ᠤᠩᠨᠢᠭᠤᠳ ᠬᠤᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠶᠢᠨ ᠬᠠᠥᠯᠢ ᠴᠠᠭᠠᠵᠠ ᠵᠢᠨ ᠪᠢᠴᠢᠭ ᠬᠠᠷ᠎ᠠ ︾ ᠶᠢᠨ ᠬᠢᠴᠢᠶᠡᠯ ᠡᠬᠢᠯᠡᠯ᠎ᠡ
《ᠬᠡᠷᠡᠭ ᠨᠢᠭᠡᠪᠦᠷᠢ ᠴᠢᠨᠠᠷ ᠰᠠᠶᠢᠲᠠᠶ ᠦᠷ᠎ᠡ ᠪᠦᠲᠦᠮᠵᠢ ᠲᠠᠢ ᠪᠡᠷ ᠰᠠᠶᠢᠲᠤᠷ ᠰᠢᠶᠳᠪᠦᠷᠢᠯᠡᠬᠦ》ᠠᠵᠢᠯ ᠱᠠᠭᠠᠷᠳᠠᠯᠭ᠎ᠠ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ ᠂ ᠨᠠᠮ ᠪᠠᠶᠢᠭᠤᠯᠤᠯᠲᠠ《ᠯᠤᠤᠳᠦ ᠨᠤᠲᠤᠭ ᠪᠠᠢᠴᠠᠭᠠᠬᠤ ᠠᠵᠢᠯ ᠬᠤᠰᠢᠭᠤᠴᠢ》ᠨᠠᠷᠠᠲᠤ ᠲᠡᠮᠳᠡᠭᠲᠦ ᠦᠷᠭᠦᠯᠵᠢᠯᠡᠨ ᠭᠡᠷᠡᠯᠲᠦᠭᠦᠯᠵᠦ ᠂ ᠣᠩᠨᠢᠭᠤᠳ ᠠᠷᠠᠳ ᠪᠠᠶᠢᠴᠠᠭᠠᠬᠤ ᠬᠣᠷᠢᠶᠠᠨ ᠪᠠᠶᠢᠴᠠᠭᠠᠬᠤ ᠠᠵᠢᠯᠲᠠᠨ ᠳ᠋ᠦ ᠲᠤᠬᠠᠶᠢᠯᠠᠭᠰᠠᠨ ᠠᠵᠢᠯ ᠬᠡᠪ ᠴᠢᠨᠠᠷᠳᠡᠭᠡᠭᠰᠢᠯᠡᠭᠦᠯᠬᠦ ᠲᠠᠪᠴᠠᠩ ᠬᠠᠩᠭᠠᠬᠣ ᠲᠦᠯᠦᠭᠡ᠂ 2024 ᠣᠨ 11 ᠰᠠᠷ᠎ᠠ 1 ᠡᠳᠦᠷ ᠂ ᠣᠩᠨᠢᠭᠤᠳ ᠠᠷᠠᠳ ᠪᠠᠶᠢᠴᠠᠭᠠᠬᠤ ᠬᠣᠷᠢᠶ᠎ᠠ ᠶ᠋ᠢᠨ 《ᠬᠠᠸᠯᠢ ᠴᠠᠭᠠᠵᠠ ᠪᠢᠴᠢᠭ ᠬᠠᠷ᠎ᠠ》 ᠬᠢᠴᠢᠶᠡᠯ ᠡᠬᠢᠯᠡᠪᠡ᠃ ᠣᠩᠨᠢᠭᠤᠳ ᠠᠷᠠᠳ ᠪᠠᠶᠢᠴᠠᠭᠠᠬᠤ ᠬᠣᠷᠢᠶᠠᠨ ᠨᠠᠮ ᠤᠳᠤᠷᠢᠳᠬᠤ ᠳᠤᠭᠤᠶᠢᠯᠠᠩ ᠪᠦᠷᠢᠯᠳᠦᠬᠦᠨ᠂ ᠳᠡᠳ᠋ ᠪᠠᠶᠢᠴᠠᠭᠠᠬᠤ ᠳᠠᠷᠤᠭ᠎ᠠ ᠰᠢᠤᠢ ᠶᠦᠩ ᠵᠤ ᠬᠤᠷᠠᠯ ᠡᠷᠬᠢᠯᠡᠨ ᠶᠠᠷᠢᠶ᠎ᠠ ᠲᠠᠯᠪᠢᠪᠠ ᠃
ᠰᠢᠤᠢ ᠶᠦᠩ ᠵᠤ ᠵᠢᠭᠠᠵᠤ ᠭᠠᠷᠭᠠᠭᠰᠠᠨ ᠨᠢ ᠂ ᠪᠠᠶᠢᠴᠠᠭᠠᠬᠤ ᠪᠠᠶᠢᠭᠤᠯᠭ᠎ᠠ ᠳᠤ ᠂ ᠲᠤᠬᠠᠶᠢᠯᠠᠭᠰᠠᠨ ᠠᠵᠢᠯ ᠬᠠᠮᠢᠶᠠᠷᠤᠯᠲᠠ ᠂ ᠬᠡᠷᠡᠭ ᠬᠠᠮᠢᠶᠠᠷᠤᠯᠲᠠ ᠪᠠ ᠶᠠᠰᠤ ᠴᠢᠨᠠᠷ ᠬᠠᠮᠢᠶᠠᠷᠤᠯᠲᠠ ᠭᠤᠤᠯ ᠴᠦᠮ᠎ᠡ ᠨᠢ ᠴᠥᠮ ᠬᠠᠤᠯᠢ ᠴᠠᠭᠠᠵᠠ ᠪᠢᠴᠢᠭ ᠬᠠᠷ᠎ᠠ ᠵᠣᠬᠢᠶᠠᠬᠤ ᠤᠷᠣᠰᠢᠨᠠ ᠃ ᠨᠢᠭᠡ ᠬᠤᠪᠢ ᠴᠢᠨᠠᠷ ᠰᠠᠶᠢᠲᠠᠶ ᠬᠠᠤᠯᠢ ᠴᠠᠭᠠᠵᠠ ᠪᠢᠴᠢᠭ ᠬᠠᠷ᠎ᠠ ᠨᠢ ᠬᠡᠷᠡᠭ ᠪᠣᠳᠠᠲᠤ ᠶᠠᠪᠤᠳᠠᠯ ᠣᠨᠣᠪᠴᠢᠲᠠᠶ ᠪᠥᠭᠡᠳ ᠲᠣᠳᠣᠷᠬᠠᠶ ᠲᠣᠳᠣᠷᠬᠠᠶᠢᠯᠠᠨ ᠥᠭᠦᠯᠡᠵᠦ᠂ ᠬᠠᠤᠯᠢ ᠴᠠᠭᠠᠵᠠ ᠵᠦᠢᠯ ᠵᠤᠷᠪᠤᠰ ᠬᠡᠷᠡᠭᠯᠡᠵᠦ ᠴᠢᠳᠠᠬᠤ ᠪᠠᠷ ᠪᠠᠷᠠᠬᠤ ᠦᠭᠡᠢ ᠨᠡᠩ ᠴᠤ ᠲᠤᠬᠠᠶ ᠬᠥᠮᠦᠨ᠂ ᠬᠠᠤᠯᠢᠴᠢ ᠵᠢᠴᠢ ᠨᠡᠶᠢᠭᠡᠮ ᠨᠡᠶᠢᠲᠡ ᠳᠤ ᠮᠠᠨ ᠪᠠᠶᠢᠴᠠᠭᠠᠬᠤ ᠪᠠᠶᠢᠭᠤᠯᠭ᠎ᠠ ᠬᠡᠷᠡᠭ ᠰᠢᠶᠳᠪᠦᠷᠢᠯᠡᠬᠦ ᠰᠡᠳᠬᠢᠴᠡ ᠪᠠ ᠰᠢᠶᠳᠪᠦᠷᠢᠯᠡᠭᠰᠡᠨ ᠦᠷ᠎ᠡ ᠳ᠋ᠦᠩ ᠲᠣᠳᠣᠷᠬᠠᠶ ᠣᠶᠢᠯᠠᠭᠠᠭᠤᠯᠵᠤ ᠴᠢᠳᠠᠨ᠎ᠠ᠂ ᠡᠨᠡ ᠨᠢ ᠲᠥᠪ ᠭᠣᠣᠯᠴᠢ ᠪᠠᠷ ᠬᠠᠤᠯᠢ ᠪᠠᠷᠢᠬᠤ ᠬᠠᠮᠠᠭᠠᠯᠠᠬᠤ᠂ ᠬᠠᠤᠯᠢ ᠪᠠᠷᠢᠬᠤ ᠤᠯᠠᠨ ᠨᠡᠶᠢᠲᠡ ᠢᠲᠡᠭᠡᠮᠵᠢ ᠳᠡᠭᠡᠭᠰᠢᠯᠡᠭᠦᠯᠬᠦ ᠲᠤᠶᠢᠯ ᠴᠢᠬᠤᠯᠠ ᠪᠠᠶᠢᠳᠠᠭ᠃
ᠰᠢᠤᠢ ᠶᠦᠩ ᠵᠤ ᠴᠢᠬᠤᠯᠠᠴᠢᠯᠠᠭᠰᠠᠨ ᠨᠢ᠂《ᠬᠠᠸᠯᠢ ᠴᠠᠭᠠᠵᠠ ᠪᠢᠴᠢᠭ ᠬᠠᠷ᠎ᠠ》 ᠬᠢᠴᠢᠶᠡᠯ ᠳᠠᠮᠵᠢᠭᠤᠯᠤᠨ ᠭᠤᠷᠪᠠᠨ ᠬᠠᠷᠠᠯᠲᠠ ᠬᠦᠰᠡᠵᠦ ᠪᠠᠶᠢᠨ᠎ᠠ᠄ ᠨᠢᠭᠡ ᠂ ᠡᠯ᠎ᠡ ᠬᠠᠸᠯᠢ ᠴᠠᠭᠠᠵᠠ ᠪᠢᠴᠢᠭ ᠬᠠᠷ᠎ᠠ ᠨᠠᠷᠢᠨ ᠨᠢᠮᠪᠠᠶ ᠲᠠᠢᠢᠯᠪᠦᠷᠢᠯᠠᠨ ᠶᠠᠷᠢᠬᠤ ᠪᠠᠷ ᠳᠠᠮᠵᠢᠭᠤᠯᠤᠨ᠂ ᠣᠪᠤᠷ ᠲᠥᠪ ᠪᠤᠯᠭᠠᠨ᠎ᠠ ᠃ ᠨᠢᠭᠡᠨ ᠬᠤᠪᠢ ᠭᠠᠷᠮᠠᠭᠠᠶ ᠬᠠᠤᠯᠢ ᠴᠠᠭᠠᠵᠠ ᠪᠢᠴᠢᠭ ᠬᠠᠷ᠎ᠠ ᠨᠢ ᠪᠣᠳᠠᠲᠤ ᠮᠠᠭᠠᠳᠯᠠᠨ ᠲᠣᠭᠲᠠᠭᠠᠬᠤ ᠲᠠᠯ᠎ᠠ ᠪᠠᠷ ᠵᠥᠪ ᠣᠨᠣᠪᠴᠢᠲᠠᠶ᠂ ᠭᠡᠷᠡᠴᠢ ᠪᠠᠷᠢᠮᠲᠠ ᠲᠣᠳᠣᠷᠬᠠᠶ ᠵᠢᠭᠰᠠᠭᠠᠭᠰᠠᠨ ᠪᠥᠭᠡᠳ ᠢᠲᠡᠭᠡᠭᠦᠯᠬᠦ ᠬᠦᠴᠦᠨ ᠲᠡᠶ᠂ ᠬᠠᠤᠯᠢ ᠴᠠᠭᠠᠵᠠ ᠣᠨᠣᠪᠴᠢᠲᠠᠶ ᠬᠡᠷᠡᠭᠯᠡᠭᠰᠡᠨ ᠨᠢ ᠲᠣᠬᠢᠷᠠᠮᠵᠢᠲᠠᠶ᠂ ᠯᠣᠭᠢᠭ ᠪᠦᠲᠦᠴᠡ ᠨᠢ ᠨᠢᠭᠲᠠ ᠴᠢᠩᠭ᠎ᠠ ᠵᠦᠢ ᠵᠣᠬᠢᠰᠲᠠᠶ᠂ ᠦᠭᠡ ᠢᠯᠡᠳᠬᠡᠯᠲᠡ ᠨᠢ ᠵᠢᠷᠤᠮᠵᠢᠯ ᠲᠠᠶ ᠴᠢᠩᠭ᠎ᠠ ᠨᠢᠮᠪᠠᠶ ᠪᠠᠶᠢᠬᠤ ᠬᠡᠷᠡᠭᠲᠡᠶ᠃ ᠪᠠᠶᠢᠴᠠᠭᠠᠬᠤ ᠠᠵᠢᠯᠳᠠᠨ ᠨᠢᠭᠡᠪᠦᠷᠢ ᠴᠥᠮ ᠡᠳᠡᠭᠡᠷ ᠪᠠᠷᠢᠮᠵᠢᠶ᠎ᠠ ᠭᠦᠨᠵᠡᠭᠡᠶ ᠣᠶᠢᠯᠠᠭᠠᠬᠤ ᠬᠠᠮᠲᠤ ᠲᠡᠭᠦᠨ ᠠᠵᠢᠯ ᠦᠢᠯᠡᠳᠦᠯᠭᠡ ᠳᠤᠮᠳᠠ ᠪᠠᠨ ᠬᠡᠷᠡᠭᠯᠡᠬᠦ ᠬᠡᠷᠡᠭᠲᠡᠶ᠃ ᠬᠣᠶᠠᠷ ᠲᠤ ᠂ ᠢᠲᠡᠭᠡᠯ ᠵᠣᠷᠢᠭ ᠪᠤᠢ ᠪᠣᠯᠭᠠᠵᠤ᠂ ᠬᠠᠷᠢᠯᠴᠠᠨ ᠰᠤᠷᠤᠯᠴᠠᠬᠤ᠂ ᠬᠠᠮᠲᠤ ᠪᠠᠷ ᠲᠠᠪᠰᠢᠬᠤ ᠰᠠᠢᠨ ᠰᠠᠶᠢᠬᠠᠨ ᠠᠭᠤᠷ ᠠᠮᠢᠰᠬᠤᠯ ᠪᠤᠢ ᠪᠤᠯᠭᠠᠨ᠎ᠠ᠃ ᠦᠨᠡᠯᠡᠨ ᠲᠠᠶᠢᠯᠪᠤᠷᠢᠯᠠᠬᠤ ᠠᠵᠢᠯᠯᠠᠭ᠎ᠠ ᠳᠤᠮᠳᠠ᠂ ᠰᠢᠯᠢᠳᠡᠭ ᠦᠯᠢᠭᠡᠷ ᠵᠢᠱᠢᠶ᠎ᠡ ᠯᠠᠪᠯᠠᠯᠲᠠ ᠪᠣᠯᠭᠠᠵᠤ ᠪᠣᠯᠬᠤ ᠪᠥᠭᠡᠳ ᠪᠠᠰᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠭ᠎ᠠ ᠵᠢᠱᠢᠶ᠎ᠡ ᠪᠡᠷ ᠰᠡᠷᠡᠮᠵᠢᠯᠡᠭᠦᠯᠵᠦ ᠪᠣᠯᠬᠤ ᠤᠴᠢᠷ᠂ ᠪᠠᠶᠢᠴᠠᠭᠠᠬᠤ ᠠᠵᠢᠯᠲᠠᠳ ᠬᠣᠭᠣᠷᠣᠨᠳᠣ ᠪᠠᠨ ᠰᠣᠯᠢᠯᠴᠠᠬᠤ᠂ ᠲᠤᠷᠰᠢᠯᠭ᠎ᠠ ᠪᠠᠨ ᠬᠤᠪᠢᠶᠠᠯᠴᠠᠬᠤ᠂ ᠢᠳᠡᠪᠬᠢᠲᠡᠶ ᠪᠡᠷ ᠦᠰᠦᠨ ᠪᠣᠶᠢᠵᠢᠬᠤ᠂ ᠪᠤᠰᠤᠳ ᠰᠠᠢᠢᠨ ᠲᠠᠶ ᠲᠠᠯ᠎ᠠ ᠰᠤᠷᠤᠯᠴᠠᠬᠤ᠂ ᠬᠦᠷᠦᠯᠴᠡᠬᠦ ᠦᠭᠡᠢ ᠲᠠᠯ᠎ᠠ ᠪᠠᠨ ᠨᠥᠬᠥᠪᠥᠷᠢᠯᠡᠬᠦ ᠵᠣᠷᠢᠭᠵᠢᠭᠤᠯᠬᠤ ᠬᠡᠷᠡᠭᠲᠡᠶ᠃ ᠭᠤᠷᠪᠠ ᠪᠠᠶᠢᠴᠠᠭᠠᠬᠤ ᠪᠠᠶᠢᠭᠤᠯᠭ᠎ᠠ ᠳᠣᠲᠣᠭᠠᠳᠤ ᠬᠠᠤᠯᠢ ᠴᠠᠭᠠᠵᠠ ᠪᠢᠴᠢᠭ ᠬᠠᠷ᠎ᠠ ᠵᠣᠬᠢᠶᠠᠬᠤ ᠴᠢᠬᠤᠯᠠᠴᠢᠯᠠᠬᠤ᠂ ᠴᠢᠨᠠᠷ ᠰᠠᠶᠢᠲᠠᠶ ᠪᠢᠴᠢᠭ ᠬᠠᠷ᠎ᠠ ᠬᠥᠭᠡᠭᠡᠴᠡᠯᠳᠦᠬᠦ ᠰᠠᠢᠨ ᠰᠠᠶᠢᠬᠠᠨ ᠬᠡᠪ ᠰᠤᠷᠲᠠᠯ ᠪᠤᠢ ᠪᠣᠯᠭᠠᠨ᠎ᠠ᠃ ᠰᠠᠨᠠᠭᠠᠴᠢᠯᠠᠭ᠎ᠠ ᠪᠠᠨ ᠬᠦᠴᠢᠷ ᠰᠦᠷᠦᠨ ᠤᠷᠤᠭᠰᠢᠯᠠᠵᠤ᠂ ᠬᠠᠤᠯᠢ ᠴᠠᠭᠠᠵᠠ ᠪᠢᠴᠢᠭ ᠬᠠᠷ᠎ᠠ ᠨᠢᠭᠡᠪᠦᠷᠢ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠵᠣᠬᠢᠶᠠᠵᠤ᠂ ᠡᠭᠦᠪᠡᠷ ᠡᠯ᠎ᠡ ᠪᠠᠶᠢᠴᠠᠭᠠᠬᠤ ᠠᠵᠢᠯ ᠰᠢᠨ᠎ᠡ ᠳᠡᠭᠲᠡᠷ ᠲᠦ ᠲᠦᠯᠬᠢᠨ ᠃
ᠣᠲᠣ ᠳ᠋ᠦ ᠬᠦᠷᠳᠡᠯ᠎ᠡ᠂《ᠬᠠᠸᠯᠢ ᠴᠠᠭᠠᠵᠠ ᠪᠢᠴᠢᠭ ᠬᠠᠷ᠎ᠠ 》 ᠬᠢᠴᠢᠶᠡᠯ ᠶᠠᠪᠤᠭᠳᠠᠭᠠᠳ ᠨᠢᠭᠡᠨᠲᠡ ᠵᠢᠷᠭᠤᠳᠤᠭᠠᠷ ᠬᠤᠭᠤᠴᠠᠭ᠎ᠠ ᠪᠤᠯᠤᠯ᠎ᠠ᠂ ᠬᠢᠴᠢᠶᠠᠯ ᠨᠢ ᠵᠠᠭᠠᠯᠳᠤᠯᠭ᠎ᠠ ᠪᠢᠴᠢᠭ ᠂ ᠬᠢᠨᠠᠨ ᠪᠠᠶᠢᠴᠠᠭᠠᠭᠰᠠᠨ ᠮᠡᠳᠡᠭᠦᠯᠦᠯᠲᠡ ᠂ ᠠᠯᠪᠠᠨ ᠵᠠᠭᠠᠯᠳᠤᠯᠭ᠎ᠠ ᠰᠠᠨᠠᠯ ᠪᠢᠴᠢᠭ ᠬᠡᠷᠬᠢᠨ ᠵᠤᠬᠢᠶᠠᠨ ᠪᠢᠴᠢᠬᠦ ᠡᠴᠡ ᠡᠷᠡᠭᠦᠸ ᠡᠰᠡᠷᠭᠦᠴᠡᠨ ᠵᠠᠭᠠᠯᠳᠤᠬᠤ ᠪᠢᠴᠢᠭ ᠂ ᠡᠷᠡᠭᠦᠸ ᠰᠢᠳᠬᠡᠯ ᠣᠨᠣᠭᠳᠠᠭᠤᠯᠬᠤ ᠰᠠᠨᠠᠭᠤᠯᠭ᠎ᠠ ᠪᠢᠴᠢᠭ ᠂ ᠪᠤᠴᠠᠭᠠᠨ ᠨᠥᠬᠥᠪᠥᠷᠢᠯᠡᠬᠦ ᠬᠡᠷᠬᠢᠨ ᠪᠢᠴᠢᠨ ᠨᠠᠢᠷᠠᠭᠤᠯᠬᠤ ᠬᠦᠷᠲᠡᠯ᠎ᠡ᠂ ᠪᠦᠬᠦ ᠲᠠᠯ᠎ᠠ ᠠᠴᠠ ᠨᠠᠷᠢᠨ ᠨᠢᠮᠪᠠᠢ ᠲᠠᠢᠢᠯᠪᠦᠷᠢᠯᠠᠭᠰᠠᠨ ᠪᠠᠢᠨ᠎ᠠ᠃ ᠡᠭᠦᠨ ᠢᠶᠡᠷ ᠲᠠᠮᠵᠢᠨ᠂ ᠲᠤᠰ ᠬᠤᠷᠢᠶᠠᠨ ᠤ ᠪᠠᠢᠴᠠᠭᠠᠬᠤ ᠠᠵᠢᠯᠳᠠᠳ ᠬᠠᠸᠯᠢ ᠴᠠᠭᠠᠵᠠ ᠪᠢᠴᠢᠭ ᠬᠠᠷ᠎ᠠ ᠵᠣᠬᠢᠶᠠᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢᠶᠠᠨ ᠲᠠᠨᠢᠵᠤ ᠤᠯᠬᠤ ᠬᠠᠮᠲᠤ ᠂ ᠬᠠᠤᠯᠢ ᠴᠠᠭᠠᠵᠠ ᠪᠢᠴᠢᠭ ᠬᠠᠷ᠎ᠠ ᠳ᠋ᠦ ᠨᠠᠩ ᠪᠥᠬᠥ ᠲᠠᠯ᠎ᠠ ᠂ ᠭᠦᠨᠵᠡᠭᠡᠶ ᠂ ᠰᠢᠰᠲ᠋ᠧᠮᠲᠦ ᠲᠠᠨᠢᠯᠲᠠ ᠲᠠᠶ ᠪᠤᠯᠤᠭᠰᠠᠨ ᠪᠠᠢᠢᠨ᠎ᠠ᠃
ᠲᠠᠷᠠᠭᠠᠴᠢ ᠠᠯᠬᠤᠮ ᠂ ᠣᠩᠨᠢᠭᠤᠳ ᠦ ᠠᠷᠠᠳ ᠪᠠᠶᠢᠴᠠᠭᠠᠬᠤ ᠬᠣᠷᠢᠶ᠎ᠠ《 ᠬᠠᠸᠯᠢ ᠴᠠᠭᠠᠵᠠ ᠪᠢᠴᠢᠭ ᠬᠠᠷ᠎ᠠ 》 ᠬᠢᠴᠢᠶᠡᠯ ᠳ᠋ᠦ ᠰᠠᠭᠤᠷᠢᠯᠠᠵᠦ᠂ ᠡᠯ᠎ᠡ ᠱᠤᠭᠤᠮ ᠲᠤᠬᠠᠶᠢᠯᠠᠭᠰᠠᠨ ᠠᠵᠢᠯ ᠪᠤᠯᠪᠠᠰᠥᠷᠠᠯ ᠬᠤᠷᠠᠯ ᠠᠴᠢᠶᠠᠯᠠᠪᠤᠷᠢ ᠪᠣᠯᠭᠠᠨ᠂ ᠪᠠᠶᠢᠴᠠᠭᠠᠬᠤ ᠠᠵᠢᠯᠲᠠᠨ ᠬᠡᠪ ᠴᠢᠳᠠᠪᠤᠷᠢ ᠳᠡᠭᠡᠭᠰᠢᠯᠡᠭᠦᠯᠬᠦ ᠬᠡᠯᠪᠡᠷᠢ ᠪᠠ ᠠᠭᠤᠯᠭ᠎ᠠ ᠲᠠᠯ᠎ᠠ ᠪᠡᠷ ᠰᠢᠨ᠎ᠡ ᠡᠭᠦᠳᠴᠦ ᠂ ᠪᠣᠳᠠᠲᠤ ᠠᠵᠢᠯ ᠲᠠᠢ ᠨᠡᠢᠴᠡᠭᠰᠡᠨ ᠂ ᠵᠢᠯᠣᠭᠣᠳᠬᠤ ᠴᠢᠨᠠᠷ ᠴᠢᠩᠭ᠎ᠠ ᠪᠤᠯᠪᠠᠰᠥᠷᠠᠯ ᠬᠤᠷᠠᠯ ᠦᠷᠨᠢᠭᠦᠯᠵᠦ᠂ ᠪᠠᠶᠢᠴᠠᠭᠠᠬᠤ ᠬᠡᠷᠡᠭ ᠰᠢᠢᠳᠪᠦᠷᠢᠯᠡᠬᠦ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠲᠡᠭᠡᠭᠰᠢᠯᠡᠭᠦᠯᠦᠨ᠎ᠡ᠃