᠪᠠᠭ᠎ᠠ ᠬᠡᠮᠡᠨ ᠬᠢᠬᠦ ᠥᠬᠡᠶ ᠪᠠᠶᠢᠵᠤ ᠪᠣᠯᠬᠤ ᠥᠬᠡᠶ ︾ ᠭᠡᠵᠦ  ᠰᠠᠨᠠᠭᠤᠯᠪᠠ᠃ ᠲᠤᠬᠠᠶ ᠶᠢᠨ ᠲᠠᠯᠠᠪᠠᠶ ᠶᠢᠨ ᠰᠤᠷᠤᠭᠴᠢᠳ ᠢᠳᠡᠪᠬᠢᠲᠡᠶ ᠣᠷᠣᠯᠴᠠᠵᠤ ᠂ ᠮᠠᠰᠢ ᠰᠠᠶᠢᠨ ᠦᠷ᠎ᠡ ᠪᠦᠲᠦᠮᠵᠢ ᠣᠯᠵᠠᠶ ᠃  

  

  

  

ᠲᠣᠰ ᠤᠳᠠᠭᠠᠨ ᠤ ᠠᠵᠢᠯᠯᠠᠭ᠎ᠠ ᠳᠤ ᠰᠤᠷᠤᠭᠴᠢᠳ ᠬᠠᠸᠯᠢ ᠪᠠᠷ ᠵᠠᠰᠠᠬᠤ ᠤᠬᠠᠮᠰᠠᠷ ᠢ ᠪᠦᠲᠦᠮᠵᠢᠲᠡᠶ ᠪᠣᠶ ᠪᠣᠯᠭᠠᠵᠤ ᠂ ᠬᠠᠸᠯᠢ ᠪᠠᠷ ᠵᠠᠰᠠᠬᠤ ᠰᠡᠳᠬᠢᠬᠦᠶ ᠶᠢ ᠬᠥᠮᠦᠵᠢᠭᠦᠯᠦᠨ ᠂ ᠬᠠᠸᠯᠢ ᠴᠠᠭᠠᠵᠠ ᠪᠠᠷ ᠥᠪᠡᠷ ᠦᠨ ᠬᠠᠸᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠰᠤᠷᠴᠤ ᠂ ᠥᠪᠡᠷ ᠢ ᠪᠡᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ ᠂ ᠬᠠᠸᠯᠢ ᠪᠤᠰᠤ ᠬᠠᠯᠳᠠᠯᠭ᠎ᠠ ᠳᠤ ᠤᠴᠠᠷᠠᠬᠤ  ᠠᠴᠠ  ᠵᠠᠶᠢᠯᠠᠰᠬᠢᠪᠠ ᠃ ᠲᠠᠷᠠᠭᠠᠴᠢ ᠶᠢᠨ ᠠᠯᠬᠤᠮ ᠳᠤ ᠂ ᠬᠢᠶ᠎ᠠ ᠪᠠᠭᠰᠢ ᠲᠣᠭᠣᠷᠢᠭ ᠤᠨ ᠪᠠᠶᠢᠴᠠᠭᠠᠬᠤ ᠬᠣᠷᠢᠶ᠎ᠠ ᠪᠠᠶᠢᠴᠠᠭᠠᠬᠤ ᠡᠭᠦᠷᠭᠡ ᠴᠢᠳᠠᠪᠤᠷᠢ ᠪᠠᠨ ᠦᠷᠭᠦᠯᠵᠢᠯᠡᠨ ᠪᠠᠳᠠᠷᠠᠭᠤᠯᠵᠤ ᠂ ᠬᠠᠸᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠦ ᠣᠷᠣᠭᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ ᠬᠥᠭᠵᠢᠭᠦᠯᠵᠦ ᠂ ᠰᠤᠷᠭᠠᠭᠤᠯᠢ  ᠪᠦᠲᠦᠭᠡᠨ ᠪᠠᠶᠢᠭᠤᠯᠤᠯᠲᠠ ᠲᠠᠢ ᠬᠠᠮᠲᠤ ᠪᠠᠷ ᠪᠠᠶᠢᠭᠤᠯᠬᠤ ᠶᠢ ᠭᠦᠨᠵᠡᠭᠡᠶᠢᠷᠡᠭᠦᠯᠦᠨ ᠂ ᠬᠠᠸᠯᠢ ᠪᠠᠷ ᠵᠠᠰᠠᠬᠤ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ ᠂ ᠬᠠᠸᠯᠢ ᠪᠠᠷ ᠵᠠᠰᠠᠬᠤ ᠬᠡᠷᠡᠯ ᠭᠢᠯᠪᠠᠭ᠎ᠠ ᠪᠠᠷ ᠨᠠᠰᠤᠨ ᠳᠤ ᠥᠯᠥ ᠭᠦᠷᠦᠭᠰᠡᠳ ᠦᠨ ᠡᠷᠡᠭᠦᠯ ᠢᠶᠡᠷ ᠦᠰᠦᠨ ᠪᠣᠶᠢᠵᠢᠬᠤ ᠶᠢ ᠬᠠᠮᠠᠭᠠᠯᠠᠨ᠎ᠠ ᠃

 

ᠢᠷᠡᠯᠲᠡ
ᠬᠢᠶ᠎ᠠ ᠪᠠᠭᠰᠢ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠢ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro