ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠵᠠᠰᠠᠭ ᠵᠠᠬᠢᠷᠭᠠᠨ ᠤ ᠪᠠᠶᠢᠴᠠᠭᠠᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ

2024-07-11 11:21:08
ᠵᠣᠬᠢᠶᠠᠭᠴᠢ
ᠶᠢᠷᠲᠢᠨᠴᠦ

ᠵᠠᠰᠠᠭ ᠵᠠᠬᠢᠷᠭᠠᠨ ᠤ ᠪᠠᠶᠢᠴᠠᠭᠠᠬᠤ ᠬᠢᠨᠠᠯᠲᠠ ᠶᠢ ᠪᠦᠬᠦ  ᠲᠠᠯ᠎ᠠ ᠪᠠᠷ ᠭᠦᠨᠵᠡᠭᠡᠢᠷᠡᠭᠦᠯᠵᠦ ᠠᠷᠠᠳ ᠤᠨ ᠠᠮᠢᠳᠤᠷᠠᠯ ᠠᠷᠠᠳ ᠤᠨ ᠠᠰᠢᠭ ᠲᠤᠰᠠ ᠶᠢ ᠬᠠᠤᠯᠢ ᠶᠣᠰᠣᠭᠠᠷ ᠬᠠᠮᠠᠭᠠᠯᠠᠨ᠎ᠠ ----  ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠵᠠᠰᠠᠭ ᠵᠠᠬᠢᠷᠭᠠᠨ ᠤ ᠪᠠᠶᠢᠴᠠᠭᠠᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ

 

 

ᠣᠶᠢᠷ᠎ᠠ ᠳᠤ ᠂ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ︽ᠵᠠᠰᠠᠭ ᠵᠠᠬᠢᠷᠭᠠᠨ ᠤ ᠪᠠᠶᠢᠴᠠᠭᠠᠬᠤ ᠬᠢᠨᠠᠯᠲᠠ ᠶᠢ ᠪᠥᠬᠥ ᠲᠠᠯ᠎ᠠ ᠪᠠᠷ ᠭᠦᠨᠵᠡᠭᠡᠶᠢᠷᠡᠭᠦᠯᠵᠦ ᠂ ᠠᠷᠠᠳ ᠤᠨ ᠠᠮᠢᠳᠤᠷᠠᠯ ᠠᠷᠠᠳ ᠤᠨ ᠠᠰᠢᠭ ᠲᠤᠰᠠ ᠶᠢ ᠬᠠᠸᠯᠢ ᠶᠣᠰᠣᠭᠠᠷ ᠬᠠᠮᠠᠭᠠᠯᠠᠬᠤ︾ ᠰᠣᠨᠢᠨ ᠮᠡᠳᠡᠭᠡ ᠨᠡᠶᠢᠲᠡᠯᠡᠬᠦ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ ᠃ ᠠᠷᠠᠳ ᠤᠨ ᠬᠠᠸᠯᠢ ᠪᠠᠷ ᠵᠠᠰᠠᠬᠤ ᠡᠳᠦᠷ ᠦᠨ ᠰᠣᠨᠢᠨ ᠂ ᠥᠪᠥᠷ ᠮᠣᠩᠭᠣᠯ ᠤᠨ ᠨᠡᠶᠢᠲᠡᠯᠡᠨ ᠲᠠᠷᠬᠠᠭᠠᠬᠤ ᠠᠯᠪᠠᠨ ᠬᠡᠷ ᠂ ᠬᠣᠰᠢᠭᠤᠨ ᠤ ᠬᠠᠮ ᠵᠠᠭᠤᠴᠢᠯᠠᠭᠤᠷ ᠤᠨ ᠲᠥᠪ ᠦᠨ ᠰᠤᠷᠪᠤᠯᠵᠢᠯᠠᠭᠴᠢ ᠵᠢᠴᠢ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠤᠨ ᠣᠨᠴᠠ ᠤᠷᠢᠭᠰᠠᠨ ᠪᠠᠶᠢᠴᠠᠭᠠᠬᠤ ᠲᠤᠰᠢᠶᠠᠯᠲᠠᠨ ᠤ ᠲᠤᠰᠠᠯᠠᠭᠴᠢ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠤᠷᠢᠯᠭ᠎ᠠ ᠪᠠᠷ ᠣᠷᠣᠯᠴᠠᠪᠠ ᠃ 

ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠂ ᠲᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠵᠣᠣ ᠬᠣᠶ ᠹᠠᠩ  ᠲᠤᠰ  ᠬᠣᠷᠢᠶᠠᠨ ᠤ ᠣᠶᠢᠷ᠎ᠠ ᠶᠢᠨ ᠭᠤᠷᠪᠠᠨ ᠵᠢᠯ ᠦᠨ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠂ ᠭᠣᠸᠯ ᠠᠷᠭ᠎ᠠ ᠬᠢᠳᠡᠯ ᠵᠢᠴᠢ ᠦᠷ᠎ᠡ ᠪᠦᠲᠦᠮᠵᠢ ᠶᠢ ᠮᠡᠳᠡᠭᠳᠡᠪᠡ ᠃ 2021 ᠣᠨ  ᠠᠴᠠ ᠨᠠᠰᠢ ᠂ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠵᠠᠰᠠᠭ ᠵᠠᠬᠢᠷᠭᠠᠨ ᠤ ᠵᠠᠷᠭᠤ ᠶᠢᠨ ᠪᠤᠰᠤ ᠭᠦᠶᠴᠡᠳᠬᠡᠯᠲᠡ ᠳᠦ ᠬᠢᠨᠠᠯᠲᠠ ᠲᠠᠯᠪᠢᠬᠤ ᠂ ᠵᠠᠰᠠᠭ  ᠵᠠᠬᠢᠷᠭ᠎ᠠ ᠡᠷᠡᠭᠦᠸ ᠶᠢ ᠡᠰᠡᠷᠭᠦ ᠴᠢᠭᠯᠡᠯ ᠢᠶᠡᠷ ᠵᠣᠯᠭᠠᠭᠤᠯᠬᠤ ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠲᠠᠶ ᠪᠠᠷ ᠨᠠᠮᠳᠠᠭᠤᠯᠬᠤ ᠵᠢᠴᠢ ᠡᠯ᠎ᠡ ᠲᠥᠷᠥᠯ ᠦᠨ ᠵᠠᠰᠠᠭ ᠵᠠᠬᠢᠷᠭᠠᠨ ᠤ ᠬᠠᠸᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠲᠤᠰᠬᠠᠶ ᠬᠢᠨᠠᠯᠲᠠ ᠲᠠᠯᠪᠢᠬᠤ ᠠᠵᠢᠯᠯᠠᠭ᠎ᠠ ᠳᠤ ᠲᠦᠰᠢᠭᠯᠡᠨ ᠂ ᠵᠠᠰᠠᠭ ᠵᠠᠬᠢᠷᠭᠠᠨ ᠤ ᠪᠠᠶᠢᠴᠠᠭᠠᠬᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠯᠠᠪᠳᠠᠭᠤᠨ ᠪᠠᠲᠤᠲᠠᠶ ᠭᠦᠶᠴᠡᠳᠬᠡᠵᠦ ᠂ ᠡᠯ᠎ᠡ ᠲᠥᠷᠥᠯ ᠦᠨ ᠵᠠᠰᠠᠭ ᠵᠠᠬᠢᠷᠭᠠᠨ ᠤ ᠪᠠᠶᠢᠴᠠᠭᠠᠬᠤ ᠬᠢᠨᠠᠯᠲᠠ ᠲᠠᠯᠪᠢᠬᠤ ᠬᠡᠷᠡᠭ ᠢ ᠨᠡᠶᠢᠲᠡ 198 ᠬᠤᠪᠢ ᠰᠢᠶᠳᠪᠦᠷᠢᠯᠡᠵᠡᠶ ᠃ ᠬᠣᠶᠠᠷ ᠢᠵᠢ ᠠᠵᠢᠯ ᠤᠨ ᠲᠤᠷᠰᠢᠯᠭ᠎ᠠ ᠶᠢ ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ᠳᠡᠯᠭᠡᠷᠡᠭᠦᠯᠦᠨ ᠨᠡᠶᠢᠲᠡᠯᠡᠵᠦ᠂ ᠨᠢᠭᠡᠨ ᠪᠠᠶᠢᠴᠠᠭᠠᠬᠤ ᠲᠤᠰᠢᠶᠠᠯᠲᠠᠨ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠤᠷᠤᠯᠳᠤᠭᠠᠨ ᠳᠦ ᠪᠦᠬᠦ ᠤᠯᠤᠰ ᠤᠨ ᠵᠠᠰᠠᠭ ᠵᠠᠬᠢᠷᠭᠠᠨ ᠤ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠦᠯᠢᠭᠡᠷ ᠳᠠᠭᠤᠷᠢᠶᠠᠯ ᠢᠶᠡᠷ ᠦᠨᠡᠯᠡᠭᠳᠡᠪᠡ᠃ 

 

 

ᠰᠤᠷᠪᠤᠯᠵᠢᠯᠠᠭᠴᠢ ᠶᠢᠨ ᠠᠰᠠᠭᠤᠯᠲᠠ ᠶᠢᠨ ᠭᠣᠭᠴᠣᠭ᠎ᠠ ᠳᠤ ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠪᠠᠶᠢᠴᠠᠭᠠᠬᠤ ᠳᠠᠷᠤᠭ᠎ᠠ ᠂ ᠪᠠᠶᠢᠴᠠᠭᠠᠬᠤ ᠺᠣᠮᠢᠰ ᠤᠨ ᠲᠤᠰᠬᠠᠶ ᠲᠤᠰᠢᠶᠠᠯᠲᠤ ᠭᠡᠰᠢᠭᠦᠨ ᠵᠢᠴᠢ ᠬᠣᠶᠠᠳᠤᠭᠠᠷ ᠪᠠᠶᠢᠴᠠᠭᠠᠬᠤ ᠬᠡᠯᠲᠡᠰ ᠦᠨ ᠡᠷᠬᠢᠯᠡᠭᠴᠢ ᠲᠣᠰ ᠲᠣᠰ ᠲᠤᠰ ᠬᠣᠷᠢᠶᠠᠨ ᠤ ᠵᠠᠰᠠᠭ ᠵᠠᠬᠢᠷᠭᠠᠨ ᠤ ᠪᠠᠶᠢᠴᠠᠭᠠᠬᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠭᠦᠶᠴᠡᠳᠬᠡᠬᠦ ᠶᠢᠨ ᠭᠣᠸᠯᠳᠠᠯᠭ᠎ᠠ ᠪᠠ ᠠᠷᠭ᠎ᠠ ᠮᠠᠶ᠋ᠢᠭ ᠂ ᠵᠠᠰᠠᠭ ᠵᠠᠬᠢᠷᠭᠠᠨ ᠤ ᠪᠠᠶᠢᠴᠠᠭᠠᠬᠤ ᠪᠠ ᠲᠣᠭᠠᠴᠢᠯᠠᠭᠰᠠᠨ ᠪᠠᠶᠢᠴᠠᠭᠠᠬᠤ ᠠᠵᠢᠯ ᠢ ᠬᠡᠷᠬᠢᠨ ᠣᠷᠭᠠᠨᠢᠭ ᠢᠶᠠᠷ ᠤᠶᠠᠯᠳᠤᠭᠤᠯᠬᠤ ᠵᠢᠴᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠸᠯᠢ ᠪᠠᠷ ᠵᠠᠰᠠᠬᠤ ᠪᠠᠶᠢᠭᠤᠯᠤᠯᠲᠠ ᠶᠢ ᠬᠡᠷᠬᠢᠨ ᠠᠬᠢᠭᠤᠯᠬᠤ ᠵᠡᠷᠭᠡ ᠲᠠᠯ᠎ᠠ ᠪᠠᠷ ᠨᠠᠷᠢᠨ ᠲᠣᠳᠣᠷᠬᠠᠶ ᠬᠠᠷᠢᠭᠣ ᠪᠠ ᠰᠣᠯᠢᠯᠴᠠᠭ᠎ᠠ ᠬᠢᠪᠠ ᠃ ᠬᠤᠷᠠᠯ ᠳᠤ ᠣᠷᠣᠯᠴᠠᠭᠰᠠᠳ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶᠠᠨ ᠤ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠡᠷ ᠦᠨᠡᠯᠡᠵᠦ ᠂ ᠤᠯᠠᠨ ᠢᠶᠠᠷ ᠢᠶᠠᠨ᠄ ᠪᠠᠶᠢᠴᠠᠭᠠᠬᠤ ᠪᠠᠶᠢᠭᠤᠯᠭ᠎ᠠ ᠶᠢᠨ ᠬᠢᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠴᠢᠳᠠᠮᠠᠭᠠᠢ ᠭᠦᠢᠴᠡᠳᠬᠡᠵᠦ᠂ ᠵᠠᠰᠠᠭ ᠵᠠᠬᠢᠷᠭᠠᠨ ᠤ ᠪᠠᠶᠢᠴᠠᠭᠠᠬᠤ ᠬᠢᠨᠠᠯᠲᠠ ᠲᠠᠯᠪᠢᠬᠣ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠢ ᠠᠷᠠᠳ ᠲᠦᠮᠡᠨ ᠲᠡᠶ ᠬᠠᠮᠲᠤ ᠶᠠᠪᠤᠭᠳᠠᠭᠤᠯᠬᠤ᠂ ᠠᠷᠠᠳ ᠲᠦᠮᠡᠨ ᠵᠥᠭ ᠴᠢᠭᠯᠡᠬᠦ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠪᠡᠷ ᠠᠵᠤ ᠠᠬᠤᠢ ᠨᠡᠶᠢᠭᠡᠮ ᠦᠨ ᠴᠢᠨᠠᠷ ᠰᠠᠶᠢᠲᠠᠢ ᠬᠥᠭᠵᠢᠯᠲᠡ ᠳᠦ ᠦᠢᠯᠡᠴᠢᠯᠡᠬᠦ ᠶᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠯᠠᠳ ᠬᠣᠰᠢᠭᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠳᠦ ᠪᠠᠶᠢᠴᠠᠭᠠᠬᠤ ᠬᠦᠴᠦᠨ ᠢᠶᠡᠨ ᠡᠷᠭᠦᠵᠡᠢ ᠭᠡᠪᠡ᠃ 

ᠳᠠᠷᠠᠭᠠᠴᠢ ᠶᠢᠨ ᠠᠯᠬᠤᠮ ᠳᠤ ᠂ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠪᠦᠬᠦ ᠤᠯᠤᠰ ᠂ ᠪᠦᠬᠦ ᠣᠷᠣᠨ ᠂ ᠪᠦᠬᠦ ᠬᠣᠲᠠ ᠶᠢᠨ ᠪᠠᠶᠢᠴᠠᠭᠠᠬᠤ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ ᠂ ᠵᠠᠰᠠᠭ ᠵᠠᠬᠢᠷᠭᠠᠨ ᠤ ᠪᠠᠶᠢᠴᠠᠭᠠᠬᠤ ᠬᠢᠨᠠᠯᠲᠠ ᠲᠠᠯᠪᠢᠬᠣ ᠶᠢ ᠦᠷᠭᠦᠯᠵᠢᠯᠡᠨ ᠴᠢᠩᠭᠠᠳᠬᠠᠵᠤ ᠂ ᠣᠨᠣᠪᠴᠢᠲᠠᠢ ᠪᠠᠷ ᠬᠢᠨᠠᠯᠲᠠ ᠲᠠᠯᠪᠢᠬᠤ ᠶᠢ ᠲᠠᠰᠤᠷᠠᠯᠲᠠ ᠦᠭᠡᠶ ᠴᠢᠩᠭᠠᠳᠬᠠᠵᠤ ᠂ ᠠᠷᠠᠳ ᠤᠨ ᠠᠮᠢᠳᠤᠷᠠᠯ ᠠᠷᠠᠳ ᠤᠨ ᠠᠰᠢᠭ ᠲᠤᠰᠠ ᠶᠢ ᠪᠠᠲᠤᠯᠠᠵᠤ ᠂ ᠨᠠᠩ ᠲᠤᠰᠬᠠᠶᠢᠵᠢᠭᠰᠠᠨ ᠬᠢᠷᠢ ᠬᠡᠮᠵᠢᠶ᠎ᠡ ᠪᠡᠷ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠢ ᠥᠷᠨᠢᠭᠦᠯᠵᠦ ᠂ ᠬᠡᠷᠡᠭ ᠰᠢᠶᠳᠪᠦᠷᠢᠯᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ ᠂ ᠣᠯᠠᠨ ᠲᠦᠮᠡᠨ ᠦ ᠪᠠᠴᠢᠮ ᠬᠦᠴᠢᠷᠲᠡᠶ ᠵᠣᠪᠠᠵᠤ ᠪᠠᠶᠢᠭ᠎ᠠ ᠠᠰᠠᠭᠤᠳᠠᠯ ᠢ ᠦᠨᠡᠨ ᠬᠦ ᠰᠡᠳᠬᠢᠯ ᠳᠤ ᠪᠠᠨ ᠲᠠᠯᠪᠢᠨ ᠰᠠᠶᠢᠲᠤᠷ ᠰᠢᠶᠳᠪᠦᠷᠢᠯᠡᠵᠦ ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯᠲᠤ ᠲᠥᠷᠥᠭᠳᠡᠯ ᠂ ᠠᠮᠤᠷ ᠲᠦᠪᠰᠢᠨ ᠦ ᠲᠥᠷᠥᠭᠳᠡᠯ ᠢ ᠨᠠᠩ ᠲᠡᠭᠦᠯᠳᠡᠷ ᠂ ᠨᠠᠩ ᠦᠷᠭᠦᠯᠵᠢᠯᠡᠬᠦᠶᠢᠴᠡ ᠪᠣᠯᠭᠠᠵᠤ ᠂ ᠬᠠᠸᠯᠢ ᠴᠠᠭᠠᠵᠠ ᠶᠢᠨ ᠬᠢᠨᠠᠯᠲᠠ ᠲᠠᠯᠪᠢᠬᠤ ᠴᠢᠩᠭ᠎ᠠ ᠬᠦᠴᠦᠲᠡᠶ ᠡᠭᠦᠷᠭᠡ ᠴᠢᠳᠠᠪᠤᠷᠢ ᠪᠠᠷ ᠮᠠᠨ ᠤ ᠬᠣᠰᠢᠭᠤᠨ ᠤ ᠠᠵᠤ ᠠᠬᠤᠶ ᠨᠡᠶᠢᠭᠡᠮ ᠦᠨ ᠲᠦᠷᠭᠡᠨ ᠬᠥᠭᠵᠢᠯᠲᠡ ᠶᠢ ᠦᠨᠡᠨᠬᠦ ᠬᠠᠮᠠᠭᠠᠯᠠᠨ᠎ᠠ ᠃ 

 

ᠢᠷᠡᠯᠲᠡ
ᠳᠠᠯᠠᠳ ᠬᠤᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro