ᠯᠢ ᠶᠦᠩ ᠵᠢᠶᠦ᠋ᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠲᠤᠬᠤᠨᠢᠭᠤᠯᠭ᠎ᠠ ᠬᠢᠪᠡ
ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠬᠦ ᠶᠢᠨ ᠲᠥᠯᠥᠭᠡ᠂ 12 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠯᠴᠠᠬᠤ ᠴᠡᠭ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠲᠣᠰᠬᠤᠨ ᠪᠠᠯᠭᠠᠰᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠪᠣᠯᠭᠤᠭᠠᠨ ᠲᠣᠬᠤᠨᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠤᠨ ᠦᠷ᠎ᠡ ᠪᠦᠲᠦᠮᠵᠢ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠲᠣᠰᠬᠤᠨ ᠪᠠᠯᠭᠠᠰᠤᠨ ᠳᠤ ᠺᠣᠮᠫᠢᠦ᠋ᠲ᠋ᠧᠷ᠂ ᠬᠦᠢᠲᠡᠨ ᠠᠴᠠ ᠰᠡᠷᠭᠡᠶᠢᠯᠡᠬᠦ ᠬᠤᠪᠴᠠᠰᠤ ᠵᠡᠷᠭᠡ ᠲᠣᠬᠤᠨᠢᠭᠤᠯᠬᠤ ᠪᠣᠳᠠᠰ ᠬᠠᠨᠳᠢᠪᠯᠠᠭᠰᠠᠨ ᠪᠠᠶᠢᠨ᠎ᠠ᠃
ᠯᠢ ᠶᠦᠩ ᠵᠢᠶᠦ᠋ᠨ ᠤᠷᠢᠳ ᠬᠤᠵᠢᠳ ᠳ᠋ᠦᠩ ᠶᠢᠦ ᠹᠠᠩ ᠲᠣᠰᠬᠤᠨ᠂ ᠬᠤᠸᠠᠩ ᠶᠠᠩ ᠴᠧᠩ ᠲᠣᠰᠬᠤᠨ᠂ ᠳ᠋ᠠ ᠳ᠋ᠦᠩ ᠭᠸᠦ ᠲᠣᠰᠬᠤᠨ᠂ ᠬᠤᠩᠬᠤᠷ ᠭᠠᠴᠠᠭ᠎ᠠ ᠳᠤ ᠬᠦᠷᠴᠦ᠂ ᠶᠠᠳᠠᠭᠤ ᠠᠴᠠ ᠠᠩᠭᠢᠵᠢᠷᠠᠭᠰᠠᠨ ᠮᠠᠯᠴᠢᠨ ᠡᠷᠦᠬᠡ ᠪᠠᠷ ᠰᠤᠷᠪᠤᠯᠵᠢᠯᠠᠪᠠ᠃ ᠬᠦᠷᠦᠭᠰᠡᠨ ᠡᠷᠦᠭᠡ ᠵᠢᠨ ᠠᠷᠠᠳ ᠲᠠᠢ ᠴᠥᠮ ᠳᠣᠲᠣᠨᠣ ᠪᠠᠷ ᠶᠠᠷᠢᠯᠴᠠᠵᠤ᠂ ᠪᠡᠶ᠎ᠡ ᠮᠠᠬᠠᠪᠤᠳ ᠤᠨ ᠪᠠᠶᠢᠳᠠᠯ᠂ ᠭᠡᠷ ᠪᠦᠯᠢ ᠶᠢᠨ ᠪᠠᠶᠢᠳᠠᠯ᠂ ᠣᠷᠣᠯᠭ᠎ᠠ ᠶᠢᠨ ᠢᠷᠡᠯᠲᠡ ᠵᠢᠴᠢ ᠦᠢᠯᠡᠳᠪᠦᠷᠢᠯᠡᠯ ᠠᠮᠢᠳᠤᠷᠠᠯ ᠤᠨ ᠳᠤᠮᠳᠠ ᠲᠤᠯᠭᠠᠷᠠᠭᠰᠠᠨ ᠪᠣᠳᠠᠲᠠᠶ ᠬᠦᠴᠢᠷᠳᠡᠯ ᠢ ᠨᠢ ᠨᠠᠷᠢᠨ ᠠᠰᠠᠭᠤᠵᠤ᠂ ᠬᠦᠢᠲᠡᠨ ᠠᠴᠠ ᠰᠡᠷᠭᠡᠶᠢᠯᠡᠵᠦ ᠳᠤᠯᠠᠭᠠᠨ ᠢ ᠪᠠᠲᠤᠯᠠᠬᠤ᠂ ᠪᠡᠶ᠎ᠡ ᠪᠠᠨ ᠭᠠᠮᠨᠠᠬᠤ ᠶᠢ ᠠᠩᠬᠠᠷᠴᠤ᠂ ᠨᠠᠮ ᠤᠨ ᠰᠠᠶᠢᠨ ᠲᠦᠷᠦ ᠶᠢᠨ ᠪᠤᠳᠤᠯᠭ᠎ᠠ ᠶᠢ ᠢᠲᠡᠭᠡᠵᠦ᠂ ᠨᠠᠮ ᠤᠨ ᠰᠠᠶᠢᠨ ᠲᠦᠷᠦ ᠶᠢᠨ ᠪᠤᠳᠤᠯᠭ᠎ᠠ ᠳᠤ ᠲᠦᠰᠢᠭᠯᠡᠵᠦ᠂ ᠠᠮᠢᠳᠤᠷᠠᠯ ᠢᠶᠠᠨ ᠤᠯᠠᠮ ᠠᠴᠠ ᠤᠯᠠᠮ ᠰᠠᠶᠢᠵᠢᠷᠠᠭᠤᠯᠤᠭᠠᠷᠠᠢ ᠭᠡᠵᠦ ᠵᠠᠬᠢᠪᠠ᠃
ᠯᠢ ᠶᠦᠩ ᠵᠢᠶᠦ᠋ᠨ ᠶᠠᠪᠤᠬᠤ ᠶᠢᠨ ᠳᠠᠭᠠᠤ ᠦᠵᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ᠂ ᠬᠥᠳᠡᠭᠡ ᠲᠣᠰᠬᠤᠨ ᠤ ︽ᠵᠣᠯ ᠵᠢᠷᠭᠠᠯᠲᠤ ᠬᠦᠷᠢᠶᠡᠯᠡᠩ︾ ᠤᠨ ᠠᠵᠢᠯᠯᠠᠭ᠎ᠠ᠂ ᠲᠣᠰᠬᠤᠨ ᠤ ᠳᠦᠷᠰᠦ ᠪᠠᠶᠢᠳᠠᠯ ᠤᠨ ᠪᠠᠶᠢᠭᠤᠯᠤᠯᠲᠠ᠂ ᠮᠠᠯᠴᠢᠳ ᠤᠨ ᠵᠤᠭᠠᠴᠠᠯ ᠤᠨ ᠦᠢᠯᠡᠰ ᠤᠨ ᠵᠢᠷᠤᠮᠵᠢᠭᠤᠨ ᠡᠵᠡᠩᠨᠡᠯᠲᠡ ᠵᠡᠷᠭᠡ ᠶᠢ ᠴᠥᠮ ᠲᠦᠢᠯ ᠢᠶᠠᠷ ᠠᠩᠬᠠᠷᠴᠤ ᠪᠠᠶᠢᠪᠠ᠃ ᠳ᠋ᠦᠩ ᠶᠢᠦ ᠹᠠᠩ ᠲᠠᠷᠢᠶᠠᠯᠠᠩ ᠤᠨ ᠮᠠᠰᠢᠨ ᠤ ᠤᠶᠢᠯᠡᠴᠢᠯᠡᠭᠡᠨ ᠤ ᠲᠥᠪ ᠢ ᠰᠢᠨᠵᠢᠯᠡᠨ ᠪᠠᠶᠢᠴᠠᠭᠠᠬᠤ ᠳᠠᠭᠠᠨ᠂ ᠲᠠᠷᠢᠬᠤ ᠮᠠᠰᠢᠨ᠂ ᠣᠯᠠᠨ ᠴᠢᠳᠠᠮᠵᠢᠲᠤ ᠬᠠᠳᠤᠵᠤ ᠬᠤᠷᠢᠶᠠᠬᠤ ᠮᠠᠰᠢᠨ ᠵᠡᠷᠭᠡ ᠣᠳᠣᠬᠢᠴᠢᠯᠠᠭᠰᠠᠨ ᠲᠠᠷᠢᠶᠠᠯᠠᠩ ᠤᠨ ᠪᠠᠭᠠᠵᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠨᠠᠷᠢᠨ ᠣᠶᠢᠯᠠᠭᠠᠪᠠ᠃ ᠯᠢ ᠶᠦᠩ ᠵᠢᠶᠦ᠋ᠨ ᠵᠢᠭᠠᠵᠤ ᠭᠠᠷᠭᠠᠭᠰᠠᠨ ᠨᠢ᠂ ᠣᠳᠣᠬᠢᠴᠢᠯᠠᠭᠰᠠᠨ ᠲᠠᠷᠢᠶᠠᠯᠠᠩ ᠤᠨ ᠪᠠᠭᠠᠵᠢ ᠨᠢ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠥᠳᠡᠯᠮᠦᠷᠢ ᠶᠢᠨ ᠬᠦᠴᠦᠨ ᠦ ᠤᠷᠤᠭᠤᠯᠭᠠ ᠶᠢ ᠪᠠᠭᠠᠰᠬᠠᠬᠤ᠂ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠬᠦ ᠳᠤ ᠢᠯᠡᠳᠲᠡ ᠦᠢᠯᠡᠳᠦᠯ ᠦᠵᠡᠭᠦᠯᠵᠦ᠂ ᠲᠣᠰᠬᠤᠨ᠂ ᠬᠤᠰᠢᠭᠤᠨ ᠠᠴᠠ ᠴᠢᠨᠠᠭᠰᠢᠯᠠᠪᠠᠯ ᠬᠤᠲᠠ ᠠᠴᠠᠢᠯᠡᠭᠦᠬᠡᠨ ᠬᠥᠲᠥᠯᠦᠨ ᠵᠢᠯᠣᠭᠤᠳᠴᠤ᠂ ᠢᠯᠡᠭᠦᠬᠡᠨ ᠲᠡᠳᠬᠦᠵᠦ᠂ ᠲᠠᠷᠢᠶᠠᠯᠠᠩ ᠤᠨ ᠬᠥᠭᠵᠢᠯᠲᠡ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠪᠠ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ ᠭᠡᠵᠡᠢ ᠃
ᠯᠢ ᠶᠦᠩ ᠵᠢᠶᠦ᠋ᠨ ᠪᠠᠰᠠ ᠪᠠᠶᠢᠴᠠᠭᠠᠬᠤ ᠪᠠᠶᠢᠭᠤᠯᠭ᠎ᠠ ᠶᠢᠨ ᠲᠣᠰᠬᠤᠨ ᠳᠤ ᠰᠠᠭᠤᠭ᠎ᠠ ᠺᠠᠳ᠋ᠷ ᠢ ᠲᠣᠬᠤᠨᠢᠭᠤᠯᠵᠤ᠂ ᠲᠣᠰᠬᠤᠨ ᠳᠤ ᠰᠠᠭᠤᠭ᠎ᠠ ᠺᠠᠳ᠋ᠷ ᠤᠨ ᠠᠵᠢᠯ᠂ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠰᠢᠷᠭᠠᠭᠤ ᠴᠢᠷᠮᠠᠶᠢᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠯᠢ ᠶᠦᠩ ᠵᠢᠶᠦ᠋ᠨ᠂ ᠲᠣᠰᠬᠤᠨ ᠳᠤ ᠰᠠᠭᠤᠭ᠎ᠠ ᠺᠠᠳ᠋ᠷ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ︽ᠲᠠᠭᠠᠭᠤᠯᠤᠭᠴᠢ︾ ᠪᠣᠯᠤᠨ᠎ᠠ᠂ ᠦᠨᠳᠦᠰᠦᠨ ᠱᠠᠲᠤᠨ ᠳᠤ ᠦᠨᠳᠦᠰᠦᠯᠡᠵᠦ᠂ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠪᠣᠯ ᠪᠠᠶᠢᠴᠠᠭᠠᠬᠤ ᠪᠠᠶᠢᠭᠤᠯᠭ᠎ᠠ ᠶᠢᠨ ᠲᠣᠰᠬᠤᠨ ᠳᠤ ᠰᠠᠭᠤᠭ᠎ᠠ ᠺᠠᠳ᠋ᠷ ᠤᠨ ᠠᠷᠤ ᠲᠦᠰᠢᠭ ᠮᠥᠨ᠂ ᠯᠠᠪᠲᠠᠢ ᠪᠦᠬᠦ ᠬᠦᠴᠦᠨ ᠢᠶᠠᠷ ᠢᠶᠠᠨ ᠲᠣᠰᠬᠤᠨ ᠳᠤ ᠰᠠᠭᠤᠭ᠎ᠠ ᠠᠵᠢᠯ ᠢ ᠳᠡᠮᠵᠢᠨ᠎ᠡ᠂ ᠳᠡᠳᠡᠨ ᠤ ᠦᠷᠭᠦᠯᠵᠢᠯᠡᠨ ᠲᠣᠰᠬᠤᠨ ᠤ ᠠᠷᠠᠳ ᠲᠠᠢ ᠬᠠᠮᠲᠤ ᠪᠠᠷ ᠴᠢᠷᠮᠠᠶᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠬᠠᠮᠲᠤᠪᠠᠷ ᠵᠢᠷᠤᠭᠯᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃