ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ︽ᠭᠤᠷᠪᠠᠨ ᠬᠠᠮᠢᠶᠠᠷᠤᠯᠲᠠ︾ ᠶᠢ ᠠᠭᠤᠰᠤᠯᠴᠠᠭᠤᠯᠤᠨ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠶ ᠦᠷ᠎ᠡ ᠪᠦᠲᠦᠮᠵᠢ ᠲᠠᠢ ᠬᠥᠭᠵᠢᠯᠲᠡ ᠶᠢ ᠠᠬᠢᠭᠤᠯᠪᠠ

2024-12-25 11:12:21
ᠵᠣᠬᠢᠶᠠᠭᠴᠢ
ᠱᠤᠸᠠᠩ ᠮᠧᠢ


    ᠣᠷᠴᠢᠮᠬᠠᠨ ᠳᠤ ︽ᠨᠢᠭᠡ ᠶᠢ ᠬᠦᠴᠦᠨ ᠦᠭᠡᠶ ᠪᠣᠯᠭᠠᠵᠤ᠂ ᠭᠤᠷᠪᠠ ᠶᠢ ᠬᠢᠬᠦ ᠦᠭᠡᠶ︾ ︽ᠭᠤᠷᠪᠠᠨ ᠬᠠᠮᠢᠶᠠᠷᠤᠯᠲᠠ︾ ᠭᠡᠳᠡᠭ ᠦᠭᠡᠰ ᠨᠢ ᠬᠥᠮᠦᠰ ᠤᠨ ᠠᠩᠬᠠᠷᠤᠯ ᠢ ᠶᠡᠬᠡᠳᠡ ᠲᠠᠲᠠᠵᠤ ᠪᠠᠶᠢᠭ᠎ᠠ ᠪᠠᠶᠢᠴᠠᠭᠠᠬᠤ ᠬᠠᠯᠠᠮᠰᠢᠯ ᠦᠭᠡ ᠪᠣᠯᠵᠠᠶ᠃ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠠᠴᠠ ᠲᠣᠭᠲᠠᠭᠠᠭᠰᠠᠨ ᠨᠢ᠄ ᠡᠯ᠎ᠡ ᠱᠠᠲᠤᠨ ᠤ ᠪᠠᠶᠢᠴᠠᠭᠠᠬᠤ ᠪᠠᠶᠢᠭᠤᠯᠭ᠎ᠠ ᠢᠯᠠᠩᠭᠤᠶ᠎ᠠ ᠦᠨᠳᠦᠰᠦᠨ ᠱᠠᠲᠤᠨ ᠤ ᠪᠠᠶᠢᠴᠠᠭᠠᠬᠤ ᠪᠠᠶᠢᠭᠤᠯᠭ᠎ᠠ ᠶᠢᠨ ᠴᠢᠬᠤᠯᠠ ᠦᠭᠡᠢ᠂ ᠵᠤᠬᠢᠰ ᠦᠭᠡᠢ᠂ ᠲᠣᠬᠢᠷᠠᠮᠵᠢ ᠦᠭᠡᠢ ᠠᠯᠢᠪᠠ ᠬᠢᠨᠠᠨ ᠰᠢᠯᠭᠠᠯᠲᠠ ᠶᠢ ᠬᠦᠴᠦᠨ ᠦᠭᠡᠢ ᠪᠣᠯᠭᠠᠵᠤ᠂ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮ ᠢ ᠬᠡᠷᠡᠭᠵᠢᠭᠦᠯᠬᠦ ᠦᠭᠡᠢ᠂ ᠡᠯ᠎ᠡ ᠲᠦᠷᠦᠯ ᠤᠨ ᠵᠠᠷᠯᠠᠯ ᠤᠨ ᠬᠡᠮᠵᠢᠭᠳᠡᠯ ᠵᠡᠷᠭᠡ ᠦᠨᠡᠯᠡᠯᠲᠡ ᠶᠢᠨ ᠭᠦᠢᠴᠡᠳᠬᠡᠯ ᠲᠤᠭ᠎ᠠ ᠶᠢ ᠲᠠᠬᠢᠵᠤ ᠲᠤᠬᠢᠷᠠᠭᠤᠯᠬᠤ ᠦᠭᠡᠢ᠂ ᠡᠯ᠎ᠡ ᠭᠠᠵᠠᠷ ᠤᠨ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ ᠵᠢᠭᠰᠠᠭᠠᠵᠤ ᠵᠠᠷᠯᠠᠨ ᠨᠡᠶᠢᠲᠡᠯᠡᠬᠦ ᠦᠭᠡᠢ᠂ ᠦᠨᠡᠨ ᠬᠦ ᠪᠠᠶᠢᠴᠠᠭᠠᠬᠤ ᠬᠠᠮᠢᠶᠠᠷᠤᠯᠲᠠ ᠶᠢ ᠳᠥᠭᠦᠮᠬᠡᠨ ᠲᠤᠭ᠎ᠠ ᠪᠠᠷᠢᠮᠲᠠ ᠶᠢᠨ ᠬᠠᠮᠢᠶᠠᠷᠤᠯᠲᠠ ᠠᠴᠠ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ᠂ ᠬᠡᠷᠡᠭ ᠤᠨ ᠬᠠᠮᠢᠶᠠᠷᠤᠯᠲᠠ᠂ ᠶᠠᠰᠤ ᠴᠢᠨᠠᠷ ᠤᠨ ᠬᠠᠮᠢᠶᠠᠷᠤᠯᠲᠠ ᠶᠢ ᠨᠡᠩ ᠴᠢᠬᠤᠯᠠᠴᠢᠯᠠᠬᠤ ᠳᠡᠭᠡᠷ᠎ᠡ ᠲᠤᠬᠢᠷᠠᠭᠤᠯᠵᠤ᠂ ᠭᠤᠣᠯᠳᠠᠯᠭ᠎ᠠ ᠲᠠᠢ ᠬᠡᠷᠡᠭ ᠤᠨ ᠲᠦᠷᠦᠯ ᠬᠡᠯᠪᠡᠷᠢ᠂ ᠭᠤᠣᠯᠳᠠᠯᠭ᠎ᠠ ᠲᠠᠢ ᠬᠡᠷᠡᠭ ᠰᠢᠢᠳᠪᠦᠷᠢᠯᠡᠬᠦ ᠬᠦᠷᠢᠶ᠎ᠡ᠂ ᠴᠢᠬᠤᠯᠠ ᠲᠤᠬᠠᠶᠢᠯᠠᠭᠰᠠᠨ ᠠᠵᠢᠯ ᠤᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ ᠳᠡᠭᠡᠷ᠎ᠡ ᠰᠢᠯᠵᠢᠭᠦᠯᠦᠨ ᠠᠪᠴᠢᠷᠠᠵᠤ᠂ ᠬᠠᠤᠯᠢ ᠪᠠᠷᠢᠬᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠬᠦ ᠶᠢ ᠨᠡᠩ ᠴᠢᠬᠤᠯᠠᠴᠢᠯᠠᠬᠤ ᠬᠡᠷᠡᠭᠲᠡᠢ ᠭᠡᠪᠡ᠃
    ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠥᠬᠦ ᠺᠠᠳ᠋ᠷ ᠠᠵᠢᠯᠲᠠᠳ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠶᠠᠷᠢᠯᠴᠠᠵᠤ᠂ ᠬᠠᠯᠠᠭᠤᠨ ᠲᠤᠰᠬᠠᠯ ᠭᠠᠷᠭᠠᠨ᠂ ᠡᠯ᠎ᠡ ᠰᠠᠯᠠᠭ᠎ᠠ ᠮᠥᠴᠢᠷ ︽ᠭᠤᠷᠪᠠ ᠶᠢ ᠬᠠᠮᠢᠶᠠᠷᠬᠤ︾ ᠶᠢ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠬᠤ ᠲᠤᠬᠠᠶ ᠲᠠᠨᠢᠯᠲᠠ ᠣᠶᠢᠯᠠᠭᠠᠯᠲᠠ ᠢᠶᠠᠨ ᠳᠡᠭᠡᠭᠰᠢᠯᠡᠭᠦᠯᠵᠦ᠂ ᠪᠥᠬᠦ ᠪᠠᠶᠢᠴᠠᠭᠠᠬᠤ ᠺᠠᠳ᠋ᠷ ᠴᠠᠭᠳᠠᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠬᠤ ᠶᠢ ᠠᠬᠢᠭᠤᠯᠤᠨ᠂ ᠠᠵᠢᠯ ᠤᠨ ᠪᠦᠲᠦᠮᠵᠢ ᠶᠢᠨ ᠵᠥᠪ ᠦᠵᠡᠯᠲᠡ ᠶᠢ ᠪᠣᠶ ᠪᠣᠯᠭᠠᠨ ᠦᠢᠯᠡᠳᠦᠯᠭᠡᠵᠢᠭᠦᠯᠵᠦ᠂ ᠬᠡᠷᠡᠭ ᠪᠣᠯᠭᠠᠨ ᠢ ᠴᠢᠨᠠᠷ ᠰᠠᠶᠢᠲᠠᠶ ᠦᠷ᠎ᠡ ᠪᠦᠲᠦᠮᠵᠢ ᠲᠠᠢ ᠪᠠᠷ ᠰᠠᠶᠢᠲᠤᠷ ᠰᠢᠢᠳᠪᠦᠷᠢᠯᠡᠨ᠂ ᠠᠷᠠᠳ ᠣᠯᠠᠨ ᠳᠤ ᠬᠠᠤᠯᠢ ᠴᠠᠭᠠᠵᠠ ᠶᠢᠨ ᠬᠡᠷᠡᠭ ᠪᠣᠯᠭᠠᠨ ᠠᠴᠠ ᠲᠥᠪ ᠭᠤᠤᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠪᠠ᠃
    ᠭᠤᠷᠪᠠᠳᠤᠭᠠᠷ ᠪᠠᠶᠢᠴᠠᠭᠠᠬᠤ ᠬᠡᠯᠲᠡᠰ᠄
    ︽ᠨᠢᠭᠡ ᠶᠢ ᠬᠦᠴᠦᠨ ᠥᠬᠡᠶ ᠪᠣᠯᠭᠠᠵᠤ ᠭᠤᠷᠪᠠ ᠶᠢ ᠬᠢᠬᠦ ᠥᠬᠡᠶ︾᠂ ︽ᠭᠤᠷᠪᠠᠨ ᠬᠠᠮᠢᠶᠠᠷᠤᠯᠲᠠ︾ ᠶᠢ ᠨᠢᠭᠡ ᠴᠣᠭᠴᠠᠵᠢᠭᠤᠯᠣᠨ ᠪᠣᠳᠠᠲᠠᠶ ᠠᠳᠬᠤᠵᠤ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠡᠷᠡᠰ ᠵᠣᠷᠢᠭ ᠢ ᠢᠯᠡᠷᠡᠭᠦᠯᠵᠦ᠂ ᠪᠠᠶᠢᠴᠠᠭᠠᠬᠤ ᠠᠵᠢᠯ ᠢ ᠴᠢᠨᠠᠷ ᠰᠠᠶᠢᠲᠠᠶ ᠦᠷ᠎ᠡ ᠪᠦᠲᠦᠮᠵᠢ ᠲᠠᠢ ᠪᠠᠷ ᠬᠡᠷᠡᠭ ᠰᠢᠢᠳᠪᠦᠷᠢᠯᠡᠬᠦ ᠲᠤᠬᠠᠶᠢᠯᠠᠭᠰᠠᠨ ᠠᠵᠢᠯ ᠤᠨ ᠣᠭ ᠰᠤᠷᠪᠤᠯᠵᠢ ᠳᠤ ᠪᠤᠴᠠᠭᠠᠵᠤ᠂ ᠦᠨᠳᠦᠰᠦᠨ ᠱᠠᠲᠤᠨ ᠤ ᠬᠦᠰᠡᠯ ᠱᠠᠭᠠᠷᠳᠠᠯᠭ᠎ᠠ ᠶᠢ ᠴᠤᠤᠷᠢᠶᠠᠲᠤᠨ᠂ ᠦᠨᠳᠦᠰᠦᠨ ᠱᠠᠲᠤᠨ ᠤ ᠬᠡᠷᠡᠭ ᠰᠢᠢᠳᠪᠦᠷᠢᠯᠡᠬᠦ ᠲᠤᠭ᠎ᠠ ᠬᠡᠮᠵᠢᠶᠡᠨ ᠤ ᠳᠠᠷᠤᠭᠠᠰᠤ ᠶᠢ ᠬᠥᠩᠭᠡᠷᠡᠭᠦᠯᠪᠡ᠃ ᠲᠠᠷᠠᠭᠠᠴᠢ ᠶᠢᠨ ᠠᠯᠬᠤᠮ ᠳᠤ᠂ ᠭᠤᠷᠪᠠᠳᠤᠭᠠᠷ ᠪᠠᠶᠢᠴᠠᠭᠠᠬᠤ ᠬᠡᠯᠲᠡᠰ ᠨᠢ ᠴᠠᠭ ᠲᠤᠬᠠᠶ ᠳᠤᠨᠢ ᠠᠵᠢᠯ ᠤᠨ ᠰᠡᠳᠬᠢᠴᠡ ᠪᠠᠨ ᠬᠤᠪᠢᠷᠠᠭᠤᠯᠵᠤ᠂ ᠴᠢᠭᠯᠡᠯ ᠢᠶᠠᠨ ᠲᠣᠬᠢᠷᠠᠭᠤᠯᠤᠨ᠂ ︽ᠬᠡᠷᠡᠭ ᠨᠢᠭᠡᠪᠦᠷᠢ ᠶᠢ ᠴᠢᠨᠠᠷ ᠰᠠᠶᠢᠲᠠᠶ ᠦᠷ᠎ᠡ ᠪᠦᠲᠦᠮᠵᠢ ᠲᠠᠢ ᠪᠠᠷ ᠰᠠᠶᠢᠲᠤᠷ ᠰᠢᠢᠳᠪᠦᠷᠢᠯᠡᠬᠦ︾ ᠭᠡᠬᠦ ᠭᠤᠤᠯᠳᠠᠯᠭ᠎ᠠ ᠶᠢᠨ ᠲᠣᠭᠤᠷᠢᠨ ᠳᠤ᠂ ︽ᠭᠤᠷᠪᠠᠨ ᠬᠠᠮᠢᠶᠠᠷᠤᠯᠲᠠ︾ ᠶᠢ ᠬᠠᠷᠢᠯᠴᠠᠨ ᠨᠡᠪᠲᠡᠷᠡᠯᠴᠡᠭᠦᠯᠬᠦ ᠶᠢ ᠠᠬᠢᠭᠤᠯᠵᠤ᠂ ᠡᠷᠡᠭᠦᠦ ᠶᠢᠨ ᠬᠡᠷᠡᠭ ᠤᠨ ᠭᠦᠢᠴᠡᠳᠭᠡᠯᠲᠡ᠂ ᠵᠠᠭᠠᠯᠳᠤᠯᠭ᠎ᠠ ᠭᠤᠮᠣᠳᠠᠯ ᠲᠤᠭᠠᠴᠠᠯᠲᠠ ᠶᠢᠨ ᠪᠠᠶᠢᠴᠠᠭᠠᠬᠤ ᠠᠵᠢᠯ ᠤᠨ ᠬᠥᠭᠵᠢᠯᠲᠡ ᠶᠢ ᠠᠬᠢᠭᠤᠯᠪᠠ᠃
    ᠬᠡᠷᠡᠭ ᠤᠨ ᠬᠠᠮᠢᠶᠠᠷᠤᠯᠲᠠ ᠶᠢᠨ ᠠᠵᠢᠯ᠄
    ᠬᠤᠷᠸ᠎ᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠪᠠ᠃ ᠲᠤᠭ᠎ᠠ ᠪᠠᠷᠢᠮᠲᠠ ᠶᠢᠨ ᠶᠠᠰᠤ ᠴᠢᠨᠠᠷ ᠢ ᠰᠠᠶᠢᠲᠤᠷ ᠬᠠᠮᠢᠶᠠᠷᠴᠤ᠂ ᠬᠡᠷᠡᠭ ᠤᠨ ᠺᠠᠷᠲ ᠤᠨ ᠮᠡᠳᠡᠭᠡ ᠵᠠᠩᠭᠢ ᠪᠠ ᠬᠡᠷᠡᠭ ᠰᠢᠢᠳᠪᠦᠷᠢᠯᠡᠭᠰᠡᠨ ᠲᠤᠭ᠎ᠠ ᠪᠠᠷᠢᠮᠲᠠ ᠶᠢᠨ ᠵᠥᠪ ᠣᠨᠣᠪᠴᠢᠲᠠᠶ᠂ ᠵᠢᠷᠤᠮᠵᠢᠯ ᠲᠠᠢ᠂ ᠢᠵᠢᠯ ᠠᠯᠬᠤᠮ ᠲᠠᠢ ᠪᠠᠶᠢᠬᠤ ᠶᠢ ᠦᠨᠡᠨ ᠬᠦ ᠪᠠᠲᠤᠯᠠᠪᠠ᠃ ᠲᠤᠬᠠᠶᠢᠯᠠᠭᠰᠠᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠵᠠᠳᠠᠯᠤᠨ ᠰᠤᠳᠤᠯᠵᠤ ᠵᠥᠪᠳᠡᠯᠴᠡᠬᠦ ᠠᠵᠢᠯ ᠢ ᠰᠠᠶᠢᠲᠤᠷ ᠬᠢᠵᠦ᠂ ᠥᠨᠳᠥᠷ ᠶᠠᠰᠤ ᠴᠢᠨᠠᠷ ᠦᠷ᠎ᠡ ᠪᠦᠲᠦᠮᠵᠢ ᠲᠠᠢ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ ᠬᠡᠷᠡᠭ ᠰᠢᠢᠳᠪᠦᠷᠢᠯᠡᠬᠦ ᠳᠤ ᠨᠠᠩ ᠰᠢᠨᠵᠢᠯᠡᠬᠦ ᠤᠬᠠᠭᠠᠨᠴᠢ᠂ ᠪᠥᠬᠦ ᠲᠠᠯ᠎ᠠ ᠶᠢᠨ ᠯᠠᠪᠯᠠᠯᠲᠠ ᠪᠠ ᠦᠨᠳᠦᠰᠦᠯᠡᠯ ᠬᠠᠩᠭᠠᠪᠠ᠃
    ᠬᠤᠮᠠᠬᠢ ᠬᠠᠮᠢᠶᠠᠷᠤᠯᠲᠠ ᠶᠢ ᠰᠠᠶᠢᠲᠤᠷ ᠠᠳᠬᠤᠵᠤ᠂ ᠶᠠᠪᠤᠴᠠ ᠶᠢ ᠬᠢᠨᠠᠨ ᠡᠵᠡᠮᠳᠡᠬᠦ ᠴᠢᠨᠠᠷ ᠰᠠᠶᠢᠲᠠᠶ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠴᠤᠪᠤᠷᠠᠯ ᠢ ᠬᠢᠨᠠᠨ ᠡᠵᠡᠮᠳᠡᠬᠦ ᠶᠢᠨ ︽ᠪᠦᠬᠦᠨ ᠢ ᠬᠠᠮᠤᠷᠬᠤ︾ ᠶᠢ ᠠᠬᠢᠭᠤᠯᠵᠤ᠂ ᠬᠢᠨᠠᠨ ᠡᠵᠡᠮᠳᠡᠬᠦ ᠳᠤᠮᠳᠠ ᠣᠯᠵᠤ ᠮᠡᠳᠡᠭᠰᠡᠨ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠨᠥᠯᠥᠭᠡᠯᠡᠬᠦ ᠠᠰᠠᠭᠤᠳᠠᠯ ᠳᠤ ᠵᠣᠬᠢᠬᠤ ᠰᠠᠨᠠᠭᠤᠯᠤᠮᠵᠢ ᠪᠠ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠪᠠ᠃ ᠡᠭᠦᠨ ᠤ ᠬᠠᠮᠲᠤ ᠪᠥᠬᠦ ᠤᠯᠤᠰ ᠤᠨ ᠶᠠᠪᠤᠴᠠ ᠶᠢ ᠬᠢᠨᠠᠨ ᠡᠵᠡᠮᠳᠡᠬᠦ ᠶᠢ ᠮᠥᠨ ᠴᠢᠨᠠᠷᠵᠢᠭᠤᠯᠬᠤ ᠲᠤᠷᠰᠢᠯᠲᠠ ᠶᠢᠨ ᠠᠵᠢᠯ ᠢ ᠢᠳᠡᠪᠬᠢᠲᠡᠶ ᠨᠠᠶᠢᠳᠠᠪᠤᠷᠢᠵᠢᠭᠤᠯᠪᠠ᠃
    ᠬᠡᠷᠡᠭ ᠤᠨ ᠪᠣᠳᠠᠲᠤ ᠴᠣᠭᠴᠠ ᠶᠢᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠬᠡᠷᠡᠭ ᠤᠨ ᠶᠠᠰᠤ ᠴᠢᠨᠠᠷ ᠢ ᠦᠨᠡᠯᠡᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠪᠡ᠃ ᠪᠦᠷᠢᠨ ᠪᠦᠲᠦᠨ᠂ ᠰᠢᠨᠵᠢᠯᠡᠬᠦ ᠤᠬᠠᠭᠠᠨᠴᠢ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠬᠡᠷᠡᠭ ᠤᠨ ᠶᠠᠰᠤ ᠴᠢᠨᠠᠷ ᠢ ᠦᠨᠡᠯᠡᠨ ᠪᠠᠶᠢᠴᠠᠭᠠᠬᠤ ᠠᠷᠭ᠎ᠠ ᠶᠢ ᠲᠣᠭᠲᠠᠭᠠᠵᠤ᠂ ᠦᠨᠡᠯᠡᠨ ᠪᠠᠶᠢᠴᠠᠭᠠᠬᠤ ᠡᠩᠨᠡᠭᠡ ᠶᠢ ᠵᠣᠬᠢᠶᠠᠨ ᠪᠠᠶᠢᠭᠤᠯᠤᠨ᠂ ᠦᠨᠡᠯᠡᠨ ᠪᠠᠶᠢᠴᠠᠭᠠᠬᠤ ᠲᠤᠰᠬᠠᠶ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠨ᠂ ᠦᠨᠡᠯᠡᠨ ᠪᠠᠶᠢᠴᠠᠭᠠᠭᠰᠠᠨ ᠦᠷ᠎ᠡ ᠳ᠋ᠦᠩ ᠢ ᠨᠡᠪᠲᠡᠷᠡᠭᠦᠯᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠡᠷᠡᠭ ᠬᠠᠮᠢᠶᠠᠷᠬᠤ ᠰᠠᠯᠠᠭ᠎ᠠ ᠮᠥᠴᠢᠷ ᠪᠣᠯᠤᠨ ᠪᠠᠶᠢᠴᠠᠭᠠᠬᠤ ᠶᠠᠪᠤᠳᠠᠯ ᠢ ᠰᠢᠮᠳᠠᠭᠤᠯᠤᠨ ᠪᠠᠶᠢᠴᠠᠭᠠᠬᠤ ᠰᠠᠯᠠᠭ᠎ᠠ ᠮᠥᠴᠢᠷ ᠤᠨ ᠬᠤᠭᠤᠷᠣᠨᠳᠣᠬᠢ ᠬᠤᠯᠪᠣᠭ᠎ᠠ ᠠᠪᠴᠤ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠪᠠ᠃
    ᠡᠷᠡᠭᠦᠦ ᠶᠢᠨ ᠬᠡᠷᠡᠭ ᠤᠨ ᠭᠦᠢᠴᠡᠳᠬᠡᠯᠲᠡ ᠳᠤ ᠬᠢᠨᠠᠯᠲᠠ ᠲᠠᠯᠪᠢᠬᠤ ᠠᠵᠢᠯ᠄
    ᠬᠢᠨᠠᠯᠲᠠ ᠶᠢᠨ ᠤᠨᠤᠯᠵᠢᠬᠤᠨ ᠢᠶᠠᠨ ᠬᠤᠪᠢᠷᠠᠭᠤᠯᠪᠠ᠃ ︽ᠬᠤᠶᠠᠷ ᠲᠠᠯ᠎ᠠ ᠪᠠᠷ ᠠᠰᠢᠭ ᠬᠦᠷᠳᠡᠵᠦ ᠤᠯᠠᠨ ᠲᠠᠯ᠎ᠠ ᠪᠠᠷ ᠠᠰᠢᠭ ᠬᠦᠷᠳᠡᠵᠦ ᠬᠠᠮᠲᠤ ᠪᠠᠷ ᠠᠰᠢᠭ ᠬᠦᠷᠳᠡᠬᠦ︾ ᠬᠠᠤᠯᠢ ᠪᠠᠷᠢᠬᠤ ᠤᠨᠤᠯᠵᠢᠬᠤᠨ ᠢ ᠲᠤᠭᠤᠰᠢᠯᠠᠭᠤᠯᠬᠤ ᠶᠢ ᠴᠢᠬᠤᠯᠠᠴᠢᠯᠠᠭᠰᠠᠨ ᠮᠥᠷᠲᠡᠭᠡᠨ ᠰᠠᠨᠠᠭᠠᠴᠢᠯᠠᠭ᠎ᠠ ᠠᠴᠠ ᠪᠠᠨ ᠬᠢᠨᠠᠯᠲᠠ ᠲᠠᠯᠪᠢᠬᠤ ᠤᠬᠠᠮᠰᠠᠷ ᠢ ᠪᠤᠢ ᠪᠣᠯᠭᠠᠬᠤ ᠶᠢ ᠴᠢᠬᠤᠯᠠᠴᠢᠯᠠᠵᠤ᠂ ᠥᠩᠭᠡᠷᠡᠭᠰᠡᠨ ᠤ ︽ᠠᠰᠠᠭᠤᠳᠠᠯ ᠢᠯᠡᠷᠡᠪᠡᠯ ᠰᠠᠶ᠋ᠢ ᠬᠢᠨᠠᠯᠲᠠ ᠲᠠᠯᠪᠢᠵᠤ ᠡᠬᠢᠯᠡᠬᠦ︾ ᠰᠠᠨᠠᠭᠠᠴᠢᠯᠠᠭᠠᠲᠤ ᠪᠤᠰᠤ ᠰᠡᠳᠬᠢᠬᠦᠢ ᠶᠢᠨ ᠬᠡᠪ ᠵᠠᠭᠪᠤᠷ ᠢ ᠬᠤᠪᠢᠷᠠᠭᠤᠯᠪᠠ᠃ ᠬᠢᠨᠠᠯᠲᠠ ᠲᠡᠷᠢᠭᠦᠨ ᠪᠠᠶᠢᠷᠢᠨ ᠳᠤ ᠪᠠᠶᠢᠵᠤ᠂ ᠬᠠᠮᠵᠢᠯᠴᠠᠬᠤ ᠨᠢ ᠢᠮᠠᠭᠲᠠ ᠬᠢᠨᠠᠯᠲᠠ ᠳᠤ ᠬᠠᠷᠢᠶᠠᠯᠠᠭᠳᠠᠨ᠎ᠠ᠃ ᠬᠢᠨᠠᠯᠲᠠ ᠲᠠᠯᠪᠢᠬᠤ ᠶᠢᠨ ᠲᠥᠯᠥᠭᠡ ᠬᠢᠨᠠᠯᠲᠠ ᠲᠠᠯᠪᠢᠬᠤ ᠪᠢᠰᠢ᠂ ᠬᠢᠨᠠᠯᠲᠠ ᠲᠠᠯᠪᠢᠬᠤ ᠶᠢᠨ ᠵᠣᠷᠢᠯᠭ᠎ᠠ ᠪᠣᠯ ᠭᠦᠢᠴᠡᠳᠬᠡᠬᠦ ᠪᠠᠶᠢᠭᠤᠯᠭ᠎ᠠ ᠶᠢᠨ ᠠᠰᠠᠭᠤᠳᠠᠯ ᠪᠠ ᠲᠠᠯᠳᠠ ᠠᠶᠤᠯ ᠲᠦᠭᠰᠢᠭᠦᠷᠢ ᠶᠢ ᠢᠯᠡᠷᠡᠭᠦᠯᠬᠦ ᠶᠢᠨ ᠲᠥᠯᠥᠭᠡ ᠶᠤᠮ᠂ ᠡᠭᠦᠰᠴᠦ ᠮᠡᠳᠡᠬᠦ ᠠᠰᠠᠭᠤᠳᠠᠯ ᠳᠤ ᠴᠢᠭᠯᠡᠭᠦᠯᠦᠨ ᠤᠷᠢᠳᠴᠢᠯᠠᠨ ᠰᠡᠷᠡᠮᠵᠢᠯᠡᠭᠦᠯᠵᠦ᠂ ᠴᠠᠭ ᠲᠤᠬᠠᠢ ᠳᠤᠨᠢ ᠵᠠᠯᠠᠷᠠᠭᠤᠯᠤᠨ᠂ ᠵᠢᠱᠢᠶᠡᠯᠡᠪᠡᠯ ᠴᠤᠬᠤᠶᠢᠯᠲᠠ ᠶᠢᠨ ᠴᠢᠨᠠᠷᠲᠠᠢ ᠠᠰᠠᠭᠤᠳᠠᠯ ᠪᠠ ᠠᠶᠤᠯ ᠲᠦᠭᠰᠢᠭᠦᠷᠢ ᠳᠤ᠂ ᠪᠠᠶᠢᠴᠠᠭᠠᠬᠤ ᠲᠤᠰᠢᠶᠠᠯᠲᠠᠨ ᠤ ᠰᠠᠨᠠᠭᠤᠯᠤᠮᠵᠢ ᠵᠡᠷᠭᠡ ᠬᠢᠨᠠᠯᠲᠠ ᠲᠠᠯᠪᠢᠬᠤ ᠠᠷᠭ᠎ᠠ ᠬᠡᠯᠪᠡᠷᠢ ᠶᠢ ᠭᠦᠢᠴᠡᠳ ᠰᠠᠶᠢᠲᠤᠷ ᠬᠡᠷᠡᠭᠯᠡᠵᠦ᠂ ᠨᠡᠶᠢᠭᠡᠮ ᠨᠡᠶᠢᠲᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠨ᠂ ᠬᠠᠤᠯᠢ ᠴᠠᠭᠠᠵᠠ ᠶᠢᠨ ᠬᠡᠷᠡᠭᠵᠢᠭᠦᠯᠦᠯᠲᠡ ᠶᠢ ᠬᠠᠮᠲᠤ ᠪᠠᠷ ᠠᠬᠢᠭᠤᠯᠵᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠪᠠ᠃
    ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠴᠢᠳᠠᠮᠠᠭᠠᠢ ᠪᠠᠷ ᠭᠦᠢᠴᠡᠳᠬᠡᠵᠦ᠂ ᠡᠷᠡᠭᠦᠦ ᠶᠢᠨ ᠬᠡᠷᠡᠭ ᠤᠨ ᠭᠦᠢᠴᠡᠳᠬᠡᠯᠲᠡ ᠳᠤ ᠬᠢᠨᠠᠯᠲᠠ ᠲᠠᠯᠪᠢᠬᠤ ᠥᠷᠭᠡᠴᠡ ᠪᠠ ᠭᠦᠨᠴᠡ ᠶᠢ ᠥᠷᠭᠡᠳᠬᠡᠵᠦ᠂ ᠬᠢᠨᠠᠯᠲᠠ ᠲᠠᠯᠪᠢᠬᠤ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠨᠡᠶᠢᠭᠡᠮ ᠲᠣᠭᠤᠷᠢᠭ ᠤᠨ ᠵᠠᠯᠠᠷᠠᠭᠤᠯᠤᠭ᠎ᠠ᠂ ᠬᠤᠷᠢᠭᠤᠯ ᠤᠨ ᠭᠠᠵᠠᠷ ᠤᠨ ᠬᠠᠮᠢᠶᠠᠷᠤᠯᠲᠠ᠂ ᠡᠷᠡᠭᠦᠦ ᠰᠢᠢᠳᠬᠡᠯ ᠢ ᠭᠦᠢᠴᠡᠳᠭᠡᠯᠲᠡ ᠵᠡᠷᠭᠡ ᠡᠯ᠎ᠡ ᠵᠦᠢᠯ ᠤᠨ ᠭᠦᠢᠴᠡᠳᠭᠡᠯᠲᠡ ᠬᠢᠨᠠᠯᠲᠠ ᠶᠢᠨ ᠭᠦᠨᠵᠡᠭᠡᠶ ᠠᠭᠤᠯᠤᠭᠳᠠᠬᠤᠨ ᠵᠢᠴᠢ ᠠᠴᠢ ᠬᠤᠯᠪᠣᠭᠳᠠᠯ ᠢ ᠭᠦᠨᠵᠡᠭᠡᠶ ᠡᠵᠡᠮᠰᠢᠵᠦ ᠠᠵᠢᠯ ᠢᠶᠠᠨ ᠥᠷᠨᠢᠭᠦᠯᠪᠡ᠃ ᠡᠷᠡᠭᠦᠦ ᠶᠢᠨ ᠬᠡᠷᠡᠭ ᠤᠨ ᠭᠦᠢᠴᠡᠳᠬᠡᠯᠲᠡ ᠳᠤ ᠬᠢᠨᠠᠯᠲᠠ ᠲᠠᠯᠪᠢᠬᠤ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠨ᠂ ᠲᠤᠰᠢᠶᠠᠯ ᠬᠠᠷᠢᠭᠤᠴᠠᠯᠭ᠎ᠠ ᠪᠠᠨ ᠶᠡᠷᠦᠩᠬᠡᠶᠢᠯᠡᠨ ᠭᠦᠢᠴᠡᠳᠬᠡᠵᠦ᠂ ᠮᠡᠳᠡᠭᠡ ᠵᠠᠩᠭᠢ ᠢᠯᠭᠤᠮ ᠪᠤᠰᠤ᠂ ᠡᠷᠡᠭᠦᠦ ᠶᠢᠨ ᠬᠡᠷᠡᠭ ᠤᠨ ᠰᠦᠪᠡᠭᠴᠢ ᠶᠢ ᠢᠯᠡᠷᠡᠭᠦᠯᠬᠦ ᠳᠤ ᠬᠦᠴᠢᠷᠲᠡᠢ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠪᠠᠷ ᠳᠠᠮᠵᠢᠭᠤᠯᠤᠨ᠂ ᠡᠷᠡᠭᠦᠦ ᠶᠢᠨ ᠬᠡᠷᠡᠭ ᠤᠨ ᠭᠦᠢᠴᠡᠳᠬᠡᠯᠲᠡ ᠳᠤ ᠬᠢᠨᠠᠯᠲᠠ ᠲᠠᠯᠪᠢᠬᠤ ᠪᠦᠷᠬᠦᠴᠡ ᠶᠢ ᠥᠷᠭᠡᠳᠬᠡᠪᠡ᠃ ᠡᠭᠦᠨ ᠤ ᠬᠠᠮᠲᠤ ᠬᠠᠤᠯᠢ ᠴᠠᠭᠠᠵᠠ ᠠᠴᠠ ᠣᠯᠭᠤᠭᠰᠠᠨ ᠬᠢᠨᠠᠯᠲᠠ ᠲᠠᠯᠪᠢᠬᠤ ᠠᠷᠭ᠎ᠠ ᠪᠠᠷᠢᠯ ᠢ ᠦᠨᠡᠨ ᠬᠦ ᠰᠠᠶᠢᠲᠤᠷ ᠪᠠᠳᠠᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠪᠥᠭᠡᠳ ᠴᠢᠳᠠᠮᠠᠭᠠᠢ ᠪᠠᠷ ᠭᠦᠢᠴᠡᠳᠬᠡᠨ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠂ ᠣᠨᠴᠠᠭᠠᠢ ᠬᠡᠷᠡᠭ ᠢ ᠰᠢᠢᠳᠪᠦᠷᠢᠯᠡᠬᠦ ᠪᠠᠷ ᠳᠠᠮᠵᠢᠭᠤᠯᠤᠨ ᠲᠦᠷᠦᠯ ᠤᠨ ᠬᠡᠷᠡᠭ᠂ ᠶᠠᠮᠠᠷ ᠨᠢᠭᠡᠨ ᠭᠦᠢᠴᠡᠳᠬᠡᠬᠦ ᠬᠦᠷᠢᠶᠡᠨ ᠳᠠᠬᠢ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠭᠦᠢᠴᠡᠳᠬᠡᠬᠦ ᠡᠷᠬᠡ ᠶᠢᠨ ᠠᠵᠢᠯᠯᠠᠭᠠᠨ ᠢ ᠵᠢᠷᠤᠮᠵᠢᠭᠤᠯᠬᠤ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ᠬᠢᠨᠠᠯᠲᠠ ᠲᠠᠯᠪᠢᠬᠤ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃
    ᠭᠤᠮᠣᠳᠠᠯ ᠵᠠᠭᠠᠯᠳᠤᠯᠭ᠎ᠠ ᠶᠢᠨ ᠠᠵᠢᠯ᠄
    ᠪᠠᠶᠢᠴᠠᠭᠠᠬᠤ ᠠᠵᠢᠯ ᠤᠨ ᠵᠠᠬᠢᠳᠠᠯ ᠰᠤᠷᠪᠤᠯᠵᠢᠯᠠᠭ᠎ᠠ ᠶᠢᠨ ᠬᠠᠤᠯᠢᠵᠢᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠡᠳᠦᠷ ᠲᠤᠳᠤᠮ ᠤᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠠᠵᠢᠯ ᠢ ᠰᠠᠶᠢᠲᠤᠷ ᠬᠢᠨ᠎ᠡ᠃ ᠨᠢᠭᠡ ᠳᠤ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ︽ᠤᠴᠢᠷ ᠪᠣᠯᠭᠠᠨ ᠳᠤ ᠬᠠᠷᠢᠭᠤᠯᠲᠠ ᠲᠠᠢ︾ ᠲᠦᠷᠢᠮ ᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠤᠯᠤᠭᠠᠨ ᠡᠳᠦᠷ ᠤᠨ ᠳᠣᠲᠣᠷ᠎ᠠ ᠵᠢᠷᠣᠮ ᠤᠨ ᠴᠢᠨᠠᠷᠲᠠᠶ ᠬᠠᠷᠢᠭᠤᠯᠲᠠ ᠦᠭᠬᠦ ᠪᠠ ᠭᠤᠷᠪᠠᠨ ᠰᠠᠷ᠎ᠠ ᠶᠢᠨ ᠳᠣᠲᠣᠷ᠎ᠠ ᠰᠢᠢᠳᠪᠦᠷᠢᠯᠡᠭᠰᠡᠨ ᠶᠠᠪᠤᠴᠠ ᠪᠤᠶᠤ ᠦᠷ᠎ᠡ ᠳ᠋ᠦᠩ ᠳᠤ ᠬᠠᠷᠢᠭᠤᠯᠲᠠ ᠦᠭᠬᠦ ᠶᠢ ᠦᠨᠡᠨ ᠬᠦ ᠪᠠᠲᠤᠯᠠᠨ᠎ᠠ᠃ ᠬᠤᠶᠠᠷ ᠲᠤ᠂ ᠠᠩᠬ᠎ᠠ ᠰᠢᠢᠳᠪᠦᠷᠢᠯᠡᠬᠦ ᠬᠠᠷᠢᠭᠤᠴᠠᠯᠭ᠎ᠠ ᠶᠢᠨ ᠲᠦᠷᠢᠮ ᠢ ᠪᠣᠳᠠᠲᠠᠶᠢᠵᠢᠭᠤᠯᠵᠤ᠂ ᠬᠤᠷᠢᠶᠠᠨ ᠤ ᠤᠳᠤᠷᠢᠳᠤᠯᠭ᠎ᠠ ᠬᠡᠷᠡᠭ ᠢ ᠳᠠᠭᠠᠭᠠᠨ ᠰᠢᠢᠳᠪᠦᠷᠢᠯᠡᠬᠦ ᠠᠩᠬ᠎ᠠ ᠤᠳᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ︽ᠳᠠᠭᠠᠭᠠᠪᠠᠰᠤ ᠵᠣᠬᠢᠬᠤ ᠶᠢ ᠪᠦᠬᠦᠨ ᠢ ᠳᠠᠭᠠᠭᠠᠴᠢᠯᠠᠵᠤ᠂ ᠦᠨᠡᠨ ᠳᠠᠭᠠᠭᠠᠴᠢᠯᠠᠵᠤ ᠪᠣᠳᠠᠲᠠᠶ ᠳᠠᠭᠠᠭᠠᠴᠢᠯᠠᠬᠤ︾ ᠶᠢ ᠪᠡᠶᠡᠯᠡᠭᠦᠯᠦᠨ᠎ᠡ᠃ ᠭᠤᠷᠪᠠ ᠳᠤ᠂ ᠵᠠᠬᠢᠳᠠᠯ ᠰᠤᠷᠪᠤᠯᠵᠢᠯᠠᠭ᠎ᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠴᠢᠩᠭᠠᠳᠬᠠᠵᠤ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠵᠠᠷᠴᠢᠮ ᠢ ᠪᠠᠷᠢᠮᠲᠠᠯᠠᠵᠤ᠂ ᠬᠠᠤᠯᠢ ᠶᠣᠰᠣᠭᠠᠷ ᠴᠠᠭ ᠲᠤᠬᠠᠶ ᠳᠤᠨᠢ᠂ ᠲᠤᠬᠠᠶ ᠶᠢᠨ ᠭᠠᠵᠠᠷ ᠲᠤᠨᠢ ᠣᠯᠠᠨ ᠲᠦᠮᠡᠨ ᠤ ᠬᠠᠤᠯᠢ ᠶᠣᠰᠣᠨ ᠤ ᠵᠦᠶ ᠶᠣᠰᠣᠨ ᠤ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠬᠡᠪ ᠤᠨ ᠡᠮᠬᠢ ᠳᠢᠭᠯᠢᠮ ᠢ ᠬᠠᠮᠠᠭᠠᠯᠠᠨ᠎ᠠ᠃
    ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠦᠢᠯᠡᠳᠦᠯᠭᠡᠵᠢᠭᠦᠯᠵᠦ᠂ ᠵᠥᠷᠢᠴᠡᠯ ᠢ ᠰᠢᠢᠳᠪᠦᠷᠢᠯᠡᠬᠦ ︽ᠬᠠᠮ ᠠᠷᠭ᠎ᠠ︾ ᠶᠢ ᠰᠠᠶᠢᠲᠤᠷ ᠬᠡᠷᠡᠭᠵᠢᠭᠦᠯᠪᠡ᠃ ᠨᠢᠭᠡ ᠳᠤ᠂ ︽ᠭᠡᠷᠡᠴᠢᠯᠡᠭᠡ ᠰᠣᠨᠤᠰᠬᠤ ᠬᠡᠷᠡᠭᠲᠡᠢ ᠪᠦᠬᠦᠨ ᠢ ᠰᠣᠨᠤᠰᠬᠤ︾ ᠶᠢ ᠪᠠᠷᠢᠮᠲᠠᠯᠠᠵᠤ᠂ ᠢᠯᠡ ᠪᠠᠷ ᠭᠡᠷᠡᠴᠢᠯᠡᠭᠡ ᠰᠣᠨᠣᠰᠬᠤ ᠶᠢ ᠭᠦᠢᠴᠡᠳ ᠠᠰᠢᠭᠯᠠᠨ᠂ ᠠᠷᠠᠳ ᠣᠯᠠᠨ ᠳᠤ ᠮᠡᠳᠡᠷᠡᠭᠦᠯᠵᠦ᠂ ᠲᠥᠪ ᠭᠤᠤᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠪᠠ᠃ ᠬᠤᠶᠠᠷ ᠲᠤ᠂ ︽ᠬᠠᠣᠯᠢ ᠴᠠᠭᠠᠵᠠ ᠶᠢᠨ ᠲᠤᠰᠠᠯᠠᠮᠵᠢ ᠳᠤ ᠵᠣᠬᠢᠬᠤ ᠪᠦᠬᠦᠨ ᠢ ᠲᠤᠰᠠᠯᠠᠬᠤ︾ ᠶᠢ ᠪᠠᠷᠢᠮᠲᠠᠯᠠᠵᠤ᠂ ᠬᠠᠤᠯᠢ ᠴᠠᠭᠠᠵᠠ ᠶᠢᠨ ᠲᠤᠰᠠᠯᠠᠯᠲᠠ ᠶᠢ ᠴᠠᠭ ᠲᠤᠬᠠᠢ ᠳᠤᠨᠢ ᠥᠷᠨᠢᠭᠦᠯᠦᠨ᠂ ᠲᠤᠭ᠎ᠠ ᠪᠠᠷᠢᠮᠲᠠ ᠶᠢ ᠥᠷᠥᠭᠡᠰᠦᠭᠡᠯ ᠢᠶᠠᠷ ᠬᠥᠭᠡᠭᠡᠴᠡᠯᠳᠦᠬᠦ ᠦᠵᠡᠯ ᠰᠠᠨᠠᠭ᠎ᠠ ᠶᠢ ᠲᠠᠶᠠᠭᠳᠠᠵᠤ᠂ ᠠᠷᠠᠳ ᠤᠨ ᠠᠮᠢᠳᠤᠷᠠᠯ ᠤᠨ ᠬᠠᠤᠯᠢ ᠴᠠᠭᠠᠵᠠ ᠶᠢᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠤᠯᠠᠮ ᠨᠢᠭᠡ ᠠᠯᠬᠤᠮ ᠪᠠᠲᠤ ᠰᠠᠬᠢᠪᠠ᠃ ᠭᠤᠷᠪᠠ ᠳᠤ᠂ ᠬᠠᠤᠯᠢᠴᠢ᠂ ᠰᠡᠳᠬᠢᠴᠡ ᠶᠢᠨ ᠵᠥᠪᠯᠡᠯᠭᠡ ᠥᠭᠭᠦᠭᠴᠢ ᠵᠡᠷᠭᠡ ᠭᠤᠷᠪᠠᠳᠠᠬᠢ ᠡᠲᠡᠭᠡᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠡᠷᠡᠭ ᠪᠠ ᠬᠥᠮᠦᠨ ᠤ ᠪᠠᠶᠢᠳᠠᠯ ᠢ ᠦᠨᠳᠦᠰᠦᠯᠡᠨ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠠᠵᠢᠯ ᠢ ᠥᠷᠨᠢᠭᠦᠯᠦᠨ᠂ ᠬᠡᠷᠡᠭ ᠢ ᠳᠠᠭᠤᠰᠬᠠᠵᠤ ᠤᠴᠢᠷ ᠶᠠᠪᠤᠳᠠᠯ ᠢ ᠡᠶᠡᠳᠡᠭᠦᠯᠦᠨ ᠰᠢᠢᠳᠪᠦᠷᠢᠯᠡᠬᠦ ᠶᠢ ᠴᠢᠷᠮᠠᠶᠢᠨ ᠪᠡᠶᠡᠯᠡᠭᠦᠯᠪᠡ᠃

 


  

ᠢᠷᠡᠯᠲᠡ
ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro