ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠰᠤᠶᠤᠯ ᠵᠢᠭᠤᠯᠴᠢᠯᠠᠯ ᠤᠨ ᠨᠠᠶᠢᠷ ᠢᠶᠠᠷ ᠬᠠᠥᠯᠢ ᠲᠦᠬᠡᠮᠡᠯᠵᠢᠬᠦᠯᠵᠦ ᠬᠠᠥᠯᠢ ᠪᠠᠷ ᠵᠠᠰᠠᠬᠤ ᠲᠠᠭᠤ ᠬᠤᠭᠤᠯᠠᠢ ᠶᠢ ᠲᠠᠮᠵᠢᠭᠤᠯᠤᠭᠰᠠᠨ ᠨᠢ

2024-07-11 11:10:00
ᠵᠣᠬᠢᠶᠠᠭᠴᠢ
ᠰᠠᠷᠠᠨ᠎ᠠ


    2024 ᠤᠨ ᠤ ᠤᠪᠤᠭᠠᠳᠦ ᠲᠠᠯ᠎ᠠ ᠨᠤᠳᠤᠭ ᠤᠨ ᠰᠤᠶᠤᠯ ᠵᠢᠭᠤᠴᠢᠯᠠᠯ ᠤᠨ ᠨᠠᠶᠢᠷ ᠬᠦᠷᠴᠦ ᠢᠷᠡᠬᠦ ᠶᠢ ᠲᠠᠭᠠᠯᠳᠤᠨ᠂ ᠵᠦᠸᠧᠽᠢ ᠰᠢᠶᠠᠨ ᠤ ᠪᠠᠶᠢᠴᠠᠭᠠᠬᠤ ᠬᠤᠷᠢᠶ᠎ᠠ ᠶᠢᠨ ᠬᠠᠥᠯᠢ ᠲᠦᠬᠡᠮᠡᠯᠵᠢᠬᠦᠯᠦᠭᠴᠢ ᠦᠷᠬᠡᠨ ᠠᠭᠤᠳᠠᠮ ᠬᠤᠩ ᠱᠢ ᠶᠠ ᠶᠢᠨ ᠲᠦᠮᠡᠨ ᠮᠤ᠋ ᠠᠭᠤᠯᠠᠨ ᠭᠠᠵᠠᠷ ᠤᠨ ᠲᠠᠯ᠎ᠠ ᠨᠤᠳᠤᠭ ᠲᠤ ᠬᠦᠷᠴᠦ ᠬᠠᠥᠯᠢ ᠲᠦᠬᠡᠮᠡᠯᠵᠢᠬᠦᠯᠬᠦ ᠠᠵᠢᠯᠯᠠᠭ᠎ᠠ ᠦᠷᠨᠢᠬᠦᠯᠵᠡᠢ᠃
   

 

    ︽ᠵᠢᠭᠤᠯᠴᠢᠯᠠᠯ ᠤᠨᠵᠠᠭᠤᠷᠠᠯᠳᠤᠭᠠᠨ ᠭᠠᠷᠪᠠᠯ ᠬᠡᠷᠬᠢᠨ ᠰᠢᠢᠳᠪᠦᠷᠢᠯᠡᠬᠦ ᠪᠤᠢ︖︾ ︽ᠵᠢᠭᠤᠯᠴᠢᠯᠠᠬᠤ ᠳᠤ ᠪᠠᠨ ᠮᠡᠬᠡᠯᠡᠯ ᠠᠴᠠ ᠬᠡᠷᠬᠢᠨ ᠰᠡᠷᠬᠡᠶᠢᠯᠡᠬᠦ ᠪᠤᠢ︖︾ ︽ᠵᠢᠭᠤᠯᠴᠢᠯᠠᠬᠤ ᠳᠤ ᠪᠠᠨ ᠬᠡᠨᠡᠳᠳᠡ ᠶᠢᠨ ᠶᠠᠪᠤᠳᠠᠯ ᠭᠠᠷᠪᠠᠯ ᠬᠡᠷᠬᠢᠨ ᠰᠢᠢᠳᠪᠦᠷᠢᠯᠡᠬᠦ ᠪᠤᠢ︖︾… ᠬᠡᠬᠦ ᠵᠡᠷᠬᠡ ᠶᠢᠨ ᠠᠰᠠᠭᠤᠳᠠᠯ ᠤᠨ ᠲᠤᠭᠤᠷᠢᠨ ᠳᠤ ᠬᠠᠥᠯᠢ ᠲᠦᠬᠡᠮᠡᠯᠵᠢᠬᠦᠯᠦᠭᠴᠢ ᠠᠴᠠ ᠤᠨᠤᠪᠴᠢᠳᠡᠢ ᠲᠠᠶᠢᠯᠪᠤᠷᠢ  ᠬᠠᠩᠭᠠᠪᠠ᠃ ᠬᠠᠥᠯᠢ ᠲᠦᠬᠡᠮᠡᠯᠵᠢᠬᠦᠯᠦᠭᠴᠢ ᠠᠴᠠ ᠬᠠᠥᠯᠢ ᠴᠠᠭᠠᠵᠠ ᠶᠢᠨ ᠬᠠᠮᠢᠶᠡᠳᠡᠢ ᠮᠡᠳᠡᠯᠬᠡ ᠮᠡᠳᠡᠴᠡ ᠶᠢ ᠲᠦᠬᠡᠮᠡᠯᠵᠢᠬᠦᠯᠬᠦ ᠶᠢᠨ ᠬᠠᠮᠳᠦ ᠵᠢᠭᠤᠯᠴᠢᠯᠠᠭᠴᠢ ᠳᠤ ᠤᠬᠠᠭᠤᠯᠭ᠎ᠠ ᠶᠢᠨ ᠬᠠᠭᠤᠳᠠᠰᠦ ᠲᠠᠷᠬᠠᠭᠠᠵᠦ᠂ ᠢᠷᠬᠡᠨ ᠤ ᠬᠡᠷᠡᠭ ᠤᠨ ᠪᠠᠶᠢᠴᠠᠭᠠᠬᠤ᠂ ᠵᠠᠰᠠᠭ ᠵᠠᠬᠢᠷᠭᠠᠨ ᠤ ᠬᠡᠷᠡᠭ ᠤᠨ ᠪᠠᠶᠢᠴᠠᠭᠠᠬᠤ᠂ ︽ᠢᠷᠬᠡᠨ ᠤ ᠬᠠᠥᠯᠢ ᠶᠢᠨ ᠪᠢᠴᠢᠭ︾ ᠵᠡᠷᠬᠡ ᠵᠢᠭᠤᠯᠴᠢᠯᠠᠯ ᠲᠠᠢ ᠬᠠᠮᠢᠶ᠎ᠠ ᠪᠦᠬᠦᠢ ᠬᠠᠥᠯᠢ ᠴᠠᠭᠠᠵᠠ᠂ ᠲᠦᠷᠢᠮ ᠲᠤᠭᠳᠠᠭᠠᠯ᠂ ᠮᠡᠳᠡᠯᠬᠡ ᠶᠢ ᠲᠦᠬᠡᠮᠡᠯᠵᠢᠬᠦᠯᠵᠦ᠂ ︽ᠢᠷᠬᠡᠨ ᠤ ᠬᠠᠥᠯᠢ ᠶᠢᠨ ᠪᠢᠴᠢᠭ︾ ᠤᠨ ᠬᠤᠪᠢ ᠪᠡᠶ᠎ᠡ ᠶᠢᠨ ᠡᠷᠬᠡ ᠠᠰᠢᠭ ᠢ ᠬᠠᠮᠠᠭᠠᠯᠠᠬᠤ ᠲᠠᠢ ᠬᠠᠮᠢᠶᠠᠳᠠᠭᠰᠠᠨ ᠠᠭᠤᠯᠭ᠎ᠠ ᠶᠢ ᠭᠤᠤᠯᠴᠢᠯᠠᠨ ᠲᠠᠶᠢᠯᠪᠤᠷᠢᠯᠠᠵᠦ᠂ ᠵᠢᠭᠤᠯᠴᠢᠯᠠᠭᠴᠢ ᠳᠤ ᠬᠠᠨᠳᠤᠨ ᠬᠠᠥᠯᠢ ᠴᠠᠭᠠᠵᠠ ᠶᠢᠨ ᠵᠦᠪᠯᠡᠯᠬᠡ ᠦᠭᠭᠦ ᠵᠡᠷᠬᠡ ᠤᠶᠢᠯᠡᠴᠢᠯᠡᠭᠡ ᠬᠠᠩᠭᠠᠵᠦ᠂ ᠵᠢᠭᠤᠯᠴᠢᠯᠠᠭᠴᠢ ᠳᠤ ᠬᠠᠥᠯᠢ ᠴᠠᠭᠠᠵᠠ  ᠲᠡᠳᠡᠨ ᠤ ᠲᠡᠷᠬᠡᠳᠡ ᠪᠠᠶᠢᠬᠤ ᠶᠢ ᠮᠡᠳᠡᠷᠡᠬᠦᠯᠵᠦ᠂ ᠦᠷᠬᠡᠨ ᠤᠯᠠᠨ ᠵᠢᠭᠤᠯᠴᠢᠯᠠᠭᠰᠠᠳ ᠢ ᠬᠠᠥᠯᠢ ᠰᠠᠬᠢᠯᠭ᠎ᠠ ᠶᠢ ᠵᠢᠷᠤᠮᠯᠠᠨ᠂ ᠪᠤᠯᠪᠠᠰᠤᠨ ᠢᠶᠠᠷ ᠵᠤᠭᠠᠴᠠᠬᠤ ᠶᠢ ᠤᠬᠠᠭᠤᠯᠵᠦ᠂ ᠬᠠᠥᠯᠢ ᠲᠦᠬᠡᠮᠡᠯᠵᠢᠬᠦᠯᠬᠦ ᠠᠵᠢᠯᠯᠭ᠎ᠠ ᠶᠢ ᠵᠢᠭᠤᠯᠴᠢᠯᠠᠯ ᠤᠨ ᠤᠷᠤᠨ ᠳᠤ ᠦᠷᠨᠢᠬᠦᠯᠵᠦ᠂ ᠲᠠᠯ᠎ᠠ ᠨᠤᠳᠤᠭ ᠤᠨ ᠡᠯ᠎ᠡ ᠦᠨᠳᠦᠰᠦᠳᠡᠨ ᠤ ᠪᠦᠯᠬᠦᠮᠳᠡᠯ ᠢ ᠠᠬᠢᠭᠤᠯᠵᠠᠢ᠃
    ᠵᠢᠭᠤᠯᠴᠢᠯᠠᠭᠴᠢᠳ ︽ᠲᠠᠶᠢᠯᠪᠤᠷᠢᠯᠠᠨ ᠶᠠᠷᠢᠭᠰᠠᠨ ᠨᠢ ᠦᠨᠡᠨ ᠰᠠᠶᠢᠬᠠᠨ ᠪᠠᠶᠢᠨ᠎ᠠ᠂ ᠡᠬᠦᠨ ᠠᠴᠠ ᠬᠤᠶᠢᠰᠢ ᠪᠢᠳᠡ ᠬᠠᠥᠯᠢ ᠴᠠᠭᠠᠵᠠ ᠶᠢ ᠵᠢᠷᠤᠮᠯᠡᠨ ᠲᠠᠭᠠᠵᠦ ᠮᠦᠨ ᠰᠠᠶᠢᠳᠤᠷ ᠬᠡᠷᠡᠭᠯᠡᠨ᠎ᠡ︾ ᠬᠡᠵᠢᠬᠡᠵᠡᠢ᠃
    ᠬᠠᠥᠯᠢ ᠲᠦᠬᠡᠮᠡᠯᠵᠢᠬᠦᠯᠦᠭᠴᠢ ᠬᠤᠳᠠᠯᠳᠤᠭ᠎ᠠ ᠡᠷᠬᠢᠯᠡᠭᠴᠢ ᠶᠢᠨ ᠳᠤ ᠬᠦᠷᠴᠦ᠂ ᠤᠯᠠᠮ ᠨᠢᠬᠡ ᠠᠯᠬᠤᠮ ᠬᠦᠨᠵᠡᠬᠡᠶᠢᠷᠡᠨ ᠬᠤᠳᠠᠯᠳᠤᠭ᠎ᠠ ᠡᠷᠬᠢᠯᠡᠭᠴᠢ ᠶᠢᠨ ᠡᠵᠡᠩᠨᠡᠯᠳᠡ ᠳᠤ ᠤᠷᠤᠰᠢᠵᠦ ᠪᠠᠶᠢᠭ᠎ᠠ ᠠᠰᠠᠭᠤᠳᠠᠯ ᠪᠠ ᠬᠦᠴᠢᠷᠳᠡᠯ ᠢ ᠤᠶᠢᠯᠠᠭᠠᠨ᠂ ᠡᠵᠡᠩᠨᠡᠯᠳᠡ ᠶᠢᠨ ᠬᠠᠮᠢᠶᠠᠳᠡᠢ ᠬᠠᠥᠯᠢ ᠴᠠᠭᠠᠵᠠ ᠶᠢᠨ ᠵᠤᠶᠢᠯ ᠵᠤᠷᠪᠤᠰ ᠢ ᠲᠠᠶᠢᠯᠪᠤᠷᠢᠯᠠᠵᠦ᠂ ᠡᠵᠡᠩᠨᠡᠯᠳᠡ ᠶᠢᠨ ᠬᠠᠮᠢᠶ᠎ᠠ ᠪᠦᠬᠦᠢ ᠬᠠᠥᠯᠢ ᠴᠠᠭᠠᠵᠠ ᠳᠠᠬᠢ ᠤᠶᠢᠯᠠᠭᠠᠯᠳᠠ ᠶᠢ ᠬᠦᠨᠵᠡᠬᠡᠶᠢᠷᠡᠬᠦᠯᠵᠦ᠂ ᠲᠦᠷᠢᠮᠵᠢᠬᠦᠨ ᠡᠵᠡᠩᠨᠡᠬᠦ ᠤᠬᠠᠮᠰᠠᠷ ᠪᠠ ᠬᠠᠥᠯᠢ ᠪᠠᠷ ᠡᠷᠬᠡ ᠠᠰᠢᠭ ᠢᠶᠠᠨ ᠬᠠᠮᠠᠭᠠᠯᠠᠬᠤ ᠴᠢᠳᠠᠪᠤᠷᠢ ᠶᠢ ᠲᠡᠭᠡᠭᠰᠢᠯᠡᠬᠦᠯᠵᠡᠢ᠃
   

 

       ᠲᠤᠰ ᠤᠳᠠᠭᠠᠨ ᠤ ᠬᠦᠳᠡᠯᠬᠡᠬᠡᠨ ᠨᠢ ᠵᠢᠭᠤᠯᠴᠢᠯᠠᠯ ᠪᠠ ᠬᠠᠥᠯᠢ ᠲᠦᠬᠡᠮᠡᠯᠵᠢᠬᠦᠯᠬᠦ ᠶᠢ ᠤᠷᠭᠠᠨᠢᠭ ᠢᠶᠠᠷ ᠤᠶᠠᠯᠳᠤᠭᠤᠯᠤᠨ᠂ ᠬᠠᠥᠯᠢ ᠲᠦᠬᠡᠮᠡᠯᠵᠢᠬᠦᠯᠬᠦ ᠠᠵᠢᠯᠯᠠᠭ᠎ᠠ ᠶᠢ ᠤᠪᠤᠭᠠᠳᠦ ᠲᠠᠯ᠎ᠠ ᠨᠤᠳᠤᠭ ᠤᠨ ᠰᠤᠶᠤᠯ ᠵᠢᠭᠤᠯᠴᠢᠯᠠᠯ ᠤᠨ ᠨᠠᠶᠢᠷ ᠲᠤ ᠶᠠᠪᠤᠭᠳᠠᠭᠤᠯᠵᠦ᠂ ᠬᠠᠥᠯᠢ ᠴᠠᠭᠠᠵᠠ ᠶᠢᠨ ᠤᠶᠢᠯᠡᠴᠢᠯᠡᠭᠡ ᠶᠢ ᠵᠢᠭᠤᠯᠴᠢᠯᠠᠯ ᠤᠨ ᠤᠷᠤᠨ ᠵᠢᠴᠢ ᠵᠤᠭᠠᠴᠠᠯ ᠤᠨ ᠲᠤᠬᠠᠢ ᠶᠢᠨ ᠲᠠᠯᠠᠪᠤᠷ ᠲᠤ ᠬᠦᠷᠬᠡᠵᠦ ᠲᠡᠶᠢᠯᠵᠡᠢ᠃
    ᠲᠠᠷᠠᠭᠠᠴᠢ ᠶᠢᠨ ᠠᠯᠬᠤᠮ ᠳᠤ᠂ ᠵᠦᠸᠧᠽᠢ ᠰᠢᠶᠠᠨ ᠤ ᠪᠠᠶᠢᠴᠠᠭᠠᠬᠤ ᠬᠤᠷᠢᠶ᠎ᠠ ᠪᠠᠶᠢᠴᠠᠭᠠᠬᠤ ᠡᠬᠦᠷᠬᠡ ᠲᠤᠰᠢᠶᠠᠯ ᠳᠤ ᠪᠠᠨ ᠰᠠᠭᠤᠷᠢᠯᠠᠨ ︽ᠠᠷᠠᠳ ᠤᠨ ᠠᠮᠢᠳᠤᠷᠠᠯ ᠢ ᠬᠠᠮᠠᠭᠠᠯᠠᠬᠤ︾ ᠲᠤᠰᠬᠠᠢ ᠬᠦᠳᠡᠯᠬᠡᠬᠡᠨ ᠲᠠᠢ ᠤᠶᠠᠯᠳᠤᠭᠤᠯᠤᠨ᠂ ᠡᠯ᠎ᠡ ᠲᠦᠷᠦᠯ ᠤᠨ ᠬᠠᠥᠯᠢ ᠲᠦᠬᠡᠮᠡᠯᠵᠢᠬᠦᠯᠬᠦ ᠠᠵᠢᠯᠯᠠᠭ᠎ᠠ ᠶᠢ ᠦᠷᠬᠦᠯᠵᠢ ᠶᠢᠨ ᠴᠢᠨᠠᠷᠳᠡᠢ ᠦᠷᠨᠢᠬᠦᠯᠵᠦ᠂ ᠬᠠᠥᠯᠢ ᠪᠠᠷ ᠵᠠᠰᠠᠬᠤ ᠪᠠ ᠦᠨᠳᠦᠰᠦᠳᠡᠨ ᠤ ᠪᠦᠯᠬᠦᠮᠳᠡᠯ ᠢ ᠬᠠᠮᠳᠤᠪᠡᠷ ᠠᠬᠢᠭᠤᠯᠵᠦ᠂ ᠵᠦᠸᠧᠽᠢ ᠰᠢᠶᠠᠨ ᠤ ᠵᠢᠭᠤᠯᠴᠢᠯᠠᠯ ᠤᠨ ᠬᠦᠭᠵᠢᠯᠳᠡ ᠳᠤ ᠴᠢᠩᠭ᠎ᠠ ᠬᠦᠴᠦᠳᠡᠢ ᠬᠠᠥᠯᠢ ᠪᠠᠷ ᠵᠠᠰᠠᠬᠤ ᠪᠠᠳᠤᠯᠠᠭ᠎ᠠ ᠬᠠᠩᠭᠠᠨ᠎ᠠ᠃
   

ᠢᠷᠡᠯᠲᠡ
ᠤᠯᠠᠭᠠᠨᠴᠠᠪ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro