ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠬᠥᠬᠡᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠬᠥᠬᠡᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠢᠷᠭᠡᠨ ᠤ ᠬᠡᠷᠡᠭ ᠤᠨ ᠬᠦᠴᠦᠨ ᠲᠠᠢ ᠪᠣᠯᠤᠭᠰᠠᠨ ᠲᠡᠰᠦᠯᠦᠨ ᠲᠣᠭᠲᠠᠭᠠᠯᠲᠠ ᠳᠤ ᠬᠢᠨᠠᠯᠲᠠ ᠲᠠᠯᠪᠢᠬᠤ ᠠᠵᠢᠯ ᠤᠨ ᠰᠣᠯᠢᠯᠴᠠᠭᠠᠨ ᠤ ᠬᠤᠷᠠᠯ ᠬᠤᠷᠠᠯᠳᠤᠭᠤᠯᠪᠠ

2024-11-29 11:14:43
ᠵᠣᠬᠢᠶᠠᠭᠴᠢ
ᠵᠢᠶᠤᠤ ᠵᠢᠶᠤᠤ

 

 ᠣᠶᠢᠷ᠎ᠠ ᠳᠤ᠂ ᠬᠥᠬᠡᠬᠤᠲᠠ ᠶᠢᠨ ᠢᠷᠭᠡᠨ ᠤ ᠬᠡᠷᠡᠭ ᠤᠨ ᠰᠢᠭᠦᠨ ᠲᠠᠰᠤᠯᠤᠯᠲᠠ ᠳᠤ ᠬᠢᠨᠠᠯᠲᠠ ᠲᠠᠯᠪᠢᠬᠤ ᠪᠠ ᠪᠠᠶᠢᠴᠠᠭᠠᠬᠤ ᠠᠵᠢᠯ ᠤᠨ ᠬᠢᠨᠠᠯᠲᠠ ᠲᠠᠯᠪᠢᠵᠤ ᠵᠣᠬᠢᠴᠠᠭᠤᠯᠬᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠠᠶᠢᠴᠠᠭᠠᠬᠤ ᠪᠠ ᠰᠢᠭᠦᠬᠦ ᠬᠤᠷᠢᠶ᠎ᠠ ᠶᠢᠨ ᠰᠠᠶᠢᠨ ᠦᠢᠯᠡᠳᠦᠯᠴᠡᠯ ᠢ ᠭᠦᠨᠵᠡᠭᠡᠶᠢᠷᠡᠭᠦᠯᠦᠨ᠂ ᠰᠢᠭᠦᠨ ᠲᠠᠰᠤᠯᠤᠯᠲᠠ ᠳᠤ ᠬᠢᠨᠠᠯᠲᠠ ᠲᠠᠯᠪᠢᠬᠤ ᠪᠠ ᠪᠠᠶᠢᠴᠠᠭᠠᠬᠤ ᠬᠢᠨᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠥᠬᠡᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠬᠥᠬᠡᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠠᠴᠠᠬᠦᠬᠡᠬᠤᠲᠠ ᠵᠢᠨ ᠪᠠᠶᠢᠴᠠᠭᠠᠬᠤ  ᠬᠤᠷᠢᠶᠠᠨ ᠳᠤ ︽ᠰᠢᠭᠦᠬᠦ ᠪᠠ ᠪᠠᠶᠢᠴᠠᠭᠠᠬᠤ ᠠᠵᠢᠯ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠬᠤᠯᠪᠤᠭᠠᠯᠠᠨ ᠬᠥᠳᠡᠯᠦᠯᠴᠡᠵᠦ ᠶᠠᠰᠤ ᠴᠢᠨᠠᠷ ᠦᠷ᠎ᠡ ᠪᠦᠲᠦᠮᠵᠢ ᠶᠢ ᠬᠠᠮᠲᠤ ᠪᠠᠷ ᠠᠬᠢᠭᠤᠯᠬᠤ︾ᠠᠵᠢᠯ ᠤᠨ ᠰᠣᠯᠢᠯᠴᠠᠭᠠᠨ ᠤ ᠵᠦᠪᠳᠡᠯᠴᠡᠬᠦ ᠬᠤᠷᠠᠯ ᠢ ᠬᠤᠷᠠᠯᠳᠤᠭᠤᠯᠪᠠ᠃ ᠬᠤᠲᠠ ᠶᠢᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠪᠠᠶᠢᠴᠠᠭᠠᠬᠤ ᠳᠠᠷᠤᠭ᠎ᠠ ᠵᠢᠶᠠ ᠵᠢᠶᠦ᠋ᠨ ᠮᠧᠶ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠰᠢᠭᠦᠬᠦ ᠺᠣᠮᠢᠰ ᠤᠨ ᠲᠤᠰᠬᠠᠢ ᠲᠤᠰᠢᠶᠠᠯᠲᠤ ᠭᠡᠰᠢᠭᠦᠨ ᠱᠠᠨ ᠬᠤᠶ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
        ᠲᠤᠰ ᠤᠳᠠᠭ᠎ᠠ ᠶᠢᠨ ᠬᠤᠷᠠᠯ ᠤᠨ ᠵᠣᠷᠢᠯᠭ᠎ᠠ ᠨᠢ ᠪᠠᠶᠢᠴᠠᠭᠠᠬᠤ ᠰᠢᠭᠦᠬᠦ ᠬᠤᠷᠢᠶ᠎ᠠ ᠬᠤᠶᠠᠷ ᠬᠤᠷᠢᠶᠠᠨ ᠤ ᠠᠵᠢᠯ ᠤᠨ ᠰᠠᠶᠢᠨ ᠦᠢᠯᠡᠳᠦᠯᠴᠡᠯ ᠢ ᠴᠢᠨᠠᠭᠰᠢᠳᠠ ᠠᠬᠢᠭᠤᠯᠵᠤ᠂  ᠵᠦᠪᠳᠠᠯᠴᠡᠨ ᠬᠠᠮᠲᠤᠪᠠᠷ ᠵᠠᠰᠠᠬᠤ ᠶᠢ ᠲᠤᠪᠤᠶᠢᠯᠭᠠᠵᠦ᠂ ᠬᠠᠮᠵᠢᠯᠴᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠮᠵᠢᠯᠴᠠᠨ ᠬᠢᠵᠠᠭᠠᠷᠯᠠᠬᠤ ᠶᠢ ᠴᠢᠩᠭᠠᠳᠬᠠᠵᠤ᠂ ᠬᠠᠥᠯᠢ ᠪᠠᠷ ᠵᠠᠰᠠᠬᠤ ᠬᠠᠮᠲᠤᠷᠠᠯ ᠬᠦᠴᠦᠨ ᠢ ᠲᠠᠰᠤᠷᠠᠯᠳᠡ ᠦᠭᠡᠢ ᠨᠢᠭᠲᠠᠷᠠᠭᠤᠯᠬᠤ ᠶᠢᠨ ᠲᠥᠯᠥᠭᠡ ᠶᠤᠮ᠃ ᠬᠤᠶᠠᠷ ᠬᠤᠷᠢᠶ᠎ᠠ ᠢᠷᠭᠡᠨ ᠤ ᠬᠡᠷᠡᠭ ᠤᠨ ᠲᠠᠬᠢᠨ ᠰᠢᠭᠦᠯᠲᠡ ᠶᠢᠨ ᠪᠠᠶᠢᠴᠠᠭᠠᠬᠤ ᠰᠠᠨᠠᠭᠤᠯᠭ᠎ᠠ ᠶᠢ ᠵᠢᠷᠤᠮᠵᠢᠭᠤᠯᠤᠨ ᠰᠢᠢᠳᠪᠦᠷᠢᠯᠡᠬᠦ᠂ ᠬᠡᠷᠡᠭ ᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠠᠰᠠᠭᠤᠳᠠᠯ ᠲᠠᠢ ᠤᠶᠠᠯᠳᠤᠭᠤᠯᠤᠨ ᠭᠦᠨᠵᠡᠭᠡᠢ ᠨᠡᠪᠲᠡᠷᠡᠯᠴᠡᠨ ᠰᠣᠯᠢᠯᠴᠠᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠠᠷᠢᠯᠴᠠᠨ ᠰᠠᠨᠠᠯ ᠰᠠᠨᠠᠭᠤᠯᠭ᠎ᠠ ᠳᠤᠷᠠᠳᠤᠭᠰᠠᠨ ᠪᠥᠭᠡᠳ ᠬᠠᠮᠵᠢᠯᠴᠠᠬᠤ ᠶᠢ ᠴᠢᠩᠭᠠᠳᠬᠠᠵᠤ ᠬᠠᠤᠯᠢ ᠴᠠᠭᠠᠵᠠ ᠶᠢᠨ ᠬᠡᠷᠡᠭᠯᠡᠯᠲᠡ ᠶᠢ ᠨᠢᠭᠡᠳᠬᠡᠬᠦ᠂ ᠬᠤᠳᠠᠯ ᠬᠠᠭᠤᠷᠮᠠᠭ ᠵᠠᠷᠭᠤ ᠶᠢᠨ ᠴᠣᠬᠢᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠪᠠ᠃ ᠲᠠᠷᠠᠭᠠᠴᠢ ᠶᠢᠨ ᠠᠯᠬᠤᠮ ᠳᠤ ᠵᠥᠪᠳᠡᠯᠴᠡᠬᠦ ᠵᠦᠢᠯᠡᠰ ᠢ ᠰᠢᠪᠠᠳᠠᠨ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠰᠠᠶᠢᠨ ᠬᠠᠮᠵᠢᠯᠴᠠᠭᠠᠨ ᠤ ᠦᠷ᠎ᠡ ᠪᠦᠲᠦᠭᠡᠯ ᠤᠨ ᠦᠢᠯᠡᠳᠦᠯᠭᠡ ᠶᠢᠨ ᠲᠤᠷᠰᠢᠯᠭ᠎ᠠ ᠶᠢ ᠳᠦᠷᠢᠮ ᠤᠨ ᠵᠢᠷᠤᠮᠵᠢᠯ᠂ ᠠᠵᠢᠯ ᠤᠨ ᠶᠠᠪᠤᠴᠠ ᠶᠢᠨ ᠬᠡᠯᠪᠡᠷᠢ ᠪᠠᠷ ᠲᠣᠭᠲᠠᠪᠤᠷᠢᠵᠢᠭᠤᠯᠤᠨ᠎ᠠ᠃

ᠬᠤᠶᠠᠷ ᠬᠣᠷᠢᠶ᠎ᠠ ᠠᠴᠠ᠂ ᠰᠢᠨ᠎ᠡ ᠴᠠᠭ ᠦᠶ᠎ᠡ ᠶᠢᠨ ᠢᠷᠭᠡᠨ ᠤ ᠬᠡᠷᠡᠭ ᠤᠨ ᠬᠢᠨᠠᠯᠲᠠ ᠶᠢᠨ ᠰᠢᠨ᠎ᠡ ᠪᠠᠶᠢᠳᠠᠯ ᠨᠢ ᠬᠢᠨᠠᠯᠲᠠ ᠲᠠᠯᠪᠢᠬᠤ ᠤᠨᠤᠯᠵᠢᠬᠤᠨ ᠤ ᠲᠠᠯ᠎ᠠ ᠪᠠᠷ ᠬᠢ ᠣᠳᠣᠬᠢᠴᠢᠯᠠᠯᠲᠠ ᠶᠢ ᠱᠠᠭᠠᠷᠳᠠᠬᠤ ᠪᠠᠷ ᠪᠠᠷᠠᠬᠤ ᠦᠭᠡᠢ᠂ ᠨᠡᠩ ᠴᠤ ᠬᠢᠨᠠᠯᠲᠠ ᠲᠠᠯᠪᠢᠬᠤ ᠪᠠᠶᠢᠭᠤᠯᠤᠮᠵᠢ ᠲᠣᠭᠲᠠᠴᠠ ᠶᠢᠨ ᠲᠠᠯ᠎ᠠ ᠪᠠᠷ ᠬᠢ ᠣᠳᠣᠬᠢᠴᠢᠯᠠᠯᠲᠠ ᠶᠢ ᠱᠠᠭᠠᠷᠳᠠᠨ᠎ᠠ ᠭᠡᠵᠦ ᠰᠠᠨᠠᠯ ᠨᠢᠭᠡᠲᠡᠢ ᠢᠯᠡᠳᠬᠡᠪᠡ᠃ ᠪᠠᠶᠢᠴᠠᠭᠠᠬᠤ ᠬᠤᠷᠢᠶ᠎ᠠ ᠰᠢᠭᠦᠬᠦ ᠬᠤᠷᠢᠶ᠎ᠠ ᠲᠤᠰ ᠲᠤᠰ ᠤᠨ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠳᠠᠭᠠᠨ ᠰᠠᠭᠤᠷᠢᠯᠠᠵᠤ᠂ ᠬᠠᠮᠲᠤᠷᠠᠯᠴᠠᠭ᠎ᠠ ᠪᠣᠯᠣᠨ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠰᠠᠶᠢᠲᠤᠷ ᠬᠤᠷᠰᠢᠯᠴᠠᠵᠤ᠂ ᠭᠦᠨᠵᠡᠭᠡᠢ ᠠᠭᠤᠰᠤᠯᠴᠠᠵᠤ᠂ ᠵᠡᠷᠭᠡᠪᠡᠷ ᠤᠷᠤᠭᠰᠢᠯᠠᠨ᠂ ᠬᠠᠥᠯᠢ ᠪᠠᠷ ᠵᠠᠰᠠᠬᠤ ᠬᠠᠮᠲᠤᠷᠠᠯ ᠤᠨ ᠬᠦᠴᠦᠨ ᠢ ᠨᠡᠩ ᠰᠠᠶᠢᠲᠤᠷ ᠨᠢᠭᠲᠠᠷᠠᠭᠤᠯᠵᠤ᠂ ᠰᠠᠶᠢᠲᠤᠷ ᠬᠤᠷᠰᠢᠯᠴᠠᠵᠤ ᠬᠢᠨᠠᠯᠲᠠ ᠲᠠᠯᠪᠢᠬᠤ ᠬᠠᠷᠢᠴᠠᠭ᠎ᠠ ᠪᠣᠯᠣᠨ ᠬᠠᠤᠯᠢ ᠴᠠᠭᠠᠵᠠ ᠶᠢᠨ ᠲᠥᠪ ᠭᠤᠣᠯᠴᠢ ᠶᠢ ᠬᠠᠮᠠᠭᠠᠯᠠᠬᠤ ︽ᠬᠠᠤᠯᠢᠵᠢᠯ ᠤᠨ ᠬᠠᠮᠲᠤ ᠶᠢᠨ ᠴᠣᠭᠴᠠ︾ ᠶᠢ ᠪᠠᠶᠢᠭᠤᠯᠵᠤ᠂ ᠰᠢᠨ᠎ᠡ ᠴᠠᠭ ᠦᠶ᠎ᠡ ᠶᠢᠨ ᠠᠷᠠᠳ ᠤᠯᠠᠨ ᠤ ᠠᠷᠠᠳᠴᠢᠯᠠᠯ᠂ ᠬᠠᠤᠯᠢᠵᠢᠯ᠂ ᠲᠥᠪ ᠭᠤᠣᠯᠴᠢ᠂ ᠰᠢᠳᠤᠷᠭᠤ ᠶᠣᠰᠣᠨ ᠤ ᠲᠤᠬᠠᠢ ᠨᠡᠩ ᠥᠨᠳᠥᠷ ᠬᠦᠰᠡᠯ ᠱᠠᠭᠠᠷᠳᠠᠯᠭ᠎ᠠ ᠳᠤ ᠢᠳᠡᠪᠬᠢᠲᠡᠢ ᠬᠠᠷᠢᠭᠤᠯᠲᠠ ᠥᠭᠴᠡᠢ᠃  

 

    

ᠢᠷᠡᠯᠲᠡ
ᠬᠥᠬᠡᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro