ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

︽ᠳᠠᠪᠴᠠᠩ ᠪᠣᠰᠬᠠᠨ ᠴᠢᠭ ᠪᠠᠢᠭᠣᠯᠵᠣ︾ ᠰᠦᠮ᠎ᠡ ᠵᠢᠨ ᠴᠤᠭᠯᠠᠭᠠᠨ ᠳᠦ ᠣᠷᠣᠯᠴᠠᠵᠣ ᠬᠠᠤᠯᠢ ᠲᠥᠭᠡᠮᠡᠯᠵᠢᠭᠦᠯᠵᠦ ᠣᠬᠠᠭᠣᠯᠬᠣ ᠲᠠᠯ᠎ᠠ ᠪᠠᠷ ︽ᠭᠢᠯᠠᠰ ᠴᠡᠭ︾ ᠨᠡᠮᠡᠪᠡ

2024-09-25 12:52:01
ᠵᠣᠬᠢᠶᠠᠭᠴᠢ
ᠶᠢᠷᠲᠢᠨᠴᠦ

 

ᠬᠠᠸᠯᠢ ᠴᠠᠭᠠᠵᠠ ᠶᠢᠨ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ ᠂ ᠲᠡᠯᠡᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠰᠦᠮ᠎ᠡ ᠶᠢᠨ ᠴᠤᠭᠯᠠᠭᠠᠨ ᠤ ᠬᠤᠭᠤᠴᠠᠭᠠᠨ ᠳᠤ ᠬᠥᠮᠦᠨ ᠬᠠᠷ᠎ᠠ ᠴᠤᠭᠯᠠᠷᠠᠭᠰᠠᠨ ᠰᠠᠶᠢᠨ ᠲᠣᠬᠢᠶᠠᠯ ᠢ ᠠᠰᠢᠭᠯᠠᠨ ᠂ ᠰᠦᠮ᠎ᠡ ᠶᠢᠨ ᠴᠤᠭᠯᠠᠭᠠᠨ ᠤ ᠭᠣᠸᠯ ᠵᠠᠮ ᠤᠨ ᠬᠡᠰᠡᠭ ᠲᠦ ︽ᠳᠠᠪᠴᠠᠩ ᠪᠣᠰᠬᠠᠨ ᠴᠢᠭ ᠪᠠᠢᠭᠣᠯᠵᠣ︾ ᠂ ︽ ᠡᠭᠦᠳᠡ ᠪᠡᠨ  ᠨᠡᠭᠡᠭᠡᠵᠦ ᠬᠠᠸᠯᠢ ᠴᠠᠭᠠᠵᠠ ᠶᠢᠨ ᠲᠦᠭᠡᠮᠡᠯᠵᠢᠭᠦᠯᠦᠯᠲᠡ ᠬᠢᠵᠦ︾ ᠂ ᠡᠯᠪᠡᠭ ᠪᠠᠶᠠᠯᠢᠭ ᠣᠯᠠᠨ ᠶᠠᠩᠵᠤ ᠶᠢᠨ ᠬᠠᠸᠯᠢ ᠴᠠᠭᠠᠵᠠ ᠶᠢᠨ ᠲᠦᠭᠡᠮᠡᠯᠵᠢᠭᠦᠯᠦᠯᠲᠡ ᠶᠢᠨ ᠤᠬᠠᠭᠤᠯᠭ᠎ᠠ ᠶᠢᠨ ᠮᠠᠲ᠋ᠧᠷᠢᠶᠠᠯ ᠵᠤᠬᠢᠶᠠᠬᠤ᠂ ᠬᠠᠸᠯᠢ ᠪᠠᠷ ᠵᠠᠰᠠᠬᠤ  ᠺᠠᠷᠲ ᠴᠣᠬᠢᠬᠤ ᠵᠡᠷᠭᠡ ᠰᠣᠨᠢᠷᠬᠠᠯᠲᠤ ᠬᠠᠸᠯᠢ ᠪᠠᠷ ᠵᠠᠰᠠᠬᠤ ᠬᠦᠳᠡᠯᠭᠡᠭᠡᠨ ᠪᠡᠯᠡᠳᠬᠡᠵᠦ᠂ ᠤᠯᠠᠮᠵᠢᠯᠠᠯᠲᠤ ᠰᠦᠮ᠎ᠡ ᠶᠢᠨ ᠴᠤᠭᠯᠠᠭᠠᠨ ᠳᠤ ︽ᠬᠢᠯᠠᠰ ᠴᠡᠭ︾ ᠨᠡᠮᠡᠷᠢᠯᠡᠭᠰᠡᠨ ᠪᠠᠶᠢᠨ᠎ᠠ ᠃ 

 

 

ᠲᠣᠰ ᠬᠦᠳᠡᠯᠭᠡᠭᠡᠨ ᠳᠤ ᠬᠠᠸᠯᠢ ᠪᠠᠷ ᠵᠠᠰᠠᠬᠤ ᠵᠢᠵᠢᠭ ᠲᠣᠭᠯᠠᠭᠠᠮ ᠭᠠᠷᠭᠠᠵᠤ ᠂ ︽ᠰᠢ ᠶᠢᠨ ᠫᠢᠩ ᠵᠢᠨ ᠬᠠᠸᠯᠢ ᠪᠠᠷ ᠵᠠᠰᠠᠬᠤ ᠦᠵᠡᠯ ᠰᠠᠨᠠᠭ᠎ᠠ︾ ᠂ ︽ᠦᠨᠳᠦᠰᠦᠨ ᠬᠠᠸᠯᠢ ︾ ᠂ ︽ᠢᠷᠭᠡᠨ ᠦ ᠬᠠᠸᠯᠢ ᠶᠢᠨ ᠪᠢᠴᠢᠭ︾ ᠂ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠸᠯᠢ︾ ᠵᠡᠷᠭᠡ ᠠᠯᠢ ᠣᠯᠠᠨ ᠬᠠᠸᠯᠢ ᠴᠠᠭᠠᠵᠠ ᠶᠢᠨ ᠮᠡᠳᠡᠯᠭᠡ ᠶᠢᠨ ᠤᠩᠰᠢᠬᠤ ᠪᠢᠴᠢᠭ ᠢ ᠬᠠᠮᠤᠷᠴᠤ ᠂ ᠣᠯᠠᠨ ᠲᠦᠮᠡᠨ ᠦ ᠠᠩᠬᠠᠷᠤᠯ ᠢ ᠲᠠᠲᠠᠵᠤ ᠂ ᠣᠯᠠᠨ  ᠢᠶᠡᠷ ᠢᠶᠡᠨ  ᠪᠣᠯᠢᠶᠠᠯᠴᠠᠨ   ᠣᠷᠣᠯᠴᠠᠭᠰᠠᠨ ᠪᠠᠶᠢᠨ᠎ᠠ ᠃ ᠪᠠᠶᠢᠴᠠᠭᠠᠬᠤ ᠠᠵᠢᠯᠲᠠᠳ ᠨᠠᠰᠢ ᠴᠠᠰᠢ ᠶᠠᠪᠤᠵᠤ ᠪᠠᠶᠢᠭ᠎ᠠ  ᠬᠦᠮᠦᠰ ᠲᠦ ︽ᠢᠷᠭᠡᠨ ᠦ ᠬᠠᠤᠯᠢ  ᠶᠢᠨ ᠪᠢᠴᠢᠭ︾ ᠂ ᠴᠠᠬᠢᠯᠭᠠᠨ ᠬᠣᠯᠪᠣᠭᠠᠨ ᠤ ᠮᠡᠬᠡᠯᠡᠯ  ᠢ ᠰᠡᠷᠭᠡᠢᠯᠡᠬᠦ ᠵᠡᠷᠭᠡ ᠣᠯᠠᠨ ᠲᠦᠮᠡᠨ ᠦ ᠬᠠᠮᠤᠭ  ᠠᠴᠠ ᠢᠯᠡᠭᠦᠦ ᠠᠩᠬᠠᠷᠴᠤ ᠂ ᠬᠠᠮᠤᠭ  ᠠᠴᠠ ᠲᠤᠯᠭᠠᠮ᠎ᠠ ᠣᠢᠯᠭᠠᠬᠣ ᠴᠢᠬᠣᠯᠠᠲᠠᠢ ᠬᠠᠤᠯᠢ ᠴᠠᠭᠠᠵᠠ ᠬᠠᠤᠯᠢ ᠲᠣᠭᠲᠠᠭᠠᠯ  ᠢ ᠬᠦᠯᠢᠴᠡᠩᠭᠦᠶ ᠪᠡᠷ ᠨᠠᠷᠢᠨ ᠨᠢᠮᠪᠠᠶ ᠤᠬᠠᠭᠤᠯᠤᠨ ᠲᠠᠶᠢᠯᠪᠤᠷᠢᠯᠠᠵᠤ᠂ ᠤᠯᠠᠨ ᠲᠦᠮᠡᠨ ᠦ ᠬᠠᠤᠯᠢ ᠶᠢ ᠬᠦᠨᠳᠦᠳᠬᠡᠨ ᠬᠠᠤᠯᠢ ᠶᠢ  ᠰᠣᠷᠣᠯᠴᠠᠨ ᠬᠠᠤᠯᠢ ᠶᠢ ᠰᠠᠬᠢᠨ ᠬᠠᠤᠯᠢ ᠶᠢ ᠬᠡᠷᠡᠭᠯᠡᠬᠦ ᠶᠢ ᠬᠥᠲᠥᠯᠥᠨ ᠵᠢᠯᠣᠭᠣᠳᠴᠤ᠂ ᠥᠪᠡᠷ ᠦᠨ ᠬᠠᠤᠯᠢ ᠶᠣᠰᠣᠨ ᠤ ᠡᠷᠬᠡ ᠠᠰᠢᠭ ᠢᠶᠠᠨ ᠬᠠᠤᠯᠢ ᠶᠣᠰᠣᠭᠠᠷ ᠬᠠᠮᠠᠭᠠᠯᠠᠬᠤ ᠶᠢ ᠰᠤᠷᠴᠤ᠂ ᠨᠡᠶᠢᠭᠡᠮ ᠦᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠵᠣ᠂ ︽ᠬᠠᠤᠯᠢ ᠶᠢ ᠰᠤᠷᠴᠤ ᠵᠥᠪ ᠪᠤᠷᠤᠭᠤ ᠶᠢ ᠢᠯᠭᠠᠬᠤ᠂ ᠬᠠᠤᠯᠢ ᠶᠢ ᠰᠠᠬᠢᠵᠤ ᠡᠷᠬᠡ ᠠᠰᠢᠭ ᠢᠶᠠᠨ ᠬᠠᠮᠠᠭᠠᠯᠠᠬᠤ᠂ ᠬᠠᠤᠯᠢ ᠪᠠᠷ ᠵᠢᠭᠤᠷᠠᠯᠳᠤᠭᠠᠨ ᠢ ᠳᠣᠭᠲᠠᠭᠠᠨ ᠮᠠᠷᠭᠤᠯᠳᠤᠭᠠᠨ ᠢ ᠵᠣᠭᠰᠣᠭᠠᠬᠤ︾ ᠣᠶᠢᠯᠠᠭᠠᠭᠳᠠᠬᠤᠨ ᠢ ᠬᠥᠮᠦᠰ ᠦᠨ ᠰᠡᠳᠬᠢᠯ ᠳᠦ ᠨᠡᠩ ᠭᠦᠨ ᠬᠠᠳᠠᠩᠰᠢᠭᠤᠯᠤᠨ᠎ᠠ᠃ 

 

 

ᠲᠤᠰ ᠤᠳᠠᠭᠠᠨ ᠤ ᠬᠦᠳᠡᠯᠭᠡᠭᠡᠨ ᠨᠢ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠰᠣᠶᠣᠯ ᠪᠣᠯᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠥᠭᠡᠮᠡᠯᠵᠢᠭᠦᠯᠵᠦ ᠣᠬᠠᠭᠣᠯᠬᠣ ᠶᠢ ᠤᠶᠠᠯᠳᠤᠭᠤᠯᠵᠤ ᠂ ᠨᠠᠰᠢ ᠴᠠᠰᠢ ᠥᠩᠭᠡᠷᠡᠬᠦ ᠣᠯᠠᠨ ᠲᠦᠮᠡᠨ ᠳᠦ ᠡᠯ᠎ᠡ ᠲᠥᠷᠥᠯ ᠦᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠳᠡᠪᠲᠡᠷ ᠪᠣᠯᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 500 ᠭᠠᠷᠤᠶ ᠬᠤᠪᠢ ᠲᠠᠷᠬᠠᠭᠠᠵᠤ ᠂ ᠣᠯᠠᠨ ᠲᠦᠮᠡᠨ ᠦ ᠬᠠᠸᠯᠢ ᠴᠠᠭᠠᠵᠠ ᠶᠢᠨ ᠯᠠᠪᠯᠠᠯᠲᠠ ᠳᠤ 20 ᠭᠠᠷᠤᠶ ᠤᠳᠠᠭ᠎ᠠ ᠬᠠᠷᠢᠭᠤᠯᠲᠠ ᠥᠭᠴᠦ ᠂ ᠣᠯᠠᠨ ᠲᠦᠮᠡᠨ ᠳᠦ ︽ ᠰᠦᠮ᠎ᠡ  ᠶᠢᠨ ᠴᠤᠭᠯᠠᠭᠠᠨ ᠳᠤ ᠣᠷᠣᠯᠴᠠᠬᠣ︾ ᠳ᠋ᠤ ᠰᠢᠨ᠎ᠡ ᠠᠴᠢ ᠬᠣᠯᠪᠣᠭᠳᠠᠯ ᠣᠯᠭᠣᠵᠤ ᠂ ᠥᠷᠭᠡᠨ ᠣᠯᠠᠨ ᠲᠦᠮᠡᠨ ᠳᠦ ᠵᠤᠭ᠎ᠠ ᠴᠡᠩᠭᠡᠯ  ᠢ  ᠡᠳ᠋ᠯᠡᠬᠦ  ᠬᠢᠭᠡᠳ ᠰᠣᠷᠣᠯᠴᠠᠬᠣ  ᠶᠢᠨ ᠠᠯᠢᠨ ᠢ ᠴᠤ ᠰᠠᠭᠠᠲᠠᠭᠠᠬᠤ ᠥᠬᠡᠶ ᠦᠷ᠎ᠡ ᠪᠦᠲᠦᠮᠵᠢ ᠣᠯᠭᠣᠵᠤ ᠂ ᠣᠯᠠᠨ ᠲᠦᠮᠡᠨ ᠦ ᠬᠠᠸᠯᠢ ᠪᠠᠷ ᠵᠠᠰᠠᠬᠤ ᠦᠵᠡᠯᠲᠡ ᠂ ᠬᠠᠸᠯᠢ ᠴᠠᠭᠠᠵᠠ ᠶᠢᠨ ᠤᠬᠠᠮᠰᠠᠷ ᠪᠠ ᠰᠡᠷᠭᠡᠶᠢᠯᠡᠬᠦ ᠤᠬᠠᠮᠰᠠᠷ ᠢ ᠴᠢᠩᠭᠠᠷᠠᠭᠤᠯᠤᠨ ᠂ ᠬᠠᠸᠯᠢ ᠪᠠᠷ ᠵᠠᠰᠠᠬᠤ ᠤᠬᠠᠭᠤᠯᠭ᠎ᠠ ᠪᠣᠯᠣᠨ ᠣᠯᠠᠨ ᠲᠦᠮᠡᠨ ᠦ ᠬᠣᠭᠣᠷᠣᠨᠳᠣᠬᠢ ᠵᠠᠶ ᠶᠢ ᠣᠶᠢᠷᠠᠲᠤᠭᠤᠯᠵᠤ ᠂ ᠣᠯᠠᠨ ᠲᠦᠮᠡᠨ ᠦ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ ᠃ 

ᠲᠠᠷᠠᠭᠠᠴᠢ ᠶᠢᠨ ᠠᠯᠬᠤᠮ ᠳᠤ ᠂ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠠᠩ ᠠᠮᠢᠳᠤᠯᠢᠭ ᠪᠥᠭᠡᠳ ᠣᠯᠠᠨ ᠶᠠᠩᠵᠤ ᠶᠢᠨ ᠬᠠᠸᠯᠢ ᠲᠥᠭᠡᠮᠡᠯᠵᠢᠭᠦᠯᠵᠦ ᠣᠬᠠᠭᠣᠯᠬᠣ ᠶᠢᠨ ᠬᠡᠯᠪᠡᠷᠢ ᠶᠢ ᠠᠪᠴᠤ ᠂ ᠬᠠᠸᠯᠢ ᠲᠦᠭᠡᠮᠡᠯᠵᠢᠭᠦᠯᠬᠦ ᠠᠵᠢᠯᠯᠠᠭ᠎ᠠ ᠶᠢᠨ ᠰᠣᠨᠢᠷᠬᠠᠯᠲᠤ ᠴᠢᠨᠠᠷ ᠪᠠ ᠬᠠᠷᠢᠯᠴᠠᠨ ᠬᠥᠳᠡᠯᠦᠯᠴᠡᠬᠦ ᠴᠢᠨᠠᠷ ᠢ ᠨᠡᠮᠡᠭᠳᠡᠭᠦᠯᠦᠨ ᠂ ᠣᠯᠠᠨ ᠲᠦᠮᠡᠨ ᠦ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠵᠦ ᠂ ᠣᠯᠠᠨ ᠲᠦᠮᠡᠨ ᠦ ᠬᠠᠸᠯᠢ ᠴᠠᠭᠠᠵᠠ ᠶᠢᠨ ᠮᠡᠳᠡᠯᠭᠡ ᠶᠢ ᠣᠶᠢᠯᠠᠭᠠᠬᠤ ᠪᠠ ᠡᠵᠡᠮᠰᠢᠬᠦ ᠶᠢ ᠥᠯᠥ  ᠮᠡᠳᠡᠭᠳᠡᠮ᠎ᠡ ᠨᠥᠯᠦᠭᠡᠯᠡᠵᠦ ᠂ ᠬᠠᠸᠯᠢ ᠪᠠᠷ ᠵᠠᠰᠠᠬᠤ ᠶᠢᠨ ᠦᠷ᠎ᠡ ᠶᠢ ᠣᠯᠠᠨ ᠲᠦᠮᠡᠨ ᠦ ᠰᠡᠳᠬᠢᠯ ᠳᠦ ᠦᠨᠳᠦᠰᠦᠯᠡᠭᠦᠯᠦᠨ ᠰᠣᠶᠣᠭᠠᠯᠠᠭᠤᠯᠤᠨ᠎ᠠ ᠃ 

 

ᠢᠷᠡᠯᠲᠡ
ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro