ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠳᠠᠯᠠᠳ ᠬᠣᠰᠢᠭᠣᠨ  ᠤ ᠠᠷᠠᠳ ᠤᠨ ᠪᠠᠶᠢᠴᠠᠭᠠᠬᠤ ᠬᠣᠷᠢᠶ᠎ᠠ ᠭᠤᠷᠪᠠ ᠶᠢ ᠠᠭᠤᠰᠤᠯᠴᠠᠭᠤᠯᠤᠨ ᠠᠷᠠᠳ ᠣᠯᠠᠨ ᠤ ᠶᠠᠪᠤᠵᠤ ᠰᠠᠭᠤᠬᠤ ᠶᠢᠨ ᠠᠮᠤᠷ ᠲᠦᠪᠰᠢᠨ ᠢ ᠬᠠᠮᠠᠭᠠᠯᠠᠪᠠ

2024-11-19 09:27:17
ᠵᠣᠬᠢᠶᠠᠭᠴᠢ
ᠶᠢᠷᠲᠢᠨᠴᠦ

 

ᠡᠨᠡ ᠵᠢᠯ ᠡᠴᠡ ᠨᠠᠰᠢ ᠂ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠠᠩ ᠢᠯᠡᠭᠦᠦ ᠰᠠᠨᠠᠭᠠᠴᠢᠯᠠᠭ᠎ᠠ  ᠠᠴᠠ ᠪᠠᠨ ᠭᠠᠷᠳᠠᠬᠤ ᠴᠡᠭ ᠬᠢᠭᠡᠳ ᠬᠦᠴᠦᠯᠡᠬᠦ ᠴᠡᠭ ᠣᠯᠵᠤ ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠳᠤ ᠬᠣᠯᠪᠣᠭᠳᠠᠭᠰᠠᠨ ᠠᠷᠠᠳ ᠤᠨ ᠠᠮᠢᠳᠤᠷᠠᠯ ᠤᠨ ᠨᠡᠶᠢᠲᠡ ᠶᠢᠨ ᠠᠰᠢᠭᠲᠣ ᠵᠠᠷᠭᠤ ᠶᠢᠨ ᠬᠡᠷᠡᠭ ᠢ ᠦᠨᠡᠨ ᠰᠡᠳᠬᠢᠯ ᠡᠴᠡ ᠪᠡᠨ ᠰᠠᠶᠢᠲᠤᠷ ᠰᠢᠶᠳᠪᠦᠷᠢᠯᠡᠵᠦ᠂ ᠭᠤᠷᠪᠠ ᠶᠢ ᠠᠭᠣᠰᠣᠯᠴᠠᠭᠣᠯᠣᠭᠰᠠᠨ ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ ᠶᠢ ᠬᠡᠷᠡᠭᠯᠡᠨ ᠂ ᠠᠷᠠᠳ ᠣᠯᠠᠨ ᠤ ᠶᠠᠪᠤᠵᠤ ᠰᠠᠭᠤᠬᠤ ᠶᠢᠨ ᠠᠮᠤᠷ ᠲᠦᠪᠰᠢᠨ ᠢ ᠰᠠᠶᠢᠲᠤᠷ ᠰᠠᠬᠢᠨ ᠬᠠᠮᠠᠭᠠᠯᠠᠵᠤ ᠂ ᠠᠷᠠᠳ ᠣᠯᠠᠨ ᠤ ᠮᠡᠳᠡᠷᠡᠵᠦ ᠪᠣᠯᠬᠤ ᠂ ᠣᠶᠢᠯᠠᠭᠠᠵᠤ ᠪᠣᠯᠬᠤ ᠂ ᠪᠣᠳᠠᠲᠤ ᠠᠰᠢᠭ ᠭᠥᠷᠳᠡᠬᠦ ᠪᠠᠢᠴᠠᠭᠠᠬᠣ ᠠᠷᠠᠳ ᠤᠨ ᠲᠥᠯᠥᠭᠡ ᠪᠣᠳᠠᠲᠤ ᠶᠠᠪᠤᠳᠠᠯ ᠢ ᠦᠷᠭᠦᠯᠵᠢᠯᠡᠨ ᠪᠣᠳᠠᠲᠠᠶᠢᠵᠢᠭᠤᠯᠪᠠ ᠃ 

1. ᠰᠤᠳᠤᠯᠤᠨ ᠶᠠᠷᠢᠯᠴᠠᠵᠤ ᠵᠥᠪᠳᠡᠯᠴᠡᠬᠦ + ᠢᠯᠡ ᠪᠡᠷ ᠭᠡᠷᠡᠴᠢᠯᠡᠭᠡ ᠰᠣᠨᠣᠰᠬᠤ 

ᠲᠤᠰ ᠬᠣᠷᠢᠶ᠎ᠠ ︽ᠨᠡᠶᠢᠲᠡ ᠶᠢᠨ ᠠᠰᠢᠭ︾ ᠭᠡᠬᠦ ᠭᠣᠣᠯᠳᠠᠯᠭ᠎ᠠ ᠶᠢ ᠪᠠᠲᠤ ᠡᠵᠡᠮᠳᠡᠵᠦ᠂ ᠵᠠᠭᠠᠯᠳᠤᠬᠤ ᠠᠴᠠ ᠡᠮᠦᠨ᠎ᠡ ᠵᠥᠪᠳᠡᠯᠴᠡᠬᠦ ᠲᠣᠭᠲᠠᠴᠠ ᠶᠢ ᠬᠡᠷᠡᠭᠯᠡᠨ ᠨᠡᠶᠢᠲᠡ ᠶᠢᠨ ᠠᠰᠢᠭ ᠤᠨ ᠬᠣᠬᠢᠷᠠᠯ ᠡᠭᠦᠰᠦᠭᠰᠡᠨ ᠢ ᠰᠢᠶᠳᠪᠦᠷᠢᠯᠡᠬᠦ ᠪᠣᠭᠣᠮᠲᠠ ᠶᠢ ᠤᠷᠤᠭᠰᠢ ᠰᠢᠯᠵᠢᠭᠦᠯᠬᠦ ᠶᠢ ᠢᠳᠡᠪᠬᠢᠲᠡᠶ ᠪᠡᠷ ᠬᠠᠶᠢᠨ ᠰᠦᠪᠡᠭᠴᠢᠯᠡᠵᠦ᠂ ᠤᠯᠠᠨ ᠰᠠᠯᠠᠭ᠎ᠠ ᠮᠥᠴᠢᠷ ᠬᠠᠮᠵᠢᠯᠴᠠᠨ ᠬᠦᠴᠦᠯᠡᠵᠦ᠂ ᠨᠡᠶᠢᠲᠡ ᠶᠢᠨ ᠠᠰᠢᠭ ᠤᠨ ᠬᠠᠮᠠᠭᠠᠯᠠᠯᠲᠠ ᠶᠢ ᠥᠨᠳᠥᠷ ᠪᠦᠲᠦᠮᠵᠢᠲᠡᠶ ᠪᠡᠷ ᠨᠢᠭᠡᠳᠦᠯᠲᠡᠶ ᠲᠥᠯᠥᠪᠯᠡᠨ ᠠᠬᠢᠭᠤᠯᠬᠤ ᠠᠵᠢᠯ ᠤᠨ ᠪᠠᠶᠢᠷᠢᠰᠢᠯ ᠢ ᠬᠦᠴᠦᠯᠡᠨ ᠪᠤᠢ ᠪᠣᠯᠭᠠᠪᠠ᠃ ᠡᠭᠦᠨ ᠦ ᠵᠡᠷᠭᠡᠴᠡᠭᠡᠪᠡᠷ᠂ ᠵᠥᠪᠳᠡᠯᠴᠡᠭᠡᠨ ᠦ ᠰᠢᠨᠵᠢᠯᠡᠬᠦ ᠤᠬᠠᠭᠠᠨᠴᠢ ᠴᠢᠨᠠᠷ᠂ ᠪᠦᠬᠦ ᠲᠠᠯᠠᠲᠤ ᠴᠢᠨᠠᠷ ᠢ ᠨᠡᠮᠡᠭᠳᠡᠭᠦᠯᠬᠦ ᠶᠢᠨ ᠲᠥᠯᠥᠭᠡ᠂ ᠰᠢᠶᠳᠪᠦᠷᠢᠲᠦ ᠪᠤᠳᠤᠯᠭ᠎ᠠ ᠶᠢᠨ ᠢᠯᠡ ᠲᠣᠳᠣ ᠶᠢᠨ ᠬᠡᠮᠵᠢᠶ᠎ᠡ ᠪᠠ ᠲᠥᠪ ᠭᠣᠣᠯᠴᠢ ᠴᠢᠨᠠᠷ ᠢ ᠨᠡᠮᠡᠭᠳᠡᠭᠦᠯᠵᠦ᠂ ᠡᠯ᠎ᠡ ᠲᠠᠯ᠎ᠠ ᠶᠢᠨ ᠲᠤᠬᠠᠶ ᠶᠢᠨ ᠬᠥᠮᠦᠨ ᠪᠠ ᠬᠣᠯᠪᠣᠭᠳᠠᠯ ᠪᠦᠬᠦᠢ ᠠᠰᠢᠭ ᠲᠤᠰᠠ ᠶᠢᠨ ᠲᠠᠯ᠎ᠠ ᠶᠢᠨ ᠬᠢᠨ ᠦ ᠰᠠᠨᠠᠯ ᠢᠶᠠᠨ ᠭᠦᠢᠴᠡᠳ ᠢᠯᠡᠳᠬᠡᠬᠦ ᠪᠠ ᠭᠡᠷᠡᠴᠢ ᠪᠠᠷᠢᠮᠲᠠ ᠬᠠᠩᠭᠠᠬᠤ ᠶᠢ ᠠᠬᠢᠭᠤᠯᠵᠤ᠂ ᠬᠠᠤᠯᠢ ᠴᠠᠭᠠᠵᠠ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠨᠡᠶᠢᠭᠡᠮ ᠦᠨ ᠮᠡᠳᠡᠷᠡᠮᠵᠢ ᠶᠢ ᠨᠡᠮᠡᠭᠳᠡᠭᠦᠯᠵᠦ᠂ ᠨᠢᠳᠤᠨ ᠳᠦ ᠦᠵᠡᠭᠳᠡᠬᠦ᠂ ᠴᠢᠬᠢᠨ ᠳᠦ ᠰᠣᠨᠣᠰᠳᠠᠬᠤ ᠬᠠᠤᠯᠢ ᠪᠠᠷ ᠵᠠᠰᠠᠬᠤ ᠬᠡᠯᠪᠡᠷᠢ ᠪᠡᠷ ᠠᠷᠠᠳ ᠤᠯᠠᠨ ᠤ ᠳᠡᠮᠵᠢᠯᠭᠡ ᠶᠢ  ᠣᠯᠵᠠᠢ᠃ ᠡᠨᠡ ᠵᠢᠯ ᠦᠨ 8 ᠰᠠᠷ᠎ᠠ ᠳᠤ ︽ᠨᠡᠶᠢᠲᠡ  ᠶᠢᠨ ᠲᠥᠯᠥᠭᠡ ᠵᠢᠳᠬᠦᠬᠦ︾ ᠰᠠᠶᠢᠨ ᠳᠤᠷ᠎ᠠ  ᠶᠢᠨ ᠦᠢᠯᠡᠴᠢᠯᠡᠭᠴᠢ  ᠶᠢᠨ ᠲᠤᠰᠬᠠᠭᠰᠠᠨ ᠢᠶᠠᠷ ᠂ ᠬᠠᠷᠢᠶ᠎ᠠ ᠣᠷᠣᠨ ᠤ ᠨᠢᠭᠡᠨ ᠲᠣᠨᠣᠯᠵᠢᠨ ᠵᠠᠮ ᠨᠢ ᠬᠣᠲᠠ ᠬᠥᠳᠡᠭᠡ  ᠶᠢᠨ ᠠᠭᠤᠯᠵᠠᠷ ᠲᠤ ᠪᠠᠶᠢᠭ᠎ᠠ ᠪᠣᠯᠬᠣᠷ ᠥᠩᠭᠡᠷᠡᠬᠦ ᠲᠡᠷᠭᠡᠨ ᠦ ᠲᠣᠭ᠎ᠠ  ᠠᠷᠪᠢᠨ᠂ ᠬᠤᠷᠳᠤᠴᠠ ᠨᠢ ᠲᠦᠷᠭᠡᠨ ᠪᠥᠭᠡᠳ ᠴᠢᠬᠤᠯᠠ ᠪᠦᠬᠦᠢ ᠵᠠᠮ ᠬᠠᠷᠢᠯᠴᠠᠭᠠᠨ ᠤ ᠲᠥᠬᠥᠭᠡᠷᠦᠮᠵᠢ ᠳᠤᠲᠠᠮᠠᠭ  ᠠᠴᠠ ᠪᠣᠯᠵᠤ ᠵᠠᠮ ᠬᠠᠷᠢᠯᠴᠠᠭᠠᠨ ᠤ ᠡᠨᠳᠡᠯ ᠭᠠᠷᠬᠤ ᠨᠣᠷᠮ᠎ᠠ ᠨᠡᠯᠢᠶᠡᠳ ᠥᠨᠳᠥᠷ ᠪᠠᠢᠵᠣ ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ  ᠶᠢᠨ ᠠᠮᠤᠷ ᠲᠦᠪᠰᠢᠨ  ᠢ ᠰᠦᠷᠳᠡᠭᠦᠯᠵᠦ ᠪᠠᠢᠪᠠ᠃ ᠳᠠᠯᠠᠳ ᠬᠣᠰᠢᠭᠣᠨ  ᠤ ᠪᠠᠶᠢᠴᠠᠭᠠᠬᠤ ᠬᠣᠷᠢᠶᠠᠨ ᠤ ᠨᠡᠶᠢᠲᠡ ᠶᠢᠨ  ᠠᠰᠢᠭᠲᠣ ᠵᠠᠷᠭᠤ ᠶᠢᠨ ᠪᠠᠶᠢᠴᠠᠭᠠᠬᠤ ᠰᠠᠯᠠᠭ᠎ᠠ ᠮᠥᠴᠢᠷ ᠳᠡᠭᠡᠷ᠎ᠡ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ ᠬᠠᠤᠯᠢ ᠶᠣᠰᠣᠭᠠᠷ ᠬᠡᠷᠡᠭ ᠪᠣᠯᠭᠠᠨ ᠳᠠᠩᠰᠠᠯᠠᠵᠤ ᠪᠠᠶᠢᠴᠠᠭᠠᠪᠠ ᠃ ᠣᠯᠠᠨ ᠬᠣᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠵᠥᠪᠳᠡᠯᠴᠡᠭᠡᠨ ᠦ ᠬᠤᠷᠠᠯ ᠬᠣᠷᠠᠯᠳᠣᠭᠣᠯᠬᠣ + ᠢᠯᠡ ᠪᠡᠷ ᠭᠡᠷᠡᠴᠢᠯᠡᠭᠡ ᠰᠣᠨᠣᠰᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠬᠣᠯᠪᠣᠭᠳᠠᠯ ᠪᠦᠭᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠦᠨ ᠬᠢᠨ ᠳᠡᠭᠡᠷ᠎ᠡ ᠳᠤᠷᠠᠳᠤᠭᠰᠠᠨ ᠪᠣᠳᠠᠲᠠᠶ ᠠᠰᠠᠭᠤᠳᠠᠯ ᠤᠨ ᠲᠠᠯ᠎ᠠ ᠪᠠᠷ ᠥᠪᠡᠷ ᠥᠪᠡᠷ ᠦᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠦᠷᠢᠶ᠎ᠡ ᠬᠡᠪᠴᠢᠶ᠎ᠡ ᠵᠢᠴᠢ ᠴᠡᠭᠴᠡᠯᠡᠨ ᠰᠠᠶᠢᠵᠢᠷᠠᠭᠤᠯᠬᠤ ᠭᠣᠣᠯᠳᠠᠯᠭ᠎ᠠ ᠪᠣᠯᠤᠨ ᠠᠷᠭ᠎ᠠ ᠬᠡᠯᠪᠡᠷᠢ ᠪᠡᠨ ᠤᠯᠠᠮ ᠲᠣᠳᠣᠷᠬᠠᠶ ᠪᠣᠯᠭᠠᠭᠰᠠᠨ ᠤ ᠬᠠᠮᠲᠤ ᠪᠠᠰᠠ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠂ ᠤᠯᠤᠰ ᠲᠦᠷᠦ ᠶᠢᠨ ᠵᠥᠪᠯᠡᠯᠭᠡᠨ ᠦ ᠬᠡᠰᠢᠭᠦᠨ ᠵᠢᠴᠢ ᠠᠷᠠᠳ ᠤᠨ ᠬᠢᠨᠠᠯᠲᠠ ᠲᠠᠯᠪᠢᠭᠴᠢᠳ ᠤᠨ ᠤᠯᠠᠨ ᠲᠠᠯ᠎ᠠ ᠶᠢᠨ ᠰᠠᠨᠠᠯ ᠢ ᠰᠣᠨᠣᠰᠴᠤ ᠂ ᠡᠭᠦᠳᠡ ᠪᠡᠨ ᠨᠡᠭᠡᠭᠡᠵᠦ ᠢᠳᠬᠠᠯ ᠬᠦᠯᠢᠶᠡᠨ ᠂ ᠬᠠᠮᠵᠢᠯᠴᠠᠨ ᠬᠦᠴᠦᠯᠡᠵᠦ ᠂ ᠪᠦᠭᠦ ᠬᠣᠰᠢᠭᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠢ ᠬᠡᠷᠬᠢᠨ ᠴᠢᠩᠭ᠋ᠠᠳᠬᠠᠬᠤ ᠲᠠᠯ᠎ᠠ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠭᠰᠠᠨ ᠪᠠᠶᠢᠨ᠎ᠠ ᠃ 

2 .ᠲᠥᠯᠥᠭᠡᠯᠡᠭᠴᠢ  ᠶᠢᠨ ᠰᠠᠨᠠᠭᠤᠯᠭ᠎ᠠ +ᠪᠠᠶᠢᠴᠠᠭᠠᠬᠤ ᠠᠵᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ 

ᠳᠠᠯᠠᠳ ᠬᠣᠰᠢᠭᠣᠨ  ᠤ ᠪᠠᠶᠢᠴᠠᠭᠠᠬᠤ ᠬᠣᠷᠢᠶ᠎ᠠ ᠲᠥᠯᠥᠭᠡᠯᠡᠭᠴᠢ ᠭᠡᠰᠢᠭᠦᠳ ᠲᠡᠶ ᠬᠠᠷᠢᠯᠴᠠᠬᠤ ᠳᠦᠷᠢᠮ ᠦᠨ ᠳᠠᠪᠠᠭᠤᠯᠢᠭ ᠢ ᠭᠦᠢᠴᠡᠳ ᠠᠰᠢᠭᠯᠠᠵᠤ ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠂ ᠤᠯᠤᠰ ᠲᠥᠷᠥ ᠶᠢᠨ ᠵᠥᠪᠯᠡᠯᠭᠡᠨ ᠦ ᠭᠡᠰᠢᠭᠦᠨ ᠦ ᠰᠠᠨᠠᠯ ᠳᠤᠷᠠᠳᠤᠯᠭ᠎ᠠ ᠪᠣᠯᠤᠨ ᠪᠠᠶᠢᠴᠠᠭᠠᠬᠤ ᠬᠢᠨᠠᠯᠲᠠ ᠲᠠᠯᠪᠢᠬᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢᠨ ᠣᠷᠭᠠᠨᠢᠭ ᠤᠶᠠᠯᠳᠤᠯ ᠢ ᠴᠢᠷᠮᠠᠶᠢᠨ ᠠᠬᠢᠭᠤᠯᠵᠤ ᠂ ᠠᠷᠠᠳ ᠤᠨ ᠠᠮᠢᠳᠤᠷᠠᠯ ᠠᠷᠠᠳ ᠤᠨ ᠠᠰᠢᠭ ᠲᠤᠰᠠ ᠳᠤ ᠬᠣᠯᠪᠣᠭᠳᠠᠬᠤ ︽ᠵᠠᠮ ᠬᠥᠭᠡᠭᠡᠬᠦ︾  ᠲᠠᠶ ᠨᠢᠭᠲᠠ ᠤᠶᠠᠯᠳᠤᠭᠤᠯᠤᠨ᠂ ᠵᠠᠰᠠᠭ ᠵᠠᠬᠢᠷᠭᠠᠨ ᠤ ᠪᠠᠢᠴᠠᠭᠠᠬᠣ᠂ ᠨᠡᠶᠢᠲᠡ ᠶᠢᠨ ᠠᠰᠢᠭᠲᠣ ᠵᠠᠷᠭᠤ ᠶᠢᠨ ᠪᠠᠢᠴᠠᠭᠠᠬᠣ ᠵᠡᠷᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠤᠯᠠᠨ ᠵᠦᠢᠯ ᠦᠨ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠰᠠᠨᠠᠭᠤᠯᠭ᠎ᠠ ᠪᠠ ᠰᠠᠨᠠᠯ ᠵᠥᠪᠯᠡᠯᠭᠡ ᠶᠢ ᠠᠷᠠᠳ ᠤᠨ ᠠᠮᠢᠳᠤᠷᠠᠯ ᠳᠤ ᠬᠣᠯᠪᠣᠭᠳᠠᠬᠤ ︽ᠪᠠᠭ᠎ᠠ ᠬᠡᠷᠡᠭ︾ ᠪᠣᠯᠭᠠᠨ ᠬᠤᠪᠢᠷᠠᠭᠤᠯᠵᠤ᠂ ᠡᠳᠡᠭᠡᠷ ᠬᠡᠷᠡᠭ ᠢ ᠰᠢᠶᠳᠪᠦᠷᠢᠯᠡᠬᠦ ᠶᠠᠪᠤᠴᠠ ᠳᠤ ᠤᠯᠠᠨ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠠᠰᠠᠭᠤᠳᠠᠯ ᠢ ᠪᠦᠲᠦᠮᠵᠢᠲᠡᠶ ᠪᠡᠷ ᠰᠢᠶᠳᠪᠦᠷᠢᠯᠡᠬᠦ ᠶᠢ ᠲᠦᠯᠬᠢᠨ  ᠠᠬᠢᠭᠣᠯᠣᠨ᠎ᠠ᠃ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠯᠢ ᠫᠢᠩ ᠦᠨ ᠬᠠᠷᠢᠶᠠᠲᠣ ᠲᠣᠭᠣᠷᠢᠭ ᠲᠤ ᠥᠨᠳᠥᠷ ᠠᠰᠠᠷ ᠤᠨ ᠭᠠᠳᠠᠷ ᠬᠡᠷᠡᠮ ᠦᠨ ᠵᠠᠰᠠᠯ ᠴᠢᠮᠡᠭᠯᠡᠯ ᠨᠢ ᠤᠨᠠᠭᠰᠠᠨ ᠠᠴᠠ ᠪᠣᠯᠵᠣ  ᠲᠡᠷᠭᠡ ᠶᠢ ᠪᠠᠯᠪᠠᠴᠢᠭᠳᠠᠭᠰᠠᠨ ᠬᠡᠷᠡᠭ ᠡᠭᠦᠰᠴᠡᠢ᠂ ᠡᠶᠢᠮᠦ ᠡᠴᠡ ᠥᠨᠳᠥᠷ ᠳᠠᠪᠬᠤᠷᠭ᠎ᠠ ᠶᠢᠨ ᠣᠷᠣᠨ ᠰᠠᠭᠤᠴᠠ ᠶᠢᠨ ᠠᠰᠠᠷ ᠤᠨ ᠭᠠᠳᠠᠷ ᠬᠡᠷᠡᠮ ᠢ ᠴᠡᠭᠴᠡᠯᠡᠨ ᠵᠠᠰᠠᠵᠤ ᠠᠷᠠᠳ ᠢᠷᠭᠡᠳ ᠦᠨ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ ᠰᠠᠨᠠᠭᠤᠯᠭ᠎ᠠ ᠳᠤᠷᠠᠳᠴᠠᠶ ᠃ ᠳᠠᠯᠠᠳ ᠬᠣᠰᠢᠭᠣᠨ  ᠤ ᠪᠠᠶᠢᠴᠠᠭᠠᠬᠤ ᠬᠣᠷᠢᠶ᠎ᠠ ᠳᠡᠭᠡᠳᠦ ᠬᠡᠮᠵᠢᠶ᠎ᠡ ᠪᠡᠷ ᠴᠢᠬᠤᠯᠠᠴᠢᠯᠠᠨ᠂ ᠭᠦᠨᠵᠡᠭᠡᠶ ᠪᠠᠶᠢᠴᠠᠭᠠᠨ ᠣᠶᠢᠯᠠᠭᠠᠭᠰᠠᠨ ᠢᠶᠠᠷ ᠂ ᠣᠷᠳᠣ ᠬᠤᠭᠤᠴᠠᠭ᠎ᠠ ᠪᠠᠷ ᠴᠠᠭ ᠠᠭᠤᠷ ᠪᠠ ᠳᠤᠯᠠᠭᠠᠨ ᠤ ᠬᠡᠮᠵᠢᠶ᠎ᠡ ᠵᠡᠷᠭᠡ ᠬᠦᠴᠦᠨ ᠵᠦᠶᠯ ᠡᠴᠡ ᠨᠥᠯᠦᠭᠡᠯᠡᠭᠳᠡᠵᠦ ᠂ ᠬᠡᠰᠡᠭ ᠰᠠᠭᠤᠭᠠᠯᠢ ᠠᠷᠠᠳ ᠤᠨ ᠠᠰᠠᠷ ᠤᠨ ᠭᠠᠳᠠᠷ ᠬᠡᠷᠡᠮ ᠦᠨ ᠵᠠᠰᠠᠯ ᠴᠢᠮᠡᠭᠯᠡᠯ ᠨᠢ ᠢᠯᠡᠳᠲᠡ ᠬᠠᠭᠤᠴᠢᠷᠠᠵᠤ ᠂ ᠬᠡᠰᠡᠭ ᠵᠠᠰᠠᠯ ᠴᠢᠮᠡᠭᠯᠡᠯ ᠨᠢ ᠪᠠᠰᠠ ᠠᠳᠠᠯᠢ ᠪᠤᠰᠤ ᠬᠡᠮᠵᠢᠶ᠎ᠡ ᠪᠡᠷ ᠠᠩ ᠭᠠᠷᠬᠤ ᠪᠤᠶᠤ ᠬᠣᠪᠬᠣᠷᠠᠨ ᠤᠨᠠᠵᠤ ᠂ ᠬᠦᠨᠳᠦ ᠶᠡᠬᠡ ᠠᠮᠤᠷ ᠲᠦᠪᠰᠢᠨ ᠦ ᠳᠠᠯᠳᠠ ᠬᠡᠮ ᠣᠷᠣᠰᠢᠵᠤ ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠦᠷᠳᠡᠭᠦᠯᠵᠦ ᠪᠠᠢᠪᠠ᠃ ᠪᠠᠶᠢᠴᠠᠭᠠᠬᠤ ᠪᠠᠶᠢᠭᠤᠯᠭ᠎ᠠ ᠴᠠᠭ ᠲᠤᠬᠠᠶ ᠳᠤᠨᠢ ᠵᠡᠭᠡᠯᠢ ᠭᠤᠳᠤᠮᠵᠢ ᠪᠠ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠦ ᠪᠠᠶᠢᠴᠠᠭᠠᠬᠤ ᠰᠠᠨᠠᠭᠤᠯᠭ᠎ᠠ ᠶᠢ ᠲᠣᠭᠲᠠᠭᠠᠨ ᠲᠠᠷᠬᠠᠭᠠᠬᠤ ᠶᠢᠨ ᠬᠠᠮᠲᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠠᠪᠤᠴᠠ ᠳᠤ ᠮᠥᠷᠳᠡᠨ ᠬᠢᠨᠠᠨ ᠪᠠᠢᠴᠠᠭᠠᠪᠠ᠃ ᠬᠣᠯᠪᠣᠭᠳᠠᠯ ᠪᠥᠬᠥᠶ ᠰᠠᠯᠠᠭ᠎ᠠ ᠮᠥᠴᠢᠷ ᠦᠨ ᠬᠢᠨ ᠨᠡᠶᠢᠲᠡ 11 ᠣᠷᠣᠨ ᠰᠠᠭᠤᠴᠠ ᠶᠢᠨ ᠵᠢᠵᠢᠭ ᠲᠣᠭᠣᠷᠢᠭ ᠢ ᠵᠢᠭᠰᠠᠭᠠᠨ ᠪᠠᠶᠢᠴᠠᠭᠠᠵᠤ ᠂ 9 ᠠᠰᠠᠭᠤᠳᠠᠯ ᠲᠠᠶ ᠠᠰᠠᠷ ᠢ ᠡᠮᠬᠢᠳᠬᠡᠨ ᠳᠠᠩᠰᠠᠯᠠᠵᠣ᠂ ᠪᠦᠬᠦᠨ ᠢ ᠴᠡᠭᠴᠡᠯᠡᠨ ᠵᠠᠰᠠᠨ ᠰᠡᠯᠪᠢᠵᠦ ᠂ 3 ᠪᠡᠬᠢᠵᠢᠭᠦᠯᠬᠦ ᠶᠢᠨ ᠠᠷᠭ᠎ᠠ ᠥᠬᠡᠶ ᠪᠠ ᠵᠠᠰᠠᠨ ᠰᠡᠷᠭᠦᠭᠡᠬᠦ ᠶᠢᠨ ᠠᠷᠭ᠎ᠠ ᠥᠬᠡᠶ ᠭᠠᠳᠠᠷ ᠬᠡᠷᠡᠮ ᠦᠨ ᠵᠠᠰᠠᠯ ᠴᠢᠮᠡᠭᠯᠡᠯ ᠢ ᠨᠤᠷᠠᠭᠠᠵᠤ ᠂ ᠠᠷᠠᠳ ᠣᠯᠠᠨ ᠤ ᠶᠠᠪᠤᠵᠤ ᠰᠠᠭᠤᠬᠤ ᠶᠢᠨ ︽ᠣᠷᠣᠶ ᠳᠡᠭᠡᠷᠡᠬᠢ ᠠᠮᠤᠷ ᠲᠦᠪᠰᠢᠨ︾ ᠢ ᠦᠨᠡᠨ ᠬᠦ  ᠪᠠᠲᠣᠯᠠᠭᠰᠠᠨ ᠪᠠᠢᠨ᠎ᠠ᠃ 

3 .ᠪᠠᠶᠢᠴᠠᠭᠠᠯᠲᠠ ᠬᠢᠵᠦ ᠰᠤᠷᠪᠤᠯᠵᠢᠯᠠᠬᠤ + ᠴᠢᠭᠯᠡᠯ ᠲᠠᠢ ᠢᠶᠡᠷ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ 

ᠲᠣᠰ ᠲᠥᠷᠥᠯ ᠦᠨ ᠬᠡᠷᠡᠭ ᠢ ᠰᠢᠶᠳᠪᠦᠷᠢᠯᠡᠬᠦ ᠶᠠᠪᠤᠴᠠ ᠳᠤ ᠂ ᠪᠠᠶᠢᠴᠠᠭᠠᠬᠤ ᠪᠠᠶᠢᠭᠤᠯᠭ᠎ᠠ ᠴᠥᠮ ᠬᠣᠯᠪᠣᠭᠳᠠᠯ ᠪᠥᠬᠥᠶ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠂ ᠤᠯᠤᠰ ᠲᠥᠷᠥ ᠶᠢᠨ ᠵᠥᠪᠯᠡᠯᠭᠡᠨ ᠦ ᠭᠡᠰᠢᠭᠦᠨ ᠂ ︽ᠨᠡᠶᠢᠲᠡ  ᠶᠢᠨ ᠲᠥᠯᠥᠭᠡ ᠵᠢᠳᠬᠦᠬᠦ︾ ᠰᠠᠶᠢᠨ ᠳᠤᠷ᠎ᠠ  ᠶᠢᠨ ᠦᠢᠯᠡᠴᠢᠯᠡᠭᠴᠢ ᠵᠡᠷᠭᠡ ᠲᠡᠶ ᠬᠠᠮᠲᠤᠷᠠᠨ ᠬᠡᠷᠡᠭ ᠲᠦ ᠬᠣᠯᠪᠣᠭᠳᠠᠭᠰᠠᠨ ᠲᠤᠬᠠᠶ ᠶᠢᠨ ᠲᠠᠯᠠᠪᠤᠷ ᠲᠤ ᠴᠤᠭᠯᠠᠷᠠᠵᠤ ᠂ ᠬᠡᠷᠡᠭ ᠲᠦ ᠬᠣᠯᠪᠣᠭᠳᠠᠭᠰᠠᠨ ᠵᠠᠮ ᠤᠨ ᠠᠭᠤᠯᠵᠠᠷ ᠂ ᠵᠠᠮ ᠤᠨ ᠬᠡᠰᠡᠭ ᠪᠤᠶᠤ ᠣᠷᠣᠨ ᠪᠦᠰᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠣᠳᠠᠲᠠᠶ ᠪᠠᠶᠢᠳᠠᠯ ᠲᠠᠶ ᠤᠶᠠᠯᠳᠤᠭᠤᠯᠤᠨ᠂ ᠲᠤᠬᠠᠶ ᠶᠢᠨ ᠲᠠᠯᠠᠪᠤᠷ ᠲᠤ ᠠᠷᠠᠳ ᠣᠯᠠᠨ ᠤ ᠶᠠᠪᠤᠵᠤ ᠰᠠᠭᠤᠬᠤ ᠶᠢᠨ ᠠᠮᠤᠷ ᠲᠦᠪᠰᠢᠨ ᠢ ᠬᠠᠮᠠᠭᠠᠯᠠᠬᠣ ᠶᠢ ᠪᠠᠲᠤᠯᠠᠬᠤ ᠠᠷᠭ᠎ᠠ ᠪᠣᠳᠣᠯᠭ᠎ᠠ ᠶᠢ ᠬᠠᠮᠲᠤ ᠪᠠᠷ ᠵᠥᠪᠳᠡᠯᠴᠡᠪᠡ ᠃ ᠪᠠᠶᠢᠴᠠᠭᠠᠬᠤ ᠪᠠᠶᠢᠭᠤᠯᠭ᠎ᠠ ᠪᠠᠰᠠ ᠣᠯᠵᠤ ᠮᠡᠳᠡᠭᠰᠡᠨ ᠨᠢ ᠂ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠦᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠭᠰᠡᠨ ᠥᠬᠡᠶ ᠡᠴᠡ ᠭᠠᠳᠠᠨ᠎ᠠ ᠂ ᠣᠯᠠᠨ ᠲᠦᠮᠡᠨ ᠦ ᠵᠠᠮ ᠬᠠᠷᠢᠯᠴᠠᠭᠠᠨ ᠤ ᠠᠮᠤᠷ ᠲᠦᠪᠰᠢᠨ ᠦ ᠤᠬᠠᠮᠰᠠᠷ ᠪᠠᠭᠣᠷᠠᠢ ᠪᠠᠶᠢᠬᠤ ᠨᠢ ᠪᠠᠰᠠ ᠴᠤ ᠭᠣᠸᠯ ᠰᠢᠯᠲᠠᠭᠠᠨ ᠤ ᠨᠢᠭᠡ ᠨᠢ ᠮᠥᠨ  ᠪᠠᠢᠬᠣ ᠶᠢ ᠣᠯᠵᠤ ᠮᠡᠳᠡᠵᠡᠶ ᠃ ᠢᠯᠠᠩᠭᠤᠶ᠎ᠠ ᠬᠣᠲᠠ ᠬᠥᠳᠡᠭᠡ ᠶᠢᠨ ᠤᠶᠠᠯᠳᠤᠭᠰᠠᠨ ᠣᠷᠣᠨ ᠳᠤ ᠪᠠᠶᠢᠭ᠎ᠠ ᠬᠡᠰᠡᠭ ᠲᠣᠰᠬᠣᠨ ᠤ ᠠᠷᠠᠳ ᠭᠠᠳᠠᠭᠰᠢ ᠭᠠᠷᠬᠤ ᠳᠠᠭᠠᠨ ᠵᠠᠮ ᠬᠠᠷᠢᠯᠴᠠᠭᠠᠨ ᠤ ᠳᠦᠷᠢᠮ ᠲᠣᠭᠲᠠᠭᠠᠯ ᠢ ᠴᠢᠩᠭ᠎ᠠ ᠵᠢᠷᠣᠮᠯᠠᠬᠣ ᠦᠭᠡᠶ ᠂ ᠡᠰᠡᠬᠦᠯ᠎ᠡ ᠲᠣᠭᠲᠠᠭᠠᠯ ᠠᠴᠠ ᠵᠥᠷᠢᠴᠡᠨ ᠭᠤᠷᠪᠠᠨ ᠬᠦᠷᠳᠦᠲᠦ ᠂ ᠳᠥᠷᠪᠡᠨ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠢᠯᠣᠭᠣᠳᠴᠤ ᠂ ᠡᠰᠡᠬᠦᠯ᠎ᠡ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠣᠳᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠣᠷᠣᠰᠢᠵᠤ ᠪᠠᠢᠪᠠ᠃ ᠡᠶᠢᠮᠦ ᠡᠴᠡ᠂ ᠪᠠᠶᠢᠴᠠᠭᠠᠬᠤ ᠠᠵᠢᠯᠳᠠᠨ ᠳᠡᠭᠡᠷ᠎ᠡ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠡᠶ ᠬᠠᠮᠲᠤᠷᠠᠨ ᠲᠣᠭᠲᠠᠭᠰᠠᠨ ᠴᠠᠭ ᠲᠣᠭᠲᠠᠭᠰᠠᠨ ᠴᠡᠭ ᠦᠨ ᠵᠠᠮ ᠬᠠᠷᠢᠯᠴᠠᠭᠠᠨ ᠤ ᠠᠮᠤᠷ ᠲᠦᠪᠰᠢᠨ ᠦ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠵᠦ᠂ ᠦᠨᠡᠨ ᠪᠣᠳᠠᠲᠠᠶ ᠠᠮᠢᠳᠤᠯᠢᠭ ᠬᠡᠷᠡᠭ ᠦᠨ ᠵᠢᠱᠢᠶ᠎ᠡ ᠪᠡᠷ ᠥᠷᠭᠡᠨ ᠤᠯᠠᠨ ᠠᠷᠠᠳ ᠲᠦᠮᠡᠨ ᠦ ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠬᠤ ᠶᠢ ᠰᠡᠷᠡᠮᠵᠢᠭᠦᠯᠦᠨ ᠰᠤᠷᠭᠠᠨ ᠬᠥᠮᠦᠵᠢᠭᠦᠯᠵᠦ᠂ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠠᠮᠤᠷ ᠲᠦᠪᠰᠢᠨ ᠢ ᠠᠷᠠᠳ ᠣᠯᠠᠨ ᠤ ᠭᠠᠷ ᠲᠤ᠂ ᠲᠣᠰᠬᠣᠨ ᠤ ᠠᠷᠠᠳ ᠤᠨ ᠭᠡᠷ ᠲᠦ ᠬᠦᠷᠭᠡᠵᠡᠶ᠃ ᠬᠥᠳᠡᠭᠡ ᠲᠣᠰᠬᠣᠨ ᠤ ᠵᠠᠮ ᠤᠨ ᠪᠥᠲᠥᠭᠡᠨ ᠪᠠᠶᠢᠭᠤᠯᠤᠯᠲᠠ ᠨᠢ ᠪᠠᠰᠠ ᠴᠦ ᠥᠷᠭᠡᠨ ᠣᠯᠠᠨ ᠮᠠᠯᠴᠢᠨ ᠲᠠᠷᠢᠶᠠᠴᠢᠨ ᠤ ᠶᠠᠪᠤᠵᠤ ᠰᠠᠭᠤᠬᠤ ᠠᠮᠤᠷ ᠲᠦᠪᠰᠢᠨ ᠲᠡᠶ ᠬᠣᠯᠪᠣᠭᠳᠠᠵᠤ ᠪᠠᠶᠢᠳᠠᠭ ᠃ 

 

 

ᠢᠷᠡᠯᠲᠡ
ᠳᠠᠯᠠᠳ ᠬᠣᠰᠢᠭᠣᠨ  ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro