ᠲᠦᠩᠯᠢᠶᠦᠦ ᠬᠤᠳᠠ ᠵᠢᠨ ᠬᠣᠷᠴᠢᠨ ᠲᠣᠭᠣᠷᠢᠭ ᠤᠨ ᠠᠷᠠᠳ ᠤᠨ ᠪᠠᠢᠴᠠᠭᠠᠬᠤ ᠬᠣᠷᠢᠶ᠎ᠠ ᠪᠠᠶᠢᠴᠠᠭᠠᠬᠤ ᠦᠶᠯᠡᠴᠢᠯᠡᠭᠡᠨ ᠤ ᠡᠭᠦᠷᠭᠡ ᠴᠢᠳᠠᠪᠬᠢ ᠳ᠋ᠤ᠌ ᠠᠩᠬᠠᠷᠤᠯ ᠢᠶᠠᠨ ᠲᠥᠪᠯᠡᠷᠡᠭᠦᠯᠵᠦ ᠂ 《ᠨᠢᠭᠡ ᠦᠷᠲᠡᠭᠡᠴᠢᠯᠡᠭᠰᠡᠨ ᠮᠠᠶ᠋ᠢᠭ》 ᠤᠨ ᠠᠷᠠᠳ ᠲᠤ ᠲᠥᠬᠥᠮ ᠦᠵᠡᠭᠦᠯᠬᠦ ᠦᠶᠯᠡᠴᠢᠯᠡᠭᠡᠨ ᠤ ᠴᠣᠩᠬᠣ ᠵᠢ ᠪᠠᠶᠢᠭᠤᠯᠪᠠ
︽ᠪᠠᠶᠢᠴᠠᠭᠠᠭᠴᠢ ᠡ᠂ XXX ᠬᠡᠷᠡᠭ ᠢ ᠪᠠᠢᠴᠠᠭᠠᠬᠤ ᠬᠣᠷᠢᠶᠠᠨ ᠳ᠋ᠤ᠌ ᠰᠢᠯᠵᠢᠭᠦᠯᠦᠭᠰᠡᠨ ᠡᠰᠡᠬᠦ ᠶ᠋ᠢ ᠪᠢ ᠠᠰᠠᠭᠤᠬᠤ ᠰᠠᠨᠠᠭ᠎ᠠ ᠲᠠᠶ᠃︾
︽ ᠪᠠᠶᠢᠴᠠᠭᠠᠭᠴᠢ ᠡ᠂ ᠪᠢ XXX ᠬᠡᠷᠡᠭ ᠲᠤ ᠡᠪᠬᠡᠮᠡᠯ ᠦᠵᠡᠬᠦ ᠶ᠋ᠢ ᠭᠤᠶᠤᠴᠢᠯᠠᠪᠠ ᠁ ︾ 12309 ᠪᠠᠶᠢᠴᠠᠭᠠᠬᠤ ᠦᠢᠯᠡᠴᠢᠯᠡᠭᠡᠨ ᠤ ᠲᠥᠪ ᠤᠨ ᠠᠵᠢᠯᠲᠠᠨ ᠰᠤᠷᠪᠤᠯᠵᠢᠯᠠᠯ ᠬᠦᠯᠢᠶᠡᠬᠦ ᠭᠣᠭᠴᠣᠭ᠎ᠠ ᠪᠣᠯᠭᠠᠨ ᠢ ᠦᠴᠦᠬᠡᠨ ᠴᠦ ᠣᠰᠣᠯᠳᠠᠯ ᠦᠭᠡᠢ ᠬᠦᠯᠢᠶᠡᠨ ᠠᠪᠴᠣ ᠪᠡᠶᠡᠯᠡᠭᠦᠯᠦᠨ᠎ᠡ᠃
ᠠᠷᠠᠳ ᠲᠦᠮᠡᠨ ᠳᠤ ᠦᠶᠯᠡᠴᠢᠯᠡᠬᠦ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ ᠂ ᠪᠠᠶᠢᠴᠠᠭᠠᠬᠤ ᠶᠠᠪᠤᠳᠠᠯ ᠢ ᠢᠯᠡ ᠪᠣᠯᠭᠠᠬᠤ ᠬᠡᠯᠪᠡᠷᠢ ᠵᠢ ᠪᠠᠶᠠᠯᠢᠭᠵᠢᠭᠤᠯᠤᠨ ᠂ ᠪᠠᠶᠢᠴᠠᠭᠠᠬᠤ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠤᠨ ᠵᠥᠷᠢᠴᠡᠯ ᠢ ᠬᠦᠴᠦᠯᠡᠨ ᠠᠷᠢᠯᠭᠠᠬᠤ ᠶ᠋ᠢᠨ ᠲᠥᠯᠥᠭᠡ᠂ ᠲᠦᠩᠯᠢᠶᠣᠣ ᠬᠣᠲᠠ᠎ᠶ᠋ᠢᠨ ᠬᠣᠷᠴᠢᠨ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ 12309 ᠪᠠᠶᠢᠴᠠᠭᠠᠬᠤ ᠦᠶᠯᠡᠴᠢᠯᠡᠭᠡᠨ ᠤ ᠲᠥᠪ ᠲᠦ ᠲᠦᠰᠢᠭᠯᠡᠨ ᠠᠷᠠᠳ ᠲᠤ ᠲᠥᠬᠥᠮ᠂ ᠥᠨᠳᠥᠷ ᠪᠦᠲᠦᠮᠵᠢᠲᠡᠶ ︽ ᠨᠢᠭᠡ ᠦᠷᠲᠡᠭᠡᠴᠢᠯᠡᠭᠰᠡᠨ ᠮᠠᠶ᠋ᠢᠭ︾ ᠦᠨ ᠦᠶᠯᠡᠴᠢᠯᠡᠭᠡᠨ ᠤ ᠴᠣᠩᠬᠣ ᠶᠢ ᠪᠠᠶᠢᠭᠤᠯᠪᠠ᠃
1.ᠣᠯᠠᠨ ᠲᠦᠮᠡᠨ ᠤ ᠰᠤᠷᠪᠤᠯᠵᠢᠯᠠᠯ ᠢ ᠭᠥᠯᠢᠶᠡᠨ ᠠᠪᠬᠤ ︽ ᠨᠢᠭᠡ ᠦᠷᠲᠡᠭᠡᠴᠢᠯᠡᠭᠰᠡᠨ ᠮᠠᠶ᠋ᠢᠭ ︾ ᠤᠨ ᠴᠣᠩᠬᠣ᠄
ᠲᠤᠰᠬᠠᠶ ᠬᠥᠮᠦᠨ ᠲᠣᠬᠢᠷᠠᠭᠤᠯᠤᠨ ᠣᠯᠠᠨ ᠲᠦᠮᠡᠨ ᠢ ᠬᠦᠯᠢᠶᠡᠨ ᠠᠪᠬᠤ ᠠᠵᠢᠯ ᠢ ᠬᠠᠷᠢᠭᠤᠴᠠᠭᠤᠯᠵᠤ ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠢ ᠲᠣᠰᠬᠤ ᠬᠥᠮᠦᠨ ᠲᠡᠶ ᠂ ᠣᠯᠠᠨ ᠲᠦᠮᠡᠨ ᠤ ᠤᠲᠠᠰᠤ ᠶ᠋ᠢ ᠬᠠᠷᠢᠭᠤᠯᠬᠤ ᠬᠥᠮᠦᠨ ᠲᠡᠶ ᠪᠠᠶᠢᠬᠤ ᠶ᠋ᠢ ᠪᠠᠲᠤᠯᠠᠪᠠ᠃ ᠠᠷᠠᠳ ᠲᠦᠮᠡᠨ ᠢᠶᠠᠷ ᠭᠤᠤᠯ ᠪᠣᠯᠭᠠᠬᠤ ᠠᠵᠢᠯ ᠤᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠢ ︽ᠲᠣᠰ ᠡᠳᠦᠷ ᠲᠦᠨᠢ ᠬᠦᠯᠢᠶᠡᠨ ᠠᠪᠴᠤ ᠂ ᠲᠣᠰ ᠡᠳᠦᠷ ᠲᠦᠨᠢ ᠳᠠᠮᠵᠢᠭᠤᠯᠤᠨ ᠬᠦᠷᠭᠡᠬᠦ ︾ ᠶ᠋ᠢ ᠪᠡᠶᠡᠯᠡᠭᠦᠯᠪᠡ᠃ 7 ᠡᠳᠦᠷ ᠤᠨ ᠳᠣᠲᠣᠷ᠎ᠠ ᠵᠢᠷᠤᠮ ᠤᠨ ᠴᠢᠨᠠᠷᠲᠠᠶ ᠬᠠᠷᠢᠭᠤᠯᠲᠠ ᠥᠭᠬᠦ ᠂ 3 ᠰᠠᠷ᠎ᠠ ᠶᠢᠨ ᠳᠣᠲᠣᠷ᠎ᠠ ᠭᠦᠶᠴᠡᠳᠬᠡᠬᠦ ᠠᠬᠢᠴᠠ ᠪᠠ ᠦᠷ᠎ᠡ ᠳ᠋ᠦᠩ ᠤᠨ ᠬᠠᠷᠢᠭᠤᠯᠲᠠ ᠥᠭᠬᠦ ᠶᠢ ᠴᠢᠩᠭ᠎ᠠ ᠨᠠᠶᠢᠳᠠᠪᠤᠷᠢᠵᠢᠭᠤᠯᠵᠤ ᠂ ︽ ᠦᠶᠯᠡᠴᠢᠯᠡᠭᠡᠨ ᠤ ᠬᠡᠯᠪᠡᠷᠢ ︾ ᠶᠢᠨ ᠴᠣᠩᠬᠣ ᠶ᠋ᠢ ᠪᠣᠶ ᠪᠣᠯᠭᠠᠵᠤ ᠂ ᠠᠷᠠᠳ ᠣᠯᠠᠨ ᠤ ︽ ᠰᠡᠳᠬᠢᠯ ᠮᠡᠳᠡᠭᠴᠢ ︾ ᠨᠢ ᠪᠣᠯᠵᠤ ᠪᠠᠢᠨ᠎ᠠ᠃ ᠡᠨᠡ ᠵᠢᠯ ᠡᠴᠡ ᠨᠠᠭᠠᠰᠢ ᠂ ᠲᠤᠰ ᠬᠣᠷᠢᠶᠠᠨ ᠦ ᠬᠠᠷᠢᠭᠤᠯᠲᠠ ᠥᠭᠭᠦᠭᠰᠡᠨ ᠨᠤᠷᠮ᠎ᠠ ᠨᠢ 100 % ᠳᠦ ᠬᠦᠷᠴᠦ᠂ ᠳᠤᠭᠲᠠᠭᠰᠠᠨ ᠬᠤᠭᠤᠴᠠᠭᠠᠨ ᠳᠤᠲᠤᠷ᠎ᠠ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ ᠨᠢ 100 % ᠳᠤ ᠬᠦᠷᠦᠭᠰᠡᠨ ᠪᠠᠢᠨ᠎ᠠ᠃
2.ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠳᠤ ᠦᠶᠯᠡᠴᠢᠯᠡᠬᠦ ︽ ᠨᠢᠭᠡ ᠦᠷᠲᠡᠭᠡᠴᠢᠯᠡᠭᠰᠡᠨ ᠮᠠᠶ᠋ᠢᠭ ︾ ᠤᠨ ᠭᠥᠯᠢᠶᠡᠨ ᠠᠪᠬᠤ ᠴᠣᠩᠬᠣ᠄
ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠳᠤ ᠲᠣᠬᠢᠷᠠᠭᠣᠯᠣᠨ ︽ ᠨᠢᠭᠡ ᠦᠷᠲᠡᠭᠡᠴᠢᠯᠡᠭᠰᠡᠨ ᠮᠠᠶ᠋ᠢᠭ ︾ ᠢᠶᠠᠷ ᠲᠦᠷᠭᠡᠨ ᠭᠥᠯᠢᠶᠡᠨ ᠠᠪᠴᠤ ᠰᠢᠶᠳᠪᠦᠷᠢᠯᠡᠬᠦ ᠪᠠ ︽ ᠰᠠᠭᠠᠳ ᠥᠬᠡᠶ ᠨᠡᠪᠲᠡᠷᠡᠬᠦ ᠵᠠᠮ ︾ ᠢᠶᠠᠷ ᠤᠷᠢᠳ ᠢᠶᠠᠷ ᠭᠦᠶᠴᠡᠳᠬᠡᠬᠦ ᠴᠤᠩᠬᠤ ᠶᠢ ᠨᠡᠬᠡᠭᠡᠵᠣ ᠂ ᠨᠢᠭᠡᠳᠦᠯᠲᠡᠶ ᠭᠥᠯᠢᠶᠡᠨ ᠠᠪᠴᠤ ᠰᠢᠶᠳᠪᠦᠷᠢᠯᠡᠬᠦ ᠂ ᠰᠢᠯᠵᠢᠭᠦᠯᠬᠦ ᠂ ᠪᠠᠶᠢᠴᠠᠭᠠᠨ ᠯᠠᠪᠯᠠᠬᠤ ᠦᠶᠯᠡᠴᠢᠯᠡᠭᠡ ᠶᠢ ᠪᠠᠶᠢᠭᠤᠯᠵᠤ ᠂ ᠪᠠᠶᠢᠴᠠᠭᠠᠬᠤ ᠡᠭᠦᠷᠭᠡ ᠴᠢᠳᠠᠪᠤᠷᠢ ᠳᠠᠭᠠᠨ ᠰᠠᠭᠤᠷᠢᠯᠠᠨ ᠂ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ ᠢ ᠰᠢᠯᠢᠳᠡᠭᠵᠢᠭᠦᠯᠬᠦ ᠳᠦ ᠬᠦᠴᠦᠨ ᠨᠡᠮᠡᠷᠢᠯᠡᠵᠦ ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠴᠢᠨᠡᠭᠡᠯᠢᠭ ᠬᠥᠭᠵᠢᠯᠲᠡ ᠳᠤ ᠦᠶᠯᠡᠴᠢᠯᠡᠭᠡ ᠪᠠᠲᠤᠯᠠᠭ᠎ᠠ ᠬᠠᠩᠭᠠᠵᠣ ᠪᠠᠢᠨ᠎ᠠ᠃
3.ᠬᠡᠷᠡᠭ ᠤᠨ ᠬᠠᠮᠢᠶᠠᠷᠤᠯᠲᠠ ᠶᠢᠨ ︽ ᠨᠢᠭᠡ ᠦᠷᠲᠡᠭᠡᠴᠢᠯᠡᠭᠰᠡᠨ ᠮᠠᠶ᠋ᠢᠭ ︾ ᠦ ᠭᠥᠯᠢᠶᠡᠨ ᠠᠪᠬᠤ ᠴᠣᠩᠬᠣ᠄
ᠭᠥᠯᠢᠶᠡᠨ ᠠᠪᠬᠤ ᠴᠣᠩᠬᠣ ᠂ ᠳ᠋ᠢᠶᠠᠩᠬᠤᠸᠠ ᠂ 12309 ᠰᠦᠯᠵᠢᠶ᠎ᠡ ᠪᠡᠷ ᠳᠠᠮᠵᠢᠨ ᠠᠷᠠᠳ ᠲᠤ ᠲᠥᠬᠥᠮ ᠦᠵᠡᠭᠦᠯᠬᠦ ᠣᠯᠠᠨ ᠡᠰᠢᠵᠢᠭᠰᠡᠨ ᠦᠶᠯᠡᠴᠢᠯᠡᠭᠡ ᠬᠠᠩᠭᠠᠵᠤ ᠂ ᠲᠤᠰᠬᠠᠶ ᠬᠥᠮᠦᠨ ᠲᠤᠰᠬᠠᠶ ᠠᠵᠢᠯ ᠤᠨ ᠪᠠᠶᠢᠷᠢ ᠲᠣᠬᠢᠷᠠᠭᠤᠯᠤᠨ᠂ ᠮᠠᠲ᠋ᠧᠷᠢᠶᠠᠯ ᠢ ᠬᠢᠨᠠᠨ ᠬᠠᠷᠭᠤᠭᠤᠯᠬᠤ ᠂ ᠡᠬᠡ ᠲᠠᠩᠰᠠ ᠶᠢ ᠲᠡᠮᠳᠡᠭᠯᠡᠬᠦ ᠠᠵᠢᠯ ᠢ ᠰᠠᠶᠢᠲᠤᠷ ᠬᠢᠵᠦ ᠂ ᠬᠡᠷᠡᠭ ᠤᠨ ᠲᠣᠬᠠᠢ ᠬᠥᠮᠦᠨ ᠳ᠋ᠤ᠌ ᠬᠠᠤᠯᠢ ᠲᠣᠭᠲᠠᠭᠠᠯ ᠶᠣᠰᠣᠭᠠᠷ ᠳᠥᠭᠥᠮ ᠳᠥᠲᠡ ᠦᠶᠯᠡᠴᠢᠯᠡᠭᠡ ᠬᠠᠩᠭᠠᠪᠠ᠃ ᠭᠠᠳᠠᠭᠠᠳᠤ ᠳ᠋ᠤ᠌ ᠵᠣᠷᠢᠭᠤᠯᠤᠭᠰᠠᠨ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠬᠦᠯᠢᠶᠠᠨ ᠠᠪᠴᠤ ᠡᠷᠭᠢᠯᠲᠡ ᠳ᠋ᠤ᠌ ᠣᠷᠣᠭᠤᠯᠬᠤ ᠲᠣᠭᠲᠠᠮᠠᠯ ᠴᠣᠩᠬᠣ ᠶᠢ ᠲᠣᠬᠢᠷᠠᠭᠣᠯᠣᠨ᠂ ᠰᠢᠭᠦᠬᠦ ᠬᠣᠷᠢᠢ᠎ᠠ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠤᠨ ᠪᠠᠶᠢᠴᠠᠭᠠᠬᠤ ᠪᠠᠶᠢᠭᠤᠯᠭ᠎ᠠ ᠶᠢᠨ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠬᠣᠭᠣᠷᠣᠨᠳᠣᠬᠢ ᠨᠡᠪᠲᠡᠷᠡᠯᠴᠡᠭᠡ ᠳᠤ ︽ ᠬᠥᠭᠥᠷᠭᠡ ︾ ᠲᠠᠯᠪᠢᠵᠤ ᠂ ᠪᠢᠴᠢᠭ ᠬᠠᠷ᠎ᠠ ᠮᠠᠲ᠋ᠧᠷᠢᠶᠠᠯ ᠤᠨ ᠡᠷᠭᠢᠯᠲᠡ ᠶᠢᠨ ᠵᠢᠷᠤᠮᠵᠢᠭᠤᠨ ᠪᠥᠭᠡᠳ ᠲᠦᠷᠭᠡᠨ ᠪᠠᠶᠢᠬᠤ ᠶᠢ ᠦᠨᠡᠨ ᠬᠦ ᠪᠠᠲᠤᠯᠠᠪᠠ᠃
4.ᠬᠠᠤᠯᠢᠴᠢ ᠶ᠋ᠢ ᠬᠦᠯᠢᠶᠡᠨ ᠠᠪᠬᠤ ︽ ᠨᠢᠭᠡ ᠦᠷᠲᠡᠭᠡᠴᠢᠯᠡᠭᠰᠡᠨ ᠮᠠᠶ᠋ᠢᠭ ︾ ᠤᠨ ᠴᠣᠩᠬᠣ᠄
︽ᠠᠬᠠᠳᠠᠬᠤ ᠳᠠᠭᠠᠨ ᠨᠢᠭᠡ ᠯᠡ ᠤᠳᠠᠭ᠎ᠠ ᠭᠦᠶᠦᠯᠭᠡᠬᠦ ︾ ᠠᠵᠢᠯ ᠤᠨ ᠵᠠᠷᠴᠢᠮ ᠢ ᠪᠠᠷᠢᠮᠲᠠᠯᠠᠵᠤ ᠂ ᠬᠠᠤᠯᠢᠴᠢ ᠳ᠋ᠤ᠌ ᠤᠯᠠᠨ ᠬᠡᠯᠪᠡᠷᠢ ᠶᠢᠨ ᠡᠪᠬᠡᠮᠡᠯ ᠦᠵᠡᠬᠦ ᠦᠢᠯᠡᠴᠢᠯᠡᠭᠡ ᠬᠠᠩᠭᠠᠵᠤ ᠂ ᠤᠳᠤ ᠨᠢᠭᠡᠨᠲᠡ ᠤᠤᠯ ᠤᠨ ᠤᠯᠠᠮᠵᠢᠯᠠᠯᠲᠤ ᠡᠪᠬᠡᠮᠡᠯ ᠦᠵᠡᠬᠦ ᠰᠠᠭᠤᠷᠢᠨ ᠳᠡᠭᠡᠷ᠎ᠡ ︽ ᠰᠦᠯᠵᠢᠶ᠎ᠡ ᠪᠡᠷ ᠡᠪᠬᠡᠮᠡᠯ ᠦᠵᠡᠬᠦ ︾ ᠪᠡᠷ ᠭᠣᠣᠯ ᠪᠣᠯᠭᠠᠭᠰᠠᠨ ᠂ ︽ᠠᠦ᠋ᠲ᠋ᠣ᠋ ᠦᠢᠯᠡᠴᠢᠯᠡᠭᠡᠨ ᠤ ᠮᠠᠰᠢᠨ ︾ ᠢᠶᠠᠷ ᠬᠠᠪᠰᠤᠷᠤᠮᠵᠢ ᠪᠣᠯᠭᠠᠭᠰᠠᠨ ᠭᠠᠳᠡᠷ ᠭᠠᠵᠠᠷ ᠠᠴᠠ ᠡᠪᠬᠡᠮᠡᠯ ᠦᠵᠡᠬᠦ ᠰᠢᠰᠲ᠋ᠧᠮ ᠢ ᠪᠦᠷᠢᠯᠳᠦᠭᠦᠯᠵᠦ ᠂ ᠬᠡᠷᠡᠭ ᠤᠨ ᠵᠠᠷᠭᠤ ᠶᠢᠨ ᠡᠯ᠎ᠡ ᠲᠠᠯ᠎ᠠ ᠶᠢᠨ ᠲᠤᠬᠠᠢ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠭᠦᠢᠴᠡᠳ ᠪᠠᠲᠤᠯᠠᠵᠤ ᠂ ᠪᠠᠶᠢᠴᠠᠭᠠᠬᠤ ᠪᠠᠶᠢᠭᠤᠯᠭ᠎ᠠ ᠶᠢᠨ ᠰᠠᠨᠠᠭᠠᠴᠢᠯᠠᠭ᠎ᠠ ᠡᠴᠡ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠂ ᠬᠠᠤᠯᠢ ᠶᠣᠰᠣᠭᠠᠷ ᠰᠠᠨᠠᠭᠠᠴᠢᠯᠠᠭ᠎ᠠ ᠡᠴᠡ ᠪᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠭᠦᠢᠴᠡᠳ ᠢᠯᠡᠷᠡᠭᠦᠯᠪᠡ᠃ ᠡᠨᠡ ᠵᠢᠯ ᠡᠴᠡ ᠨᠠᠰᠢ ᠂ ᠲᠤᠰ ᠬᠣᠷᠢᠢ᠎ᠠ ᠠᠴᠠ ᠬᠠᠤᠯᠢᠴᠢ ᠳᠤ ᠨᠡᠢᠢᠳᠡ 300 ᠭᠠᠷᠤᠢ ᠬᠤᠪᠢ ᠡᠪᠬᠡᠮᠡᠯ ᠦᠵᠡᠭᠦᠯᠬᠦ ᠦᠢᠯᠡᠴᠢᠯᠡᠭᠡ ᠬᠠᠩᠭᠠᠪᠡ᠃
ᠲᠦᠩᠯᠢᠶᠣᠣ ᠬᠣᠲᠠ᠎ᠶ᠋ᠢᠨ ᠬᠣᠷᠴᠢᠨ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ ᠨᠢ ︽ ᠬᠡᠷᠡᠭ ᠨᠢᠭᠡᠪᠦᠷᠢ ᠶᠢ ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ ᠰᠠᠶᠢᠲᠤᠷ ᠰᠢᠶᠳᠪᠦᠷᠢᠯᠡᠬᠦ ︾ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ ᠠᠷᠠᠳ ᠲᠦᠮᠡᠨ ᠢ ᠲᠡᠷᠢᠭᠦᠨ ᠳᠦ ᠲᠠᠯᠪᠢᠬᠤ ︾ ᠬᠠᠶᠢᠷ᠎ᠠ ᠰᠡᠳᠬᠢᠯᠭᠡ ᠶᠢ ᠪᠠᠲᠤ ᠰᠠᠬᠢᠵᠤ ᠂ ︽ ᠠᠷᠠᠳ ᠲᠦᠮᠡᠨ ᠳᠦ ᠦᠶᠯᠡᠴᠢᠯᠡᠬᠦ ︾ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ ᠂ ︽ ᠦᠪᠡᠷ ᠢᠶᠡᠨ ᠵᠠᠭᠠᠯᠳᠤᠯᠭ᠎ᠠ ᠬᠢᠵᠦ ᠦᠪᠡᠷ ᠢᠶᠡᠨ ᠰᠤᠯᠪᠤᠯᠵᠢᠯᠠᠯ ᠬᠢᠵᠦ ᠪᠠᠢᠬᠤ ︾ ᠣᠪᠣᠷ ᠢᠶᠠᠷ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠂ ᠠᠵᠤ ᠠᠬᠤᠶᠢᠯᠠᠯ ᠤᠨ ᠵᠣᠪᠠᠨᠢᠯ ᠢ ᠲᠠᠶᠢᠯᠬᠤ ᠶᠢ ᠦᠨᠡᠨ ᠬᠦ ᠪᠡᠶᠡᠯᠡᠭᠦᠯᠵᠦ ᠂ ᠨᠠᠩ ᠵᠢᠷᠤᠮᠵᠢᠭᠤᠯᠤᠭᠰᠠᠨ ᠂ ᠨᠠᠷᠢᠯᠢᠬᠵᠢᠭᠤᠯᠤᠭᠰᠠᠨ ᠦᠶᠯᠡᠴᠢᠯᠡᠭᠡ ᠪᠡᠷ ᠬᠡᠷᠡᠭ ᠨᠢᠭᠡᠪᠦᠷᠢ ᠪᠠᠷ ᠠᠷᠠᠳ ᠣᠯᠠᠨ ᠳᠦ ᠲᠥᠪ ᠭᠤᠤᠯᠴᠢ ᠰᠢᠳᠤᠷᠭᠤ ᠶᠣᠰᠣ ᠶᠢ ᠮᠡᠳᠡᠷᠡᠭᠦᠯᠵᠤ ᠪᠠᠢᠨ᠎ᠠ᠃
ᠵᠤᠬᠢᠶᠠᠭᠴᠢ ᠄ ᠯᠢᠶᠠᠩ ᠯᠢ ᠶᠠᠨ
ᠤᠷᠴᠢᠭᠤᠯᠤᠭᠴᠢ᠄ ᠯᠢᠦ ᠰᠢᠶᠤᠤ ᠴᠢᠩ