ᠲᠤᠭᠲᠠᠭᠠᠯ ᠳᠤ ᠦᠯᠦ ᠨᠡᠶᠢᠴᠡᠬᠦ ᠰᠤᠷᠭᠠᠭᠤᠯᠢ ᠶᠢᠨ ᠲᠡᠷᠭᠡ ᠶᠢ ᠬᠠᠮᠲᠤᠷᠠᠨ ᠴᠡᠭᠴᠡᠯᠡᠨ ᠵᠠᠰᠠᠬᠤ ᠶᠢ ᠠᠬᠢᠭᠤᠯᠵᠤ ︽ᠰᠤᠷᠭᠠᠭᠤᠯᠢ ᠳᠤ ᠣᠴᠢᠬᠤ ᠵᠠᠮ︾ ᠢ ᠨᠡᠩ ᠢᠯᠡᠭᠦᠸ ᠪᠠᠲᠤᠯᠠᠭ᠎ᠠ ᠲᠠᠶ ᠪᠣᠯᠭᠠᠨ᠎ᠠ
ᠬᠣᠰᠢᠭᠤᠨ ᠤ ᠬᠠᠷᠢᠶᠠᠨ ᠳᠡᠬᠢ ᠰᠤᠷᠤᠭᠴᠢᠳ ᠤᠨ ᠡᠳᠦᠷ ᠲᠤᠲᠤᠮ ᠤᠨ ᠰᠤᠷᠭᠠᠭᠤᠯᠢ ᠳᠤ ᠣᠴᠢᠬᠣ ᠪᠠ ᠰᠤᠷᠭᠠᠭᠤᠯᠢ ᠠᠴᠠ ᠰᠠᠯᠬᠤ ᠠᠮᠤᠷ ᠲᠦᠪᠰᠢᠨ ᠢ ᠤᠯᠠᠮ ᠨᠢᠭᠡ ᠠᠯᠬᠤᠮ ᠪᠠᠲᠤᠯᠠᠵᠤ ᠂ ᠰᠤᠷᠭᠠᠭᠤᠯᠢ ᠶᠢᠨ ᠬᠦᠷᠢᠶᠡᠨ ᠦ ᠡᠷᠬᠢᠨ ᠲᠣᠭᠣᠷᠢᠨ ᠤ ᠲᠤᠭᠲᠠᠭᠠᠯ ᠳᠤ ᠦᠯᠦ ᠨᠡᠶᠢᠴᠡᠬᠦ ᠰᠤᠷᠭᠠᠭᠤᠯᠢ ᠶᠢᠨ ᠲᠡᠷᠭᠡ ᠶᠢᠨ ᠬᠠᠸᠯᠢ ᠪᠤᠰᠤ ᠪᠠᠷ ᠠᠰᠢᠭ ᠤᠯᠬᠤ ᠂ ᠲᠣᠭᠲᠠᠭᠠᠯ ᠠᠴᠠ ᠵᠥᠷᠢᠴᠡᠨ ᠳᠠᠭᠠᠭᠠᠴᠠ ᠠᠴᠠ ᠬᠡᠲᠦᠷᠡᠭᠦᠯᠬᠦ ᠵᠡᠷᠭᠡ ᠪᠠᠶᠢᠳᠠᠯ ᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ ᠂ ᠣᠶᠢᠷ᠎ᠠ ᠳᠤ ᠳᠠᠯᠠᠳ ᠬᠣᠰᠢᠭᠤᠨ ᠤ ᠨᠠᠮ ᠤᠨ ᠬᠣᠷᠢᠶᠠᠨ ᠤ ᠤᠯᠤᠰ ᠲᠥᠷᠥ ᠬᠠᠸᠯᠢ ᠴᠠᠭᠠᠵᠠ ᠶᠢᠨ ᠬᠣᠷᠢᠶ᠎ᠠ ᠪᠠᠷ ᠲᠦᠷᠦᠭᠦᠯᠡᠭᠦᠯᠦᠨ ᠂ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠠᠴᠠ ᠳᠠᠯᠠᠳ ᠬᠣᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠬᠡ ᠠᠩᠭᠢ ᠵᠢᠴᠢ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠠᠸᠯᠢ ᠬᠡᠷᠡᠭᠵᠢᠭᠦᠯᠬᠦ ᠶᠡᠬᠡ ᠠᠩᠭᠢ ᠵᠡᠷᠭᠡ ᠨᠢᠭᠡᠴᠡ ᠲᠡᠶ ᠬᠠᠮᠲᠤᠷᠠᠨ ︽ᠰᠤᠷᠭᠠᠭᠤᠯᠢ ᠶᠢᠨ ᠲᠡᠷᠭᠡ ᠶᠢᠨ ᠠᠵᠢᠯᠯᠠᠭᠠᠨ ᠢ ᠴᠡᠭᠴᠡᠯᠡᠨ ᠵᠠᠰᠠᠬᠤ ᠬᠣᠯᠪᠣᠭᠳᠠᠯ ᠪᠥᠬᠥᠶ ᠤᠴᠢᠷ ᠶᠠᠪᠤᠳᠠᠯ ᠢ ᠵᠥᠪᠳᠡᠯᠴᠡᠬᠦ︾ ᠲᠤᠬᠠᠶ ᠶᠠᠷᠢᠯᠴᠠᠬᠤ ᠬᠤᠷᠠᠯ ᠬᠣᠷᠠᠯᠳᠣᠵᠣ ᠂ ᠬᠠᠮᠲᠤᠷᠠᠭᠰᠠᠨ ᠶᠠᠷᠢᠯᠴᠠᠬᠤ ᠬᠤᠷᠠᠯ ᠥᠷᠨᠢᠭᠦᠯᠬᠦ ᠪᠡᠷ ᠳᠠᠮᠵᠢᠭᠤᠯᠤᠨ ᠂ ᠬᠤᠶᠢᠰᠢᠳᠠ ᠵᠢᠨ ᠲᠤᠭᠲᠠᠭᠠᠯ ᠳᠤ ᠦᠯᠦ ᠨᠡᠶᠢᠴᠡᠬᠦ ᠰᠤᠷᠭᠠᠭᠤᠯᠢ ᠶᠢᠨ ᠲᠡᠷᠭᠡ ᠶᠢ ᠴᠡᠭᠴᠡᠯᠡᠨ ᠵᠠᠰᠠᠬᠤ ᠠᠵᠢᠯᠯᠠᠭᠠᠨ ᠤ ᠠᠷᠭ᠎ᠠ ᠬᠡᠮᠵᠢᠶ᠎ᠡ ᠶᠢ ᠬᠠᠮᠲᠤ ᠪᠠᠷ ᠵᠥᠪᠳᠡᠯᠴᠡᠪᠡ ᠃
ᠶᠠᠷᠢᠯᠴᠠᠬᠤ ᠬᠤᠷᠠᠯ ᠳᠦ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠠᠴᠠ ᠲᠤᠰ ᠬᠣᠰᠢᠭᠤᠨ ᠤ ᠣᠲᠤ ᠪᠠᠶᠢᠭ᠎ᠠ ᠬᠢᠷᠢ ᠲᠡᠩᠴᠡᠭᠰᠡᠨ ᠰᠤᠷᠭᠠᠭᠤᠯᠢ ᠶᠢᠨ ᠲᠡᠷᠭᠡ ᠶᠢᠨ ᠲᠣᠭ᠎ᠠ ᠬᠡᠮᠵᠢᠶ᠎ᠡ ᠵᠢᠴᠢ ᠳᠠᠷᠠᠭᠠᠯᠠᠨ ᠪᠠᠶᠢᠴᠠᠭᠠᠭᠰᠠᠨ ᠤ ᠲᠠᠷᠠᠭ᠎ᠠ ᠣᠷᠣᠰᠢᠵᠤ ᠪᠠᠶᠢᠭ᠎ᠠ ᠲᠤᠭᠲᠠᠭᠠᠯ ᠳᠤ ᠦᠯᠦ ᠨᠡᠶᠢᠴᠡᠬᠦ ᠰᠤᠷᠭᠠᠭᠤᠯᠢ ᠶᠢᠨ ᠲᠡᠷᠭᠡ ᠶᠢᠨ ᠲᠣᠭ᠎ᠠ ᠶᠢ ᠤᠯᠠᠨ ᠳᠤ ᠳᠣᠲᠣᠷᠬᠠᠢᠯᠠᠬᠣ ᠶᠢᠨ ᠬᠠᠮᠲᠤ᠂ ᠡᠨᠡᠬᠦ ᠨᠡᠶᠢᠭᠡᠮ ᠦᠨ ᠦᠵᠡᠭᠳᠡᠯ ᠣᠷᠣᠰᠢᠵᠤ ᠪᠠᠶᠢᠭ᠎ᠠ ᠰᠢᠯᠲᠠᠭᠠᠨ ᠢ ᠵᠠᠳᠠᠯᠤᠭᠰᠠᠨ ᠪᠠᠶᠢᠨ᠎ᠠ᠃ ᠳᠠᠷᠠᠭ᠎ᠠ ᠨᠢ ᠣᠯᠠᠨ ᠢᠶᠠᠷ ᠢᠶᠠᠨ ︽ ᠲᠤᠭᠲᠠᠭᠠᠯ ᠳᠤ ᠦᠯᠦ ᠨᠡᠶᠢᠴᠡᠬᠦ ᠰᠤᠷᠭᠠᠭᠤᠯᠢ ᠶᠢᠨ ᠲᠡᠷᠭᠡ ᠨᠢ ᠳᠦᠷᠢᠮ ᠳᠣᠭᠲᠠᠭᠠᠯ ᠳᠤ ᠨᠡᠢᠴᠡᠭᠰᠡᠨ ᠰᠤᠷᠭᠠᠭᠤᠯᠢ ᠶᠢᠨ ᠲᠡᠷᠭᠡ ᠪᠣᠯᠵᠤ ᠴᠢᠳᠠᠬᠤ ᠡᠰᠡᠬᠦ︾ ᠵᠢᠴᠢ ︽ᠰᠤᠷᠭᠠᠭᠤᠯᠢ ᠶᠢᠨ ᠬᠦᠷᠢᠶᠡᠨ ᠦ ᠡᠷᠭᠢᠨ ᠲᠣᠭᠣᠷᠢᠨ ᠤ ᠲᠤᠭᠲᠠᠭᠠᠯ ᠳᠤ ᠦᠯᠦ ᠨᠡᠶᠢᠴᠡᠬᠦ ᠰᠤᠷᠭᠠᠭᠤᠯᠢ ᠶᠢᠨ ᠲᠡᠷᠭᠡ ᠶᠢᠨ ᠪᠤᠶ ᠪᠣᠯᠬᠤ ᠶᠢ ᠬᠡᠷᠬᠢᠨ ᠲᠤᠶᠢᠯᠪᠤᠷᠢᠲᠠᠶ ᠬᠣᠷᠢᠭᠯᠠᠬᠤ︾ ᠭᠡᠬᠦ ᠬᠣᠶᠠᠷ ᠠᠰᠠᠭᠤᠳᠠᠯ ᠤᠨ ᠲᠣᠭᠣᠷᠢᠨ ᠳᠤ ᠭᠦᠨᠵᠡᠭᠡᠶ ᠵᠠᠳᠠᠯᠤᠯᠲᠠ ᠬᠢᠵᠦ ᠰᠤᠳᠤᠯᠤᠨ ᠶᠠᠷᠢᠯᠴᠠᠪᠠ ᠃ ᠬᠤᠷᠠᠯ ᠳᠦ᠂ ᠲᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶᠠᠨ ᠤ ᠨᠠᠰᠣᠨ ᠳᠤ ᠥᠯᠥ ᠬᠦᠷᠦᠭᠰᠡᠳ ᠦᠨ ᠪᠠᠢᠴᠠᠭᠠᠬᠣ ᠠᠵᠢᠯ ᠤᠨ ᠬᠠᠷᠢᠭᠤᠴᠠᠯᠭᠠᠲᠠᠨ ᠲᠤᠭᠲᠠᠭᠠᠯ ᠳᠤ ᠦᠯᠦ ᠨᠡᠶᠢᠴᠡᠬᠦ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠦ ᠬᠡᠮ ᠰᠣᠭᠣᠭ ᠢ ᠴᠡᠭᠴᠡᠯᠡᠨ ᠵᠠᠰᠠᠬᠤ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠳᠣᠸᠷᠠᠬᠢ ᠮᠡᠲᠦ ᠰᠠᠨᠠᠭᠤᠯᠭ᠎ᠠ ᠳᠤᠷᠠᠳᠪᠠ ᠄
ᠨᠢᠭᠡ ᠳᠦ ᠤᠬᠠᠭᠤᠯᠭ᠎ᠠ ᠶᠢ ᠤᠷᠢᠳᠠᠪᠠᠷ ᠬᠢᠬᠦ
ᠣᠯᠠᠨ ᠠᠷᠭ᠎ᠠ ᠵᠠᠮ ᠂ ᠣᠯᠠᠨ ᠪᠡᠶᠡᠴᠢ ᠴᠣᠭᠴᠠ ᠳᠤ ᠴᠢᠭᠯᠡᠭᠦᠯᠦᠨ ᠬᠠᠨᠳᠣᠯᠭᠠᠲᠣ ᠴᠢᠨᠠᠷᠲᠠᠶ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠦ ᠤᠬᠠᠭᠤᠯᠭ᠎ᠠ ᠶᠢᠨ ᠠᠵᠢᠯ ᠢ ᠥᠷᠨᠢᠭᠦᠯᠵᠦ ᠂ ᠬᠠᠵᠠᠭᠤ ᠳᠠᠬᠢ ᠲᠣᠭᠲᠠᠭᠠᠯ ᠠᠴᠠ ᠵᠥᠷᠢᠴᠡᠨ ᠲᠤᠭᠲᠠᠭᠠᠯ ᠳᠤ ᠦᠯᠦ ᠨᠡᠶᠢᠴᠡᠬᠦ ᠰᠤᠷᠭᠠᠭᠤᠯᠢ ᠶᠢᠨ ᠲᠡᠷᠭᠡᠨ ᠳᠦ ᠰᠠᠭᠤᠭᠰᠠᠨ ᠠᠴᠠ ᠪᠣᠯᠵᠣ ᠬᠥᠮᠦᠨ ᠦ ᠪᠡᠶ᠎ᠡ ᠶᠢᠨ ᠠᠮᠤᠷ ᠲᠦᠪᠰᠢᠨ ᠬᠣᠬᠢᠷᠠᠯ ᠳᠤ ᠣᠨᠴᠠᠷᠠᠭᠰᠠᠨ ᠵᠢᠱᠢᠶ᠎ᠡ ᠲᠡᠶ ᠤᠶᠠᠯᠳᠤᠭᠤᠯᠤᠨ ᠂ ᠰᠤᠷᠤᠭᠴᠢᠳ ᠤᠨ ᠶᠠᠪᠤᠵᠤ ᠰᠠᠭᠤᠬᠤ ᠠᠮᠤᠷ ᠲᠦᠪᠰᠢᠨ ᠢ ᠴᠢᠬᠤᠯᠠᠴᠢᠯᠠᠵᠤ ᠂ ᠨᠢᠭᠤᠴᠠ ᠪᠠᠷ ᠲᠤᠭᠲᠠᠭᠠᠯ ᠳᠤ ᠦᠯᠦ ᠨᠡᠶᠢᠴᠡᠬᠦ ᠰᠤᠷᠭᠠᠭᠤᠯᠢ ᠶᠢᠨ ᠲᠡᠷᠭᠡ ᠲᠡᠶ ᠬᠣᠯᠪᠣᠭᠠᠯᠠᠬᠤ ᠶᠢ ᠲᠡᠪᠴᠢᠬᠦ ᠶᠢ ᠣᠯᠠᠨ ᠢᠶᠠᠷ ᠢᠶᠠᠨ ᠣᠷᠢᠶᠠᠯᠠᠨ᠎ᠠ᠃
ᠬᠣᠶᠠᠷ ᠲᠤ ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ
ᠤᠬᠠᠭᠤᠯᠭ᠎ᠠ ᠬᠥᠮᠦᠵᠢᠯ ᠬᠢᠬᠦ ᠶᠢᠨ ᠬᠠᠮᠲᠤ ᠂ ᠵᠠᠮ ᠬᠠᠷᠢᠯᠴᠠᠭᠠᠨ ᠤ ᠭᠣᠸᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠭᠡᠳ ᠰᠤᠷᠭᠠᠭᠤᠯᠢ ᠶᠢᠨ ᠲᠠᠯ᠎ᠠ ᠰᠣᠷᠣᠭᠴᠢ ᠶᠢᠨ ᠲᠡᠭᠡᠭᠡᠪᠦᠷᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ ᠂ ᠣᠲᠣ ᠶᠢᠨ ᠪᠠᠶᠢᠭ᠎ᠠ ᠲᠣᠭᠲᠠᠭᠠᠯ ᠳᠤ ᠨᠡᠶᠢᠴᠡᠭᠰᠡᠨ ᠰᠤᠷᠭᠠᠭᠤᠯᠢ ᠶᠢᠨ ᠲᠡᠷᠭᠡ ᠶᠢᠨ ᠵᠠᠮ ᠱᠤᠭᠤᠮ ᠂ ᠴᠠᠭ ᠬᠤᠭᠤᠴᠠᠭ᠎ᠠ ᠂ ᠲᠡᠷᠭᠡ ᠬᠥᠰᠬᠡ ᠶᠢᠨ ᠠᠮᠤᠷ ᠲᠦᠪᠰᠢᠨ ᠵᠡᠷᠭᠡ ᠠᠰᠠᠭᠤᠳᠠᠯ ᠢ ᠴᠠᠭ ᠢᠮᠠᠭᠲᠠ ᠠᠩᠬᠠᠷᠠᠵᠣ ᠂ ᠵᠢᠯᠣᠭᠣᠴᠢ ᠠᠴᠠ ᠲᠡᠷᠭᠡ ᠬᠥᠰᠬᠡ ᠬᠦᠷᠲᠡᠯᠡᠬᠢ ᠪᠥᠬᠥ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠶ ᠪᠠᠷ ᠵᠣᠬᠢᠶᠠᠨ ᠪᠠᠶᠢᠭᠤᠯᠵᠤ ᠂ ᠣᠲᠣ ᠶᠢᠨ ᠪᠠᠶᠢᠭ᠎ᠠ ᠰᠤᠷᠭᠠᠭᠤᠯᠢ ᠶᠢᠨ ᠲᠡᠷᠭᠡ ᠶᠢᠨ ᠬᠠᠮᠢᠶᠠᠷᠤᠯᠲᠠ ᠶᠢᠨ ᠵᠢᠷᠤᠮᠵᠢᠭᠤᠯᠤᠯᠲᠠ ᠂ ᠪᠠᠷᠢᠮᠵᠢᠶᠠᠵᠢᠭᠤᠯᠤᠯᠲᠠ ᠶᠢ ᠪᠡᠶᠡᠯᠡᠭᠦᠯᠦᠨ᠎ᠡ ᠃
ᠭᠤᠷᠪᠠ ᠳᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ
ᠬᠠᠮᠲᠤᠷᠠᠨ ᠬᠠᠸᠯᠢ ᠬᠡᠷᠡᠭᠵᠢᠭᠦᠯᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ ᠂ ᠲᠤᠭᠲᠠᠭᠠᠯ ᠳᠤ ᠦᠯᠦ ᠨᠡᠶᠢᠴᠡᠬᠦ ᠰᠤᠷᠭᠠᠭᠤᠯᠢ ᠶᠢᠨ ᠲᠡᠷᠭᠡ ᠶᠢᠨ ᠰᠦᠪᠡᠭᠴᠢ ᠶᠢᠨ ᠮᠡᠳᠡᠭᠡ ᠵᠠᠩᠭᠢ ᠶᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠨ ᠂ ᠡᠳᠦᠷ ᠲᠤᠲᠤᠮ ᠤᠨ ᠬᠢᠨᠠᠯᠲᠠ ᠲᠠᠯᠪᠢᠬᠤ ᠂ ᠠᠵᠢᠯ ᠲᠥᠷᠥᠯ ᠦᠨ ᠥᠪᠡᠷ ᠢ ᠪᠡᠨ ᠱᠠᠭᠠᠷᠳᠠᠬᠤ ᠂ ᠵᠠᠰᠠᠬ ᠵᠠᠬᠢᠷᠭᠠᠨ ᠤ ᠰᠢᠳᠭᠡᠯ ᠲᠤᠷᠭᠠᠭᠤᠯᠢ ᠶᠢ ᠬᠠᠷᠢᠯᠴᠠᠨ ᠤᠶᠠᠯᠳᠤᠭᠤᠯᠤᠭᠰᠠᠨ ᠪᠥᠬᠥ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ ᠂ ᠬᠢᠨᠠᠯᠲᠠ ᠬᠠᠮᠢᠶᠠᠷᠤᠯᠲᠠ ᠶᠢᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ ᠃
ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠦ ᠠᠰᠠᠭᠤᠳᠠᠯ ᠨᠢ ᠬᠡᠸᠬᠡᠳ ᠦᠨ ᠠᠮᠤᠷ ᠲᠦᠪᠰᠢᠨ ᠡᠷᠡᠭᠦᠯ ᠮᠡᠨᠳᠦ ᠵᠢᠴᠢ ᠬᠡᠷ ᠪᠦᠯᠢ ᠨᠢᠭᠡᠪᠦᠷᠢ ᠶᠢᠨ ᠵᠣᠯ ᠵᠢᠷᠭᠠᠯ ᠪᠠ ᠬᠦᠰᠡᠯ ᠡᠷᠡᠮᠡᠯᠵᠡᠯ ᠲᠡᠶ ᠬᠣᠯᠪᠣᠭᠳᠠᠨ᠎ᠠ ᠂ ᠲᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠪᠠᠶᠢᠴᠠᠭᠠᠬᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠤᠯᠠᠮ ᠨᠢᠭᠡ ᠠᠯᠬᠤᠮ ᠭᠦᠶᠴᠡᠳᠬᠡᠵᠦ ᠂ ᠡᠯ᠎ᠡ ᠰᠠᠯᠠᠭ᠎ᠠ ᠮᠥᠴᠢᠷ ᠦᠨ ᠵᠡᠷᠭᠡᠪᠡᠷ ᠠᠳᠬᠤᠨ ᠬᠠᠮᠲᠤ ᠪᠠᠷ ᠬᠠᠮᠢᠶᠠᠷᠬᠤ ᠪᠠᠶᠢᠷᠢᠰᠢᠯ ᠢ ᠪᠣᠶ ᠪᠣᠯᠭᠠᠬᠤ ᠶᠢ ᠳᠥᠯᠭᠢᠨ ᠠᠬᠢᠭᠤᠯᠵᠤ ᠂ ᠰᠤᠷᠭᠠᠭᠤᠯᠢ ᠶᠢᠨ ᠲᠡᠷᠭᠡ ᠶᠢᠨ ᠡᠵᠡᠩᠨᠡᠯᠲᠡ ᠶᠢᠨ ︽ᠠᠮᠤᠷ ᠲᠦᠪᠰᠢᠨ ᠦ ᠨᠡᠭᠡᠯᠡᠬᠡᠶ︾ ᠶᠢ ᠴᠢᠩᠭ᠎ᠠ ᠮᠤᠰᠬᠢᠵᠦ ᠂ ᠰᠤᠷᠤᠭᠴᠢᠳ ᠤᠨ ᠰᠤᠷᠭᠠᠭᠤᠯᠢ ᠳᠤ ᠣᠴᠢᠬᠣ ᠪᠠ ᠰᠤᠷᠭᠠᠭᠤᠯᠢ ᠠᠴᠠ ᠰᠠᠯᠬᠤ ᠠᠮᠤᠷ ᠲᠦᠪᠰᠢᠨ ᠢ ᠬᠠᠮᠠᠭᠠᠯᠠᠨ᠎ᠠ ᠃