ᠤᠷᠠᠳ ᠤᠨ ᠡᠮᠦᠨᠡᠲᠦ ᠬᠣᠰᠢᠭᠤᠨ ᠤ ᠪᠠᠶᠢᠴᠠᠭᠠᠬᠤ ᠬᠣᠷᠢᠶ᠎ᠠ ᠰᠢᠯᠢᠳᠡᠭ ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ ᠪᠠᠶᠢᠴᠠᠭᠠᠬᠤ ᠴᠢᠳᠠᠪᠤᠷᠢᠲᠠᠨ ᠤ ᠦᠷᠭᠦᠯᠵᠢᠯᠡᠬᠦ ᠬᠥᠭᠵᠢᠯᠲᠡ ᠶᠢ ᠠᠬᠢᠭᠤᠯᠪᠠ
ᠤᠷᠠᠳ ᠤᠨ ᠡᠮᠦᠨᠡᠲᠦ ᠬᠣᠰᠢᠭᠤᠨ ᠤ ᠪᠠᠶᠢᠴᠠᠭᠠᠬᠤ ᠬᠣᠷᠢᠶ᠎ᠠ ᠪᠠᠶᠢᠴᠠᠭᠠᠬᠤ ᠪᠠᠶᠢᠭᠤᠯᠭ᠎ᠠ ᠶᠢᠨ ᠴᠢᠳᠠᠪᠤᠷᠢᠲᠠᠨ ᠤ ᠲᠠᠰ ᠲᠠᠰᠤᠯᠳᠠᠬᠤ ᠂ ᠰᠢᠨ᠎ᠡ ᠬᠠᠭᠤᠴᠢᠨ ᠵᠠᠯᠭᠠᠵᠤ ᠳᠡᠶᠢᠯᠬᠦ ᠥᠬᠡᠶ ᠪᠠᠶᠢᠬᠤ ᠠᠰᠠᠭᠤᠳᠠᠯ ᠳᠤ ᠴᠢᠭᠯᠡᠭᠦᠯᠦᠨ ᠂ ᠴᠢᠳᠠᠪᠤᠷᠢᠲᠠᠨ ᠬᠥᠮᠦᠵᠢᠭᠦᠯᠵᠦ ᠪᠣᠶᠢᠵᠢᠭᠤᠯᠬᠤ ᠡᠷᠴᠢᠮ ᠢᠶᠡᠨ ᠴᠢᠩᠭᠠᠷᠠᠭᠤᠯᠵᠤ ᠂ 《 ᠰᠢᠯᠢᠳᠡᠭ ᠢ ᠬᠥᠮᠦᠵᠢᠭᠦᠯᠬᠦ ᠂ ᠬᠦᠴᠦᠷᠬᠡᠭ ᠢ ᠪᠣᠶᠢᠵᠢᠭᠤᠯᠬᠤ ᠂ ᠰᠠᠶᠢᠲᠤᠷ ᠬᠡᠷᠡᠭᠯᠡᠬᠦ 》 ᠰᠡᠳᠬᠢᠮᠵᠢ ᠶᠣᠰᠣᠭᠠᠷ ᠂ 《 ᠰᠢᠯᠢᠳᠡᠭ ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ 》 ᠶᠢ ᠡᠭᠦᠳᠦᠨ ᠪᠦᠲᠤᠭᠡᠯᠴᠢ ᠲᠠᠢ ᠪᠠᠷ ᠬᠡᠷᠡᠭᠵᠢᠭᠦᠯᠵᠦ ᠂ ᠳᠠᠭᠠᠭᠤᠯᠤᠭᠴᠢ ᠴᠢᠳᠠᠪᠤᠷᠢᠲᠠᠨ ᠢᠶᠠᠷ ᠬᠦᠲᠦᠯᠦᠭᠴᠢ ᠪᠣᠯᠭᠠᠭᠰᠠᠨ ᠂ ᠭᠤᠤᠯᠯᠠᠭᠴᠢ ᠴᠢᠳᠠᠪᠤᠷᠢᠲᠠᠨ ᠢᠶᠠᠷ ᠲᠤᠯᠭᠠᠭᠤᠷᠢᠯᠠᠯ ᠪᠣᠯᠭᠠᠭᠰᠠᠨ ᠂ ᠪᠡᠯᠡᠳᠬᠡᠯ ᠴᠢᠳᠠᠪᠤᠷᠢᠲᠠᠨ ᠢᠶᠠᠷ ᠰᠠᠭᠤᠷᠢ ᠪᠣᠯᠭᠠᠭᠰᠠᠨ ᠦᠷᠭᠦᠯᠵᠢᠯᠡᠬᠦ ᠬᠥᠭᠵᠢᠯᠲᠡ ᠶᠢᠨ ᠪᠠᠶᠢᠴᠠᠭᠠᠬᠤ ᠴᠢᠳᠠᠪᠤᠷᠢᠲᠠᠨ ᠤ ᠱᠠᠲᠤᠯᠢᠭ ᠡᠩᠨᠡᠭᠡ ᠶᠢ ᠪᠣᠶ ᠪᠣᠯᠭᠠᠵᠤ ᠂ ᠪᠥᠬᠥ ᠬᠣᠷᠢᠶᠠᠨ ᠤ ᠪᠠᠶᠢᠴᠠᠭᠠᠬᠤ ᠲᠤᠰᠢᠶᠠᠯᠲᠠᠨ ᠦ 50 % ᠶᠢ ᠡᠵᠡᠯᠡᠭᠰᠡᠨ ᠪᠦᠬᠦᠯᠢ 45 ᠨᠠᠰᠤᠨ ᠠᠴᠠ ᠳᠣᠷᠣᠭᠰᠢᠬᠢ ᠵᠠᠯᠠᠭᠤ ᠪᠠᠶᠢᠴᠠᠭᠠᠬᠤ ᠲᠤᠰᠢᠶᠠᠯᠲᠠᠨ ᠪᠥᠬᠥ ᠬᠣᠷᠢᠶᠠᠨ ᠤ 75 % ᠶᠢᠨ ᠬᠡᠷᠡᠭ ᠢ ᠳᠠᠭᠠᠭᠠᠨ ᠰᠢᠶᠳᠪᠦᠷᠢᠯᠡᠪᠡ᠃ ᠤᠢᠢᠷ᠎ᠠ ᠶᠢᠨ ᠭᠤᠷᠪᠠᠨ ᠵᠢᠯ ᠦᠨ ᠲᠤᠷᠰᠢ ᠂ ᠲᠤᠰ ᠬᠣᠷᠢᠢ᠎ᠠ ᠤᠷᠢᠳ ᠬᠣᠵᠢᠳ ᠪᠦᠬᠦ ᠤᠯᠤᠰ ᠤᠨ ᠪᠣᠯᠪᠠᠰᠤᠨ ᠬᠦᠯᠢᠶᠡᠨ ᠠᠪᠬᠤ ᠲᠠᠰᠤᠭ ᠂ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠪᠠᠶᠢᠷᠢ ᠶᠢᠨ ᠴᠢᠷᠮᠠᠶᠢᠨ ᠡᠭᠦᠳᠦᠭᠰᠡᠨ ᠨᠢᠭᠡᠴᠢ ᠂ ᠪᠦᠬᠦ ᠤᠯᠤᠰ ᠤᠨ ᠪᠠᠶᠢᠴᠠᠭᠠᠬᠤ ᠠᠵᠢᠯ ᠤᠨ ᠤᠬᠠᠭᠤᠯᠭ᠎ᠠ ᠶᠢᠨ ᠲᠡᠷᠢᠭᠦᠨ ᠦ ᠨᠢᠭᠡᠴᠢ ᠂ ᠪᠦᠬᠦ ᠣᠷᠣᠨ ᠤ ᠪᠠᠶᠢᠴᠠᠭᠠᠬᠤ ᠠᠵᠢᠯ ᠤᠨ ᠲᠤᠪᠤᠢᠢᠮ᠎ᠠ ᠬᠠᠮᠲᠤ ᠨᠢᠭᠡᠴᠢ ᠂ ᠪᠦᠬᠦ ᠬᠤᠳᠠ ᠶᠢᠨ ᠦᠨᠳᠦᠰᠦᠲᠡᠨ ᠦ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠨᠢᠭᠡᠴᠢ ᠵᠡᠷᠭᠡ 44 ᠵᠦᠢᠯ ᠦᠨ ᠢᠷᠠᠭᠤ ᠠᠯᠳᠠᠷ ᠢ ᠣᠯᠵᠤ ᠂ 62 ᠪᠠᠶᠢᠴᠠᠭᠠᠬᠤ ᠠᠵᠢᠯᠳᠠᠨ ᠤᠷᠢᠳ ᠬᠣᠵᠢᠳ ᠡᠯ᠎ᠡ ᠱᠠᠲᠤᠨ ᠤ ᠬᠥᠬᠢᠭᠦᠯᠦᠯ ᠰᠠᠶᠢᠰᠢᠶᠠᠯ ᠢ ᠬᠦᠷᠳᠡᠪᠡ᠃
ᠨᠢᠭᠡ᠂ ᠵᠠᠩᠭᠢᠯᠠᠭ᠎ᠠ ᠶᠢᠨ ᠭᠣᠭᠴᠣᠭ᠎ᠠ ᠶᠢ ᠠᠳᠬᠤᠵᠤ ᠂ ᠰᠢᠨ᠎ᠡ ᠬᠥᠮᠦᠨ ᠢ 《 ᠶᠠᠭᠠᠬᠢᠵᠤ ᠳᠠᠭᠠᠭᠤᠯᠬᠤ 》 ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠨᠢᠭᠡ ᠳᠦ ᠰᠢᠨ᠎ᠡ ᠬᠥᠮᠦᠨ ᠤ ᠠᠵᠢᠯ ᠤᠨ ᠪᠠᠶᠢᠷᠢᠨ ᠳᠤ ᠭᠠᠷᠬᠤ ᠠᠵᠢᠯ ᠶᠢ ᠠᠳᠬᠤᠬᠤ᠃ ᠰᠢᠨ᠎ᠡ ᠪᠡᠷ ᠡᠯᠰᠡᠭᠰᠡᠨ ᠪᠠᠶᠢᠴᠠᠭᠠᠬᠤ ᠠᠵᠢᠯᠳᠠᠨ ᠳᠤ 《 ᠪᠠᠭᠰᠢ ᠱᠠᠪᠢ ᠳᠠᠭᠠᠭᠤᠯᠬᠤ 》 ᠴᠢᠳᠠᠪᠤᠷᠢᠲᠠᠨ ᠬᠥᠮᠦᠵᠢᠭᠦᠯᠬᠦ ᠲᠣᠭᠲᠠᠴᠠ ᠶᠢ ᠬᠡᠷᠡᠭᠵᠢᠭᠦᠯᠵᠦ ᠂ ᠨᠡᠷ᠎ᠡ ᠬᠦᠨᠳᠤᠲᠤ ᠪᠠᠶᠢᠴᠠᠭᠠᠬᠤ ᠲᠤᠰᠢᠶᠠᠯᠲᠠᠨ ᠂ ᠶᠡᠷᠦᠩᠬᠡᠶᠢᠯᠡᠭᠰᠡᠨ ᠰᠠᠯᠠᠭ᠎ᠠ ᠮᠥᠴᠢᠷ ᠦᠨ ᠲᠤᠬᠠᠶᠢᠯᠠᠭᠰᠠᠨ ᠠᠵᠢᠯ ᠤᠨ ᠭᠣᠣᠯᠯᠠᠭᠴᠢ ᠪᠠᠢᠴᠠᠭᠠᠬᠤ ᠲᠤᠰᠢᠶᠠᠯᠲᠠᠨ ᠢᠶᠠᠷ ᠰᠢᠨ᠎ᠡ ᠪᠡᠷ ᠲᠤᠰᠢᠶᠠᠯ ᠳᠤ ᠭᠠᠷᠤᠭᠰᠠᠨ ᠪᠠᠶᠢᠴᠠᠭᠠᠬᠤ ᠠᠵᠢᠯᠳᠠᠨ ᠤ ᠵᠠᠯᠠᠭᠤ ᠵᠢᠯᠤᠭᠤᠳᠤᠭᠴᠢ ᠪᠠᠭᠰᠢ ᠪᠣᠯᠭᠠᠵᠤ ᠂ ᠬᠠᠤᠯᠢ ᠴᠠᠭᠠᠵᠠ ᠶᠢᠨ ᠪᠢᠴᠢᠭ ᠬᠠᠷ᠎ᠠ ᠵᠣᠬᠢᠶᠠᠬᠤ ᠂ ᠪᠤᠳᠤᠯᠢᠶᠠᠨᠲᠠᠢ ᠬᠡᠷᠡᠭ ᠢ ᠰᠢᠢᠳᠪᠦᠷᠢᠯᠡᠬᠦ ᠂ ᠦᠰᠦᠭ ᠪᠢᠴᠢᠭ ᠦᠨ ᠮᠠᠲ᠋ᠧᠷᠢᠶᠠᠯ ᠪᠢᠴᠢᠬᠦ ᠂ ᠰᠢᠨ᠎ᠡ ᠵᠠᠭᠤᠴᠢᠯᠠᠭᠤᠷ ᠤᠨ ᠡᠵᠡᠩᠨᠡᠯᠲᠡ ᠵᠡᠷᠭᠡ ᠲᠠᠯ᠎ᠠ ᠪᠠᠷ ᠭᠠᠷᠳᠠᠨ ᠪᠣᠯᠪᠠᠰᠤᠷᠠᠭᠤᠯᠵᠤ ᠵᠢᠭᠠᠨ ᠵᠢᠯᠣᠭᠣᠳᠴᠤ ᠂ ᠴᠢᠭᠯᠡᠯ ᠦᠨ ᠲᠠᠯ᠎ᠠ ᠪᠠᠷ ᠬᠦᠳᠦᠯᠦᠨ ᠵᠢᠯᠣᠭᠣᠳᠴᠤ ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠵᠢᠭᠠᠨ ᠵᠢᠯᠣᠭᠣᠳᠴᠤ ᠂ ᠠᠵᠢᠯ ᠤᠨ ᠲᠠᠯ᠎ᠠ ᠪᠠᠷ ᠬᠢᠨᠠᠨ ᠵᠢᠯᠣᠭᠣᠳᠴᠤ ᠂ ᠬᠠᠮᠢᠶᠠᠷᠤᠯᠲᠠ ᠶᠢᠨ ᠲᠠᠯ᠎ᠠ ᠪᠠᠷ ᠭᠣᠣᠯᠯᠠᠨ ᠵᠢᠯᠣᠭᠣᠳᠤᠨ᠎ᠠ᠃ ᠣᠳᠣᠬᠠᠨ ᠳᠤ ᠨᠢᠭᠡᠨᠲᠡ 10 ᠵᠢᠯᠣᠭᠣᠳᠣᠭᠴᠢ ᠪᠠᠭᠰᠢ ᠂ 25 ᠱᠠᠪᠢ ᠲᠠᠢ ᠬᠤᠤᠰᠯᠠᠨ ᠪᠣᠳᠠᠲᠠᠶ ᠪᠣᠯᠪᠠᠰᠤᠷᠠᠯ ᠬᠢᠵᠦ ᠂ 6 ᠵᠠᠯᠠᠭᠤ ᠪᠠᠶᠢᠴᠠᠭᠠᠬᠤ ᠠᠵᠢᠯᠲᠠᠨ ᠬᠦᠮᠤᠵᠢᠭᠦᠯᠦᠭᠳᠡᠨ ᠭᠠᠷᠭᠠᠭᠳᠠᠵᠤ ᠂ ᠰᠠᠯᠠᠭ᠎ᠠ ᠮᠥᠴᠢᠷ ᠦᠨ ᠵᠢᠩᠬᠢᠨᠢ ᠪᠠ ᠳᠡᠳ᠋ ᠲᠤᠰᠢᠶᠠᠯ ᠳᠤ ᠳᠡᠪᠰᠢᠭᠦᠯᠦᠭᠳᠡᠪᠡ᠃ ᠬᠣᠶᠠᠷ ᠲᠤ ᠠᠵᠢᠯ ᠤᠨ ᠪᠠᠶᠢᠷᠢ ᠶᠢᠨ ᠪᠣᠶᠢᠵᠢᠯᠲᠠ ᠶᠢ ᠠᠳᠬᠤᠵᠤ ᠂ ᠵᠠᠯᠠᠭᠤ ᠪᠠᠶᠢᠴᠠᠭᠠᠬᠤ ᠠᠵᠢᠯᠳᠠᠨ ᠤ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠢ ᠴᠢᠬᠤᠯᠠᠴᠢᠯᠠᠵᠤ ᠂ ᠲᠤᠬᠠᠶᠢᠯᠠᠭᠰᠠᠨ ᠠᠵᠢᠯ ᠤᠨ ᠪᠠᠶᠢᠷᠢ ᠪᠠ ᠶᠡᠷᠦᠩᠬᠡᠶᠢᠯᠡᠨ ᠬᠠᠮᠢᠶᠠᠷᠬᠤ ᠠᠵᠢᠯ ᠤᠨ ᠪᠠᠶᠢᠷᠢ ᠳᠡᠭᠡᠷ᠎ᠡ ᠡᠴᠡ ᠤᠯᠤᠰ ᠲᠦᠷᠦ ᠶᠢᠨ ᠬᠡᠪ ᠴᠢᠨᠠᠷ ᠢᠶᠠᠷ ᠥᠨᠳᠥᠷ ᠂ ᠵᠢᠱᠢᠶ᠎ᠡ ᠦᠵᠡᠭᠦᠯᠦᠨ ᠬᠦᠳᠦᠯᠦᠨ ᠳᠠᠭᠠᠭᠤᠯᠬᠤ ᠦᠢᠯᠡᠳᠦᠯ ᠢᠶᠡᠷ ᠴᠢᠩᠭ᠎ᠠ ᠪᠠᠶᠢᠴᠠᠭᠠᠬᠤ ᠠᠵᠢᠯᠳᠠᠨ ᠢ ᠨᠠᠷᠢᠨ ᠨᠢᠮᠪᠠᠢ ᠰᠢᠯᠢᠨ ᠰᠣᠩᠭᠣᠵᠤ ᠂ ᠴᠢᠬᠤᠯᠠ ᠠᠵᠢᠯ ᠤᠨ ᠪᠠᠶᠢᠷᠢ ᠲᠤᠬᠢᠷᠠᠭᠤᠯᠤᠨ ᠪᠣᠯᠪᠠᠰᠤᠷᠠᠭᠤᠯᠬᠤ ᠂ ᠪᠠᠴᠢᠮ ᠪᠡᠷᠬᠡ ᠠᠶᠤᠯᠲᠠᠢ ᠬᠦᠨᠳᠦ ᠡᠭᠦᠷᠭᠡ ᠶᠢ ᠲᠤᠰᠢᠶᠠᠬᠤ ᠂ ᠲᠤᠬᠠᠶᠢᠯᠠᠭᠰᠠᠨ ᠠᠵᠢᠯ ᠤᠨ ᠤᠷᠤᠯᠳᠤᠭᠠᠨ ᠳᠤ ᠣᠷᠣᠯᠴᠠᠬᠤ ᠶᠢ ᠵᠣᠷᠢᠭᠵᠢᠭᠤᠯᠬᠤ ᠵᠡᠷᠭᠡ ᠠᠷᠭ᠎ᠠ ᠮᠠᠶ᠋ᠢᠭ ᠢ ᠠᠪᠴᠤ ᠂ ᠲᠡᠳᠡᠨ ᠦ ᠳᠠᠷᠤᠯᠲᠠ ᠶᠢ ᠳᠠᠭᠠᠭᠠᠬᠤ ᠂ ᠵᠥᠷᠢᠴᠡᠯ ᠢ ᠰᠢᠢᠳᠪᠦᠷᠢᠯᠡᠬᠦ ᠶᠠᠪᠤᠴᠠ ᠳᠤ ᠴᠠᠭᠠᠷᠠᠭᠰᠠᠨ ᠡᠷᠳᠡᠮ ᠴᠢᠳᠠᠪᠤᠷᠢ ᠶᠢ ᠪᠣᠯᠪᠠᠰᠤᠷᠠᠭᠤᠯᠬᠤ ᠶᠢ ᠠᠬᠢᠭᠤᠯᠪᠠ᠃ ᠭᠤᠷᠪᠠ ᠳᠤ ᠡᠳᠦᠷ ᠲᠤᠲᠤᠮ ᠤᠨ ᠬᠠᠮᠢᠶᠠᠷᠤᠯᠲᠠ ᠶᠢ ᠠᠳᠬᠤᠨ᠎ᠠ᠃ ᠵᠠᠯᠠᠭᠤ ᠪᠠᠶᠢᠴᠠᠭᠠᠬᠤ ᠠᠵᠢᠯᠳᠠᠨ ᠢ ᠡᠳᠦᠷ ᠲᠤᠳᠤᠮ ᠬᠠᠮᠢᠶᠠᠷᠴᠤ ᠂ ᠪᠠᠶᠢᠩᠭᠤ ᠴᠢᠩᠭ᠎ᠠ ᠠᠳᠬᠤᠵᠤ ᠂ ᠵᠠᠯᠠᠭᠤ ᠪᠠᠶᠢᠴᠠᠭᠠᠬᠤ ᠠᠵᠢᠯᠳᠠᠨ ᠤ ᠠᠵᠢᠯ ᠤᠨ ᠰᠠᠬᠢᠯᠭ᠎ᠠ ᠪᠠᠲᠤ ᠣᠪᠣᠷ ᠰᠤᠷᠲᠠᠯ ᠤᠨ ᠬᠡᠪ ᠪᠣᠯᠪᠠᠰᠤᠷᠠᠯ ᠢ ᠨᠠᠷᠢᠯᠢᠭ ᠪᠣᠳᠠᠲᠠᠢ ᠠᠳᠬᠤᠵᠤ ᠂ ᠪᠠᠶᠢᠩᠭᠤ ᠶᠢᠨ ᠴᠢᠨᠠᠷᠲᠠᠢ ᠰᠡᠳᠬᠢᠯ ᠦᠨ ᠦᠭᠡ ᠶᠠᠷᠢᠯᠴᠠᠬᠤ ᠶᠢ ᠪᠠᠷᠢᠮᠲᠠᠯᠠᠵᠤ ᠂ ᠲᠡᠳᠡᠨ ᠦ ᠦᠵᠡᠯ ᠰᠠᠨᠠᠭ᠎ᠠ ᠂ ᠠᠵᠢᠯ ᠂ ᠠᠮᠢᠳᠤᠷᠠᠯ ᠤᠨ ᠪᠠᠶᠢᠳᠠᠯ ᠢ ᠴᠠᠭ ᠲᠤᠬᠠᠢ ᠳᠤᠨᠢ ᠣᠶᠢᠯᠠᠭᠠᠵᠤ ᠂ ᠢᠯᠡᠷᠡᠭᠰᠡᠨ ᠴᠤᠬᠤᠶᠢᠯᠲᠠ ᠶᠢᠨ ᠴᠢᠨᠠᠷᠲᠠᠢ ᠂ ᠬᠡᠯᠪᠡᠷᠢᠯ ᠦᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠰᠠᠨᠠᠭᠤᠯᠤᠨ ᠰᠡᠷᠡᠮᠵᠢᠯᠡᠭᠦᠯᠵᠦ ᠂ ᠤᠳᠤ ᠰᠢᠨ᠎ᠡ ᠪᠡᠷ ᠲᠤᠰᠢᠶᠠᠯ ᠳᠤ ᠭᠠᠷᠤᠭᠰᠠᠨ ᠪᠠᠶᠢᠴᠠᠭᠠᠬᠤ ᠠᠵᠢᠯᠳᠠᠨ ᠳᠤ ᠠᠷᠢᠭᠤᠨ ᠴᠢᠬᠡᠴᠢ ᠪᠡᠷ ᠵᠠᠰᠠᠭ ᠪᠠᠷᠢᠬᠤ ᠰᠠᠨᠠᠭᠤᠯᠭ᠎ᠠ 16 ᠤᠳᠠᠭ᠎ᠠ ᠦᠭᠴᠦ ᠂ ᠲᠣᠭᠲᠠᠮᠠᠯ ᠬᠤᠭᠤᠴᠠᠭ᠎ᠠ ᠲᠠᠶ ᠪᠠᠷ ᠵᠣᠬᠢᠶᠠᠨ ᠪᠠᠢᠭᠤᠯᠤᠯᠲᠠ ᠶᠢᠨ ᠰᠠᠬᠢᠯᠭ᠎ᠠ ᠪᠠᠲᠤ ᠶᠣᠰᠣ ᠲᠦᠷᠢᠮ ᠦᠨ ᠬᠥᠮᠦᠵᠢᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠰᠡᠷᠡᠮᠵᠢ ᠶᠢᠨ ᠬᠥᠮᠦᠵᠢᠯ ᠢ ᠥᠷᠨᠢᠭᠦᠯᠵᠦ ᠂ ᠵᠠᠯᠠᠭᠤ ᠪᠠᠶᠢᠴᠠᠭᠠᠬᠤ ᠠᠵᠢᠯᠳᠠᠨ ᠢ ᠵᠥᠪ ᠵᠠᠮ ᠢᠶᠠᠷ ᠵᠠᠮᠨᠠᠭᠤᠯᠵᠤ ᠂ ᠰᠢᠯᠤᠭᠤᠨ ᠵᠠᠮ ᠢᠶᠠᠷ ᠵᠠᠮᠨᠠᠭᠤᠯᠵᠤ ᠂ ᠬᠤᠯᠠ ᠠᠶᠠᠯᠠᠭᠤᠯᠤᠨ᠎ᠠ᠃
ᠬᠣᠶᠠᠷ ᠂ ᠳᠡᠭᠡᠭᠰᠢᠯᠡᠭᠦᠯᠬᠦ ᠲᠠᠪᠴᠠᠩ ᠢ ᠪᠠᠶᠢᠭᠤᠯᠵᠤ ᠂ ᠴᠢᠳᠠᠪᠤᠷᠢᠲᠠᠨ ᠢ 《 ᠬᠡᠷᠬᠢᠨ ᠬᠥᠮᠦᠵᠢᠭᠦᠯᠬᠦ 》 ᠠᠰᠠᠭᠤᠳᠠᠯ ᠢ ᠰᠢᠶᠳᠪᠦᠷᠢᠯᠡᠨ᠎ᠡ᠃ ᠨᠢᠭᠡ ᠳᠦ ᠪᠣᠯᠪᠠᠰᠤᠷᠠᠯ ᠳᠤ ᠣᠷᠣᠯᠴᠠᠬᠤ ᠶᠢ ᠠᠳᠬᠤᠵᠤ ᠂ 《 ᠰᠢᠰᠲ᠋ᠧᠮ ᠦᠨ ᠳᠣᠲᠣᠷᠠᠬᠢ 》 ᠪᠣᠯᠪᠠᠰᠤᠷᠠᠯ ᠳᠤ ᠢᠳᠡᠪᠬᠢᠲᠡᠢ ᠣᠷᠣᠯᠴᠠᠭᠤᠯᠵᠤ ᠂ ᠳᠡᠭᠡᠳᠦ ᠱᠠᠲᠤᠨ ᠤ ᠨᠠᠮ ᠤᠨ ᠬᠣᠷᠢᠢ᠎ᠠ ᠵᠢᠴᠢ ᠳᠡᠭᠡᠳᠦ ᠱᠠᠲᠤᠨ ᠤ ᠪᠠᠶᠢᠴᠠᠭᠠᠬᠤ ᠪᠠᠶᠢᠭᠤᠯᠭ᠎ᠠ ᠶᠢᠨ ᠵᠣᠬᠢᠶᠠᠨ ᠪᠠᠶᠢᠭᠤᠯᠤᠭᠰᠠᠨ ᠪᠣᠯᠪᠠᠰᠤᠷᠠᠯ ᠳᠤ 83 ᠤᠳᠠᠭ᠎ᠠ 1600 ᠭᠠᠷᠤᠢ ᠬᠥᠮᠦᠨ ᠤᠳᠠᠭ᠎ᠠ ᠣᠷᠣᠯᠴᠠᠪᠠ᠃ ᠬᠣᠶᠠᠷ ᠲᠤ ᠂ ᠵᠢᠭᠠᠨ ᠰᠤᠷᠭᠠᠯᠲᠠ ᠶᠢ ᠠᠳᠬᠤᠵᠤ ᠂ 《 ᠬᠦᠴᠥᠷᠬᠡᠭ ᠪᠠᠢᠴᠠᠭᠠᠯᠲᠠ ᠶᠢ ᠰᠤᠷᠤᠯᠴᠠᠵᠤ 》 ᠶᠠᠷᠢᠶᠠᠨ ᠤ ᠲᠠᠩᠬᠢᠮ ᠭᠠᠷᠭᠠᠵᠤ ᠂ 《 ᠶᠠᠭᠤ ᠬᠢᠪᠡᠯ ᠶᠠᠭᠤ ᠶᠢ ᠪᠣᠯᠪᠠᠰᠤᠷᠠᠬᠤ ᠂ ᠶᠠᠭᠤ ᠳᠤᠲᠠᠪᠠᠯ ᠶᠠᠭᠤ ᠶᠢ ᠨᠥᠬᠥᠪᠥᠷᠢᠯᠡᠬᠦ 》 ᠵᠠᠷᠴᠢᠮ ᠶᠣᠰᠣᠭᠠᠷ ᠂ ᠤᠷᠢᠳ ᠬᠣᠵᠢᠳ ᠨᠡᠶᠢᠲᠡᠯᠢᠭ ᠬᠡᠷᠡᠭ ᠦᠨ ᠵᠢᠱᠢᠶ᠎ᠡ ᠶᠢ ᠵᠣᠬᠢᠶᠠᠨ ᠪᠢᠴᠢᠬᠦ ᠂ ᠬᠡᠷᠡᠭ ᠦᠨ ᠺᠠᠷᠲ ᠢ ᠲᠠᠭᠯᠠᠬᠤ ᠂ ᠠᠵᠢᠯ ᠤᠨ ᠪᠦᠲᠤᠮᠵᠢ ᠶᠢ ᠰᠢᠯᠭᠠᠨ ᠦᠨᠡᠯᠡᠬᠦ ᠂ ᠬᠡᠷᠡᠭ ᠦᠨ ᠵᠢᠱᠢᠶ᠎ᠡ ᠪᠡᠷ ᠵᠢᠭᠠᠨ ᠰᠤᠷᠭᠠᠬᠤ ᠂ ᠬᠡᠪ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠬᠦᠷᠢᠶ᠎ᠡ ᠬᠡᠪᠴᠢᠶᠡᠨ ᠳᠡᠬᠢ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠥᠷᠨᠢᠭᠦᠯᠵᠦ ᠂ ᠪᠣᠯᠪᠠᠰᠤᠷᠠᠭᠤᠯᠤᠯ ᠤᠨ ᠬᠢᠴᠢᠶᠡᠯ ᠬᠢᠭᠡᠳ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠶ ᠵᠣᠬᠢᠴᠠᠭᠤᠯᠬᠤ ᠶᠢ ᠪᠡᠶᠡᠯᠡᠭᠦᠯᠪᠡ᠃ ᠭᠤᠷᠪᠠ ᠳᠤ ᠤᠷᠤᠯᠳᠤᠭᠠᠨ ᠳᠤ ᠣᠷᠣᠯᠴᠠᠬᠤ ᠶᠢ ᠠᠳᠬᠤᠵᠤ ᠂ ᠤᠷᠤᠯᠳᠤᠭᠠᠨ ᠳᠤ ᠣᠷᠣᠯᠴᠠᠬᠤ ᠶᠢ ᠪᠠᠶᠢᠴᠠᠭᠠᠬᠤ ᠠᠵᠢᠯᠲᠠᠨ ᠤ ᠴᠢᠳᠠᠪᠤᠷᠢ ᠶᠢ ᠬᠠᠮᠤᠭ ᠤᠨ ᠲᠦᠷᠭᠡᠨ ᠳᠡᠭᠡᠭᠰᠢᠯᠡᠭᠦᠯᠬᠦ ᠠᠷᠭ᠎ᠠ ᠪᠠᠷᠢᠯ ᠪᠣᠯᠭᠠᠵᠤ ᠂ ᠲᠤᠬᠠᠶᠢᠯᠠᠭᠰᠠᠨ ᠠᠵᠢᠯ ᠤᠨ ᠮᠠᠷᠭᠤᠯᠳᠤᠭᠠᠨ ᠤ ᠤᠷᠤᠯᠳᠤᠭᠠᠨ ᠂ ᠪᠢᠴᠢᠭᠡᠴᠢ ᠶᠢᠨ ᠲᠦᠷᠭᠡᠨ ᠲᠡᠮᠳᠡᠭᠯᠡᠯ ᠦᠨ ᠤᠷᠤᠯᠳᠤᠭᠠᠨ ᠂ ᠪᠠᠶᠢᠴᠠᠭᠠᠬᠤ ᠣᠨᠣᠯ ᠤᠨ ᠰᠤᠳᠤᠯᠤᠨ ᠶᠠᠷᠢᠯᠴᠠᠬᠤ ᠤᠷᠤᠯᠳᠤᠭᠠᠨ ᠵᠡᠷᠭᠡ ᠪᠡᠷ ᠳᠠᠮᠵᠢᠭᠤᠯᠤᠨ ᠂ ᠤᠷᠤᠯᠳᠤᠭᠠᠨ ᠢᠶᠠᠷ ᠪᠣᠯᠪᠠᠰᠤᠷᠠᠯ ᠢ ᠣᠷᠣᠯᠠᠭᠤᠯᠬᠤ ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ ᠪᠠᠷ ᠴᠢᠷᠮᠠᠶᠢᠵᠤ ᠂ ᠰᠢᠯᠢᠳᠡᠭ ᠴᠢᠳᠠᠪᠤᠷᠢᠲᠠᠨ ᠢ ᠴᠣᠯᠭᠣᠷᠠᠭᠤᠯᠤᠨ ᠂ 1 ᠪᠠᠶᠢᠴᠠᠭᠠᠬᠤ ᠠᠵᠢᠯᠲᠠᠨ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠬᠡᠷᠡᠭ ᠦᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠤᠷᠤᠯᠳᠤᠭᠠᠨ ᠤ 《 ᠲᠤᠬᠠᠶᠢᠯᠠᠭᠰᠠᠨ ᠠᠵᠢᠯ ᠤᠨ ᠴᠢᠳᠠᠪᠤᠷᠢᠲᠠᠨ 》 ᠤ ᠴᠣᠯᠠ ᠤᠯᠵᠦ ᠂ 2 ᠪᠠᠶᠢᠴᠠᠭᠠᠬᠤ ᠠᠵᠢᠯᠲᠠᠨ 《 ᠪᠦᠬᠦ ᠬᠣᠲᠠ ᠶᠢᠨ ᠡᠷᠡᠭᠦᠦ ᠶᠢᠨ ᠬᠡᠷᠡᠭ ᠢ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠴᠢᠳᠠᠪᠤᠷᠢᠲᠠᠨ 》 ᠤ ᠴᠣᠯᠠ ᠤᠯᠵᠦ ᠂ 1 ᠪᠠᠶᠢᠴᠠᠭᠠᠬᠤ ᠠᠵᠢᠯᠲᠠᠨ 《 ᠰᠢᠯᠢᠳᠡᠭ ᠬᠡᠷᠡᠭ ᠰᠢᠢᠳᠪᠦᠷᠢᠯᠡᠭᠰᠡᠨ ᠱᠠᠩᠨᠠᠯ 》 ᠤᠯᠵᠦ ᠂ 1 ᠪᠢᠴᠢᠭᠡᠴᠢ 《 ᠣᠳᠣᠳ ᠤᠨ ᠪᠢᠴᠢᠭᠡᠴᠢ 》 ᠶᠢᠨ ᠴᠣᠯᠠ ᠣᠯᠪᠠ᠃
ᠭᠤᠷᠪᠠ ᠂ ᠴᠢᠳᠠᠪᠤᠷᠢᠲᠠᠨ ᠤ ᠦᠢᠯᠡᠳᠦᠯ ᠢ ᠪᠠᠳᠠᠷᠠᠭᠤᠯᠵᠤ ᠂ ᠦᠷ᠎ᠡ ᠪᠦᠲᠦᠭᠡᠯ ᠢ 《 ᠶᠠᠭᠠᠬᠢᠵᠤ ᠬᠡᠷᠡᠭᠯᠡᠬᠦ 》 ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠨᠢᠭᠡ ᠳᠦ ᠴᠢᠳᠠᠪᠤᠷᠢ ᠶᠢ ᠶᠠᠷᠢᠵᠤ ᠂ ᠣᠷᠣᠨ ᠪᠠᠶᠢᠷᠢ ᠣᠯᠭᠣᠨ᠎ᠠ᠃ 《 ᠴᠢᠳᠠᠪᠤᠷᠢ ᠲᠠᠶ ᠶᠢ ᠨᠢ ᠳᠡᠪᠰᠢᠭᠦᠯᠬᠦ ᠂ ᠴᠢᠳᠠᠪᠤᠷᠢ ᠦᠭᠡᠢ ᠶᠢ ᠨᠢ ᠪᠠᠭᠤᠯᠭᠠᠬᠤ ᠂ ᠶᠡᠷᠦᠮᠳᠡᠭ ᠨᠢ ᠨᠠᠶᠢᠷ ᠲᠠᠯᠪᠢᠬᠤ 》 ᠬᠥᠮᠦᠨ ᠰᠣᠩᠭᠣᠵᠤ ᠬᠥᠮᠦᠨ ᠬᠡᠷᠡᠭᠯᠡᠬᠦ ᠤᠳᠤᠷᠢᠳᠤᠮᠵᠢ ᠶᠢ ᠴᠢᠩᠭᠠᠳᠬᠠᠵᠤ ᠂ ᠡᠩᠨᠡᠭᠡᠨ ᠦ ᠣᠳᠣᠬᠢ ᠪᠠᠶᠢᠳᠠᠯ ᠪᠠ ᠠᠵᠢᠯ ᠤᠨ ᠬᠡᠷᠡᠭᠴᠡᠭᠡ ᠳᠦ ᠴᠢᠭᠯᠡᠭᠦᠯᠦᠨ ᠂ ᠬᠠᠤᠯᠢ ᠪᠠᠷᠢᠬᠤ ᠵᠠᠰᠠᠭ ᠵᠠᠬᠢᠷᠭᠠᠨ ᠤ ᠠᠵᠢᠯᠳᠠᠨ ᠪᠠ ᠪᠠᠶᠢᠴᠠᠭᠠᠬᠤ ᠲᠤᠰᠢᠶᠠᠯᠲᠠᠨ ᠤ ᠲᠤᠰᠠᠯᠠᠭᠴᠢ ᠶᠢᠨ ᠵᠠᠯᠭᠠᠮᠵᠢ ᠬᠥᠮᠦᠵᠢᠭᠦᠯᠬᠦ ᠡᠩᠨᠡᠭᠡ ᠶᠢ ᠪᠠᠶᠢᠭᠤᠯᠵᠤ ᠂ ᠤᠯᠤᠰ ᠲᠦᠷᠦ ᠶᠢᠨ ᠲᠤᠬᠠᠶᠢᠯᠠᠭᠰᠠᠨ ᠠᠵᠢᠯ ᠤᠨ ᠶᠡᠷᠦᠩᠬᠡᠢ ᠢᠯᠡᠷᠡᠯ ᠨᠢ ᠰᠠᠢᠢᠨ ᠪᠠᠶᠢᠬᠤ ᠡᠰᠡᠬᠦ ᠂ ᠬᠠᠤᠯᠢ ᠪᠠᠷᠢᠵᠤ ᠬᠡᠷᠡᠭ ᠰᠢᠢᠳᠪᠦᠷᠢᠯᠡᠬᠦ ᠳᠡᠭᠡᠨ 《 ᠭᠤᠷᠪᠠᠨ ᠦᠷ᠎ᠡ ᠪᠦᠲᠦᠮᠵᠢ 》 ᠶᠢ ᠡᠷᠬᠢᠮᠯᠡᠬᠦ ᠡᠰᠡᠬᠦ ᠶᠢ ᠨᠢᠭᠡᠳᠬᠡᠬᠦ ᠂ ᠲᠤᠰᠬᠠᠢ ᠠᠵᠢᠯ ᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠴᠢᠬᠤᠯᠠᠴᠢᠯᠠᠬᠤ ᠡᠰᠡᠬᠦ ᠵᠡᠷᠭᠡ ᠪᠡᠷ ᠲᠤᠰᠢᠶᠠᠯ ᠳᠡᠪᠰᠢᠬᠦ ᠶᠢᠨ ᠴᠢᠬᠤᠯᠠ ᠦᠨᠳᠦᠰᠦᠯᠡᠯ ᠪᠣᠯᠭᠠᠵᠤ ᠂ ᠳᠤᠮᠳᠠ ᠳᠠᠪᠬᠤᠷᠭ᠎ᠠ ᠶᠢᠨ ᠠᠵᠢᠯ ᠤᠨ ᠪᠠᠶᠢᠷᠢ ᠳᠠᠬᠢ 9 ᠬᠥᠮᠦᠨ ᠤᠳᠠᠭ᠎ᠠ ᠳᠤ ᠲᠤᠬᠢᠷᠠᠭᠤᠯᠤᠯᠳᠠ ᠬᠢᠵᠦ ᠂ ᠠᠵᠢᠯ ᠤᠨ ᠬᠠᠷᠢᠴᠠᠭ᠎ᠠ ᠶᠢ ᠤᠯᠠᠮ ᠨᠢᠭᠡ ᠠᠯᠬᠤᠮ ᠰᠢᠯᠤᠭᠤᠳᠬᠠᠵᠤ ᠂ ᠺᠠᠳ᠋ᠷ ᠤᠨ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠂ ᠵᠢᠳᠬᠦᠯ ᠴᠢᠷᠮᠠᠶᠢᠯᠭ᠎ᠠ ᠲᠠᠶ ᠬᠥᠮᠦᠨ ᠢ ᠣᠷᠣᠨ ᠪᠠᠶᠢᠷᠢ ᠲᠠᠶ ᠪᠣᠯᠭᠠᠬᠤ ᠶᠢ ᠪᠡᠶᠡᠯᠡᠭᠦᠯᠦᠨ᠎ᠡ᠃ ᠬᠣᠶᠠᠷ ᠲᠤ ᠦᠨ᠎ᠡ ᠦᠷᠲᠡᠭ ᠢ ᠡᠷᠬᠢᠮᠯᠡᠵᠦ᠂ ᠬᠡᠪ ᠰᠢᠨᠵᠢ ᠱᠤᠭᠤᠬᠤ᠃ ᠮᠣᠷᠠᠯ ᠴᠢᠳᠠᠪᠤᠷᠢ ᠬᠣᠣᠰᠯᠠᠭᠰᠠᠨ᠂ ᠠᠵᠢᠯ ᠤᠨ ᠪᠦᠲᠦᠮᠵᠢ ᠢᠯᠡᠷᠬᠡᠶ᠂ ᠣᠯᠠᠨ ᠲᠦᠮᠡᠨ ᠦ ᠮᠡᠳᠡᠷᠡᠭᠰᠡᠨ ᠵᠠᠯᠠᠭᠤ ᠺᠠᠳ᠋ᠷ᠂ 《 ᠰᠢᠯᠢᠳᠡᠭ ᠡᠪ ᠬᠠᠮᠲᠤ ᠨᠠᠮ ᠤᠨ ᠭᠡᠰᠢᠭᠦᠨ 》 ᠂ 《 ᠰᠢᠯᠢᠳᠡᠭ ᠨᠠᠮ ᠤᠨ ᠠᠵᠢᠯᠲᠠᠨ 》 ᠢ ᠰᠢᠯᠭᠠᠷᠠᠭᠤᠯᠤᠭᠰᠠᠨ ᠰᠠᠭᠤᠷᠢᠨ ᠳᠡᠭᠡᠷ᠎ᠡ᠂ ᠲᠡᠷᠢᠭᠦᠨ ᠦ ᠬᠢ ᠪᠣᠯᠬᠤ ᠪᠠᠷ ᠴᠢᠷᠮᠠᠶᠢᠵᠤ ᠰᠢᠯᠢᠳᠡᠭ ᠢ ᠡᠭᠦᠳᠬᠦ ᠠᠵᠢᠯᠯᠠᠭ᠎ᠠ ᠲᠠᠶ ᠤᠶᠠᠯᠳᠤᠭᠤᠯᠤᠨ᠂ ᠪᠠᠶᠢᠴᠠᠭᠠᠬᠤ ᠠᠵᠢᠯ ᠪᠠ ᠪᠠᠶᠢᠴᠠᠭᠠᠬᠤ ᠡᠩᠨᠡᠭᠡᠨ ᠦ ᠪᠦᠬᠦᠯᠢ ᠴᠣᠭᠴᠠ ᠶᠢᠨ ᠳᠦᠷᠢ ᠲᠥᠷᠬᠦ ᠶᠢ ᠭᠦᠢᠴᠡᠳ ᠢᠯᠡᠷᠡᠭᠦᠯᠦᠭᠰᠡᠨ ᠨᠢᠭᠡᠳᠦᠭᠡᠷ ᠹᠷᠣᠨᠲ᠋ ᠤᠨ ᠪᠠᠶᠢᠴᠠᠭᠠᠬᠤ ᠠᠵᠢᠯᠲᠠᠨ ᠤ ᠳᠤᠮᠳᠠ ᠠᠴᠠ ᠪᠦᠬᠦ ᠲᠠᠯ᠎ᠠ ᠪᠠᠷ ᠴᠠᠭᠠᠷᠠᠭᠰᠠᠨ ᠨᠡᠶᠢᠲᠡᠯᠢᠭ ᠵᠢᠱᠢᠶ᠎ᠡ ᠶᠢ ᠠᠭᠤᠳᠠᠯᠪᠠ᠂ ᠪᠠᠰᠠ ᠪᠠᠶᠢᠴᠠᠭᠠᠬᠤ ᠱᠤᠭᠤᠮ ᠲᠠᠶ ᠨᠢᠭᠲᠠ ᠤᠶᠠᠯᠳᠤᠭᠰᠠᠨ ᠡᠯ᠎ᠡ ᠲᠠᠯ᠎ᠠ ᠶᠢᠨ ᠲᠠᠩ ᠵᠦᠢᠯ ᠦᠨ ᠨᠡᠶᠢᠲᠡᠯᠢᠭ ᠵᠢᠱᠢᠢ᠎ᠡ ᠶᠢ ᠪᠤᠢ ᠪᠣᠯᠭᠠᠪᠠ᠂ ᠠᠳᠠᠯᠢ ᠪᠤᠰᠤ ᠠᠵᠢᠯ ᠤᠨ ᠪᠠᠶᠢᠷᠢ ᠪᠠ ᠲᠤᠰᠢᠶᠠᠯ ᠬᠠᠷᠢᠭᠤᠴᠠᠯᠭ᠎ᠠ ᠶᠢᠨ ᠣᠨᠴᠠᠯᠢᠭ ᠲᠤ ᠴᠢᠭᠯᠡᠭᠦᠯᠦᠨ᠂ 《 ᠤᠷᠠᠳ ᠤᠨ ᠡᠮᠦᠨᠡᠲᠦ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶᠠᠨ ᠤ ᠨᠡᠶᠢᠲᠡᠯᠢᠭ ᠵᠢᠱᠢᠶ᠎ᠡ ᠶᠢ ᠰᠣᠩᠭᠣᠵᠤ ᠪᠣᠶ ᠪᠣᠯᠭᠠᠬᠤ ᠲᠤᠬᠠᠶ ᠬᠡᠷᠡᠭᠵᠢᠭᠦᠯᠬᠦ ᠲᠥᠰᠦᠯ 》 ᠢ ᠲᠣᠭᠲᠠᠭᠠᠪᠠ᠃ ᠠᠳᠠᠯᠢ ᠪᠤᠰᠤ ᠳᠠᠪᠬᠤᠷᠭ᠎ᠠ ᠂ ᠠᠳᠠᠯᠢ ᠪᠤᠰᠤ ᠲᠦᠷᠦᠯ ᠵᠦᠢᠯ᠂ ᠠᠳᠠᠯᠢ ᠪᠤᠰᠤ ᠠᠵᠢᠯ ᠤᠨ ᠪᠠᠶᠢᠷᠢ᠂ ᠠᠳᠠᠯᠢ ᠪᠤᠰᠤ ᠲᠤᠰᠢᠶᠠᠯ ᠬᠠᠷᠢᠭᠤᠴᠠᠯᠭ᠎ᠠ ᠵᠡᠷᠭᠡ ᠲᠠᠯ᠎ᠠ ᠪᠠᠷ ᠲᠡᠷᠢᠭᠦᠨ ᠦ ᠨᠡᠶᠢᠲᠡᠯᠢᠭ ᠵᠢᠱᠢᠶ᠎ᠡ ᠶᠢ ᠰᠢᠯᠭᠠᠷᠠᠭᠤᠯᠤᠨ᠎ᠠ᠂ ᠲᠡᠷᠡᠴᠢᠯᠡᠨ 《 ᠬᠤᠶᠠᠷ ᠪᠦᠷᠭᠡ ᠨᠢᠭᠡ ᠳᠠᠪᠴᠠᠩ两微一端 》 ᠪᠡᠷ ᠳᠠᠮᠵᠢᠭᠤᠯᠤᠨ ᠳᠡᠯᠭᠡᠷᠡᠬᠥᠯᠤᠨ ᠣᠬᠠᠭᠤᠯᠵᠦ᠂ 《 ᠨᠢᠭᠡ ᠳ᠋ᠧᠩ ᠠᠰᠠᠭᠠᠪᠠᠯ᠂ ᠨᠢᠭᠡ ᠶᠡᠬᠡ ᠬᠡᠰᠡᠭ ᠢ ᠭᠡᠷᠡᠯᠲᠦᠭᠦᠯᠬᠦ 》 ᠵᠣᠷᠢᠯᠭ᠎ᠠ ᠳᠤ ᠬᠦᠷᠬᠥ᠃ ᠰᠣᠩᠭᠣᠭᠳᠠᠭᠰᠠᠨ ᠳᠡᠷᠭᠡᠳᠡᠬᠢ ᠰᠠᠶᠢᠨ ᠬᠥᠮᠦᠨ ᠱᠸᠨ ᠾᠧ ᠹᠧᠢ ᠤᠰᠤᠨ ᠳᠤ ᠤᠨᠠᠭᠰᠠᠨ ᠬᠥᠮᠦᠨ ᠢ ᠡᠷᠡᠯᠬᠡᠭ ᠢᠶᠡᠷ ᠠᠪᠤᠷᠠᠵᠤ ᠂ ᠶᠣᠰᠣ ᠮᠣᠷᠠᠯ ᠤᠨ ᠵᠢᠱᠢᠶᠡᠴᠢ ᠭᠦᠸᠧ ᠬᠠᠶ ᠰᠢᠶᠠ ᠨᠠᠰᠤᠲᠠᠨ ᠢᠶᠠᠨ ᠠᠴᠢᠯᠠᠵᠤ ᠂ ᠲᠡᠳᠡᠨ ᠦ ᠦᠶᠯᠡ ᠠᠵᠢᠯᠯᠠᠭ᠎ᠠ ᠨᠢ ᠣᠯᠠᠨ ᠤ ᠰᠤᠷᠤᠯᠴᠠᠬᠤ ᠥᠯᠢᠭᠡᠷ ᠳᠠᠭᠤᠷᠢᠶᠠᠯ ᠪᠣᠯᠵᠣ ᠂ ᠣᠯᠠᠨ ᠲᠦᠮᠡᠨ ᠦ ᠳᠠᠭᠤᠷᠢᠰᠬᠠᠯ ᠪᠣᠯᠤᠭᠰᠠᠨ ᠪᠠᠶᠢᠨ᠎ᠠ᠃ ᠭᠤᠷᠪᠠ ᠳᠤ ᠬᠦᠴᠦᠨ ᠴᠢᠳᠠᠪᠤᠷᠢ ᠶᠢ ᠡᠷᠬᠢᠮᠯᠡᠵᠦ ᠂ ᠠᠮᠢᠳᠤᠯᠢᠭ ᠬᠦᠴᠦᠨ ᠢ ᠬᠥᠭᠵᠢᠭᠡᠨ᠎ᠡ᠃ ᠳᠣᠲᠣᠭᠠᠳᠤ ᠶᠢᠨ ᠠᠵᠢᠯ ᠤᠨ ᠪᠠᠶᠢᠷᠢ ᠡᠭᠡᠯᠵᠢᠯᠡᠭᠦᠯᠬᠦ ᠠᠵᠢᠯ ᠤᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ ᠂ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠬᠤ ᠠᠵᠢᠯ ᠢ ᠬᠤᠭᠤᠴᠠᠭ᠎ᠠ ᠪᠦᠯᠦᠭ ᠬᠤᠪᠢᠶᠠᠨ ᠲᠤᠬᠢᠷᠠᠭᠤᠯᠵᠤ ᠂ ᠪᠠᠶᠢᠴᠠᠭᠠᠬᠤ ᠲᠤᠰᠢᠶᠠᠯᠲᠠᠨ ᠤ ᠲᠤᠰᠠᠯᠠᠭᠴᠢ ᠶᠢ ᠵᠠᠰᠠᠭ ᠵᠠᠬᠢᠷᠭᠠᠨ ᠤ ᠠᠵᠢᠯ ᠤᠨ ᠪᠠᠶᠢᠷᠢᠨ ᠳᠤ ᠳᠠᠪᠲᠠᠨ ᠪᠣᠯᠪᠠᠰᠤᠷᠠᠭᠤᠯᠵᠤ ᠂ ᠵᠠᠰᠠᠭ ᠵᠠᠬᠢᠷᠭᠠᠨ ᠤ ᠠᠵᠢᠯᠳᠠᠨ ᠢ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠲᠦ ᠣᠴᠢᠭᠤᠯᠤᠨ 《 ᠬᠢᠴᠢᠶᠡᠯ ᠨᠥᠬᠥᠭᠦᠯᠵᠦ 》 ᠂ ᠰᠠᠯᠠᠭ᠎ᠠ ᠮᠥᠴᠢᠷ ᠦᠨ ᠳᠣᠲᠣᠭᠠᠳᠤ ᠶᠢᠨ ᠲᠤᠰᠠᠯᠠᠭᠴᠢ ᠶᠢ ᠨᠡᠪᠲᠡᠷᠡᠭᠦᠯᠦᠨ ᠬᠡᠷᠡᠭᠯᠡᠵᠦ ᠂ ᠪᠠᠶᠢᠴᠠᠭᠠᠬᠤ ᠦᠢᠯᠡᠰ ᠦᠨ ᠰᠢᠨ᠎ᠡ ᠠᠮᠵᠢᠯᠲᠠ ᠪᠦᠲᠦᠮᠵᠢ ᠤᠯᠬᠤ ᠶᠢ ᠬᠦᠴᠦ ᠪᠡᠨ ᠬᠠᠮᠲᠤᠳᠬᠠᠨ ᠠᠬᠢᠭᠤᠯᠪᠠ᠃ ᠤᠢᠢᠷ᠎ᠠ ᠶᠢᠨ ᠭᠤᠷᠪᠠᠨ ᠵᠢᠯ ᠳᠦ ᠂ ᠪᠠᠶᠢᠴᠠᠭᠠᠬᠤ ᠠᠵᠢᠯᠲᠠᠨ ᠢ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠬᠤ ᠠᠵᠢᠯ ᠳᠤ 5 ᠨᠡᠷᠡᠰ ᠲᠣᠬᠢᠷᠠᠭᠤᠯᠵᠤ ᠂ ᠪᠠᠶᠢᠴᠠᠭᠠᠬᠤ ᠠᠵᠢᠯᠲᠠᠨ ᠤ ᠦᠰᠦᠨ ᠪᠣᠶᠢᠵᠢᠬᠤ ᠵᠠᠮ ᠢ ᠥᠷᠭᠡᠳᠬᠡᠵᠦ ᠂ ᠪᠠᠶᠢᠴᠠᠭᠠᠬᠤ ᠡᠩᠨᠡᠭᠡᠨ ᠦ ᠪᠦᠲᠦᠴᠡ ᠶᠢ ᠰᠢᠯᠢᠳᠡᠭᠵᠢᠭᠦᠯᠦᠨ ᠂ ᠪᠠᠶᠢᠴᠠᠭᠠᠬᠤ ᠡᠩᠨᠡᠭᠡᠨ ᠦ ᠠᠮᠢᠵᠢᠷᠠᠯ ᠤᠨ ᠬᠦᠴᠦᠨ ᠢ ᠬᠥᠭᠵᠢᠭᠡᠵᠦ ᠂ ᠳᠦᠷᠢ ᠪᠠᠢᠷᠢ ᠶᠢᠨ ᠬᠤᠪᠢᠷᠠᠭᠤᠯᠤᠯᠲᠠ ᠪᠠᠷ ᠳᠠᠮᠵᠢᠭᠤᠯᠤᠨ ᠠᠵᠢᠯ ᠤᠨ ᠪᠠᠶᠢᠷᠢ ᠶᠢᠨ ᠠᠭᠤᠯᠤᠭᠳᠠᠬᠤᠨ ᠢ ᠪᠠᠶᠠᠯᠢᠭᠵᠢᠭᠤᠯᠵᠤ ᠂ 《 ᠬᠡᠷᠡᠭ ᠨᠢᠭᠡᠪᠦᠷᠢ ᠶᠢ ᠴᠢᠨᠠᠷ ᠰᠠᠶᠢᠲᠠᠢ ᠪᠥᠭᠡᠳ ᠪᠦᠲᠦᠮᠵᠢ ᠰᠠᠶᠢᠲᠠᠢ ᠪᠠᠷ ᠰᠠᠶᠢᠲᠤᠷ ᠰᠢᠢᠳᠪᠦᠷᠢᠯᠡᠬᠦ 》 ᠶᠢ ᠪᠠᠶᠢᠴᠠᠭᠠᠬᠤ ᠠᠮᠢᠳᠤᠯᠢᠭ ᠦᠢᠯᠡᠳᠦᠯᠭᠡ ᠪᠣᠯᠭᠠᠪᠠ᠃