ᠢᠦᠢ ᠴᠢᠤᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ︽ᠦᠨᠳᠦᠰᠦᠨ ᠬᠠᠤᠯᠢ ᠶᠢ ᠣᠯᠠᠨ ᠳᠤ ᠬᠦᠷᠭᠡᠬᠦ︾ ᠠᠵᠢᠯᠯᠠᠭ᠎ᠠ ᠥᠷᠨᠢᠭᠦᠯᠪᠡ
7 ᠳ᠋ᠤᠭᠠᠷ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ᠂ 11 ᠳ᠋ᠦ᠋ᠭᠡᠷ ᠤᠯᠤᠰ ᠤᠨ ᠦᠨᠳᠦᠰᠦᠨ ᠬᠠᠤᠯᠢ ᠶᠢᠨ ᠡᠳᠦᠷ᠂ ᠢᠦᠢ ᠴᠢᠤᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ︽ᠦᠨᠳᠦᠰᠦᠨ ᠬᠠᠤᠯᠢ ᠶᠢ ᠤᠯᠠᠨ ᠳᠤ ᠬᠦᠷᠭᠡᠬᠦ︾ ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠲᠥᠪᠯᠡᠷᠡᠭᠦᠯᠦᠨ ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠢᠶ᠎ᠠ ᠭᠠᠵᠠᠷ ᠤᠨ ᠠᠵᠤ ᠠᠬᠤᠶᠢᠯᠠᠯ᠂ ᠴᠡᠷᠢᠭ ᠤᠨ ᠬᠤᠸᠠᠷᠠᠨ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠠᠩᠰᠤᠭ ᠬᠤᠭᠤᠯᠠ ᠬᠦᠷᠭᠡᠵᠦ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠤᠯᠢᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃
ᠦᠨᠳᠦᠰᠦᠨ ᠬᠠᠤᠯᠢ ᠶᠢ ᠠᠵᠤ ᠠᠬᠤᠶᠢᠯᠠᠯ ᠳᠤ ᠬᠦᠷᠭᠡᠪᠡ
12 ᠰᠠᠷ᠎ᠠ ᠶᠢᠨ 4 ᠤ ᠡᠳᠦᠷ᠂ ᠢᠦᠢ ᠴᠢᠤᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠬᠠᠷᠢᠯᠴᠠᠬᠤ ᠴᠡᠭ︾ ︱ ᠥᠪᠥᠷ ᠮᠣᠩᠭᠤᠯ ᠤᠨ ᠲᠠᠯ᠎ᠠ ᠨᠤᠲᠤᠭ ᠤᠨ ᠬᠤᠩ ᠶᠠᠩ ᠢᠳᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ᠂ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠪᠠᠶᠢᠴᠠᠭᠠᠬᠤ ᠠᠵᠢᠯᠲᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ︽ᠦᠨᠳᠦᠰᠦᠨ ᠬᠠᠤᠯᠢ︾ ᠶᠢᠨ ᠦᠨᠳᠦᠰᠦᠨ ᠠᠭᠤᠯᠭ᠎ᠠ ᠪᠠ ︽ᠤᠯᠤᠰ ᠤᠨ ᠲᠤᠭ ᠤᠨ ᠬᠠᠤᠯᠢ︾ ᠵᠡᠷᠭᠡ ᠦᠨᠳᠦᠰᠦᠨ ᠬᠠᠤᠯᠢ ᠶᠢᠨ ᠬᠤᠯᠪᠣᠭᠳᠠᠯ ᠪᠦᠬᠦᠢ ᠬᠠᠤᠯᠢ ᠶᠢ ᠲᠠᠶᠢᠯᠪᠤᠷᠢᠯᠠᠨ ᠥᠭᠴᠦ᠂ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢᠨ ᠳᠤᠮᠳᠠ ᠲᠣᠬᠢᠶᠠᠯᠳᠤᠭᠰᠠᠨ ᠲᠠᠸᠠᠷ ᠤᠨ ᠲᠡᠮᠳᠡᠭᠲᠦ ᠶᠢᠨ ᠡᠷᠬᠡ ᠳᠤ ᠬᠠᠯᠳᠠᠭᠰᠠᠨ᠂ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠡᠷᠭᠡ ᠠᠰᠠᠭᠤᠳᠠᠯ ᠳᠤ ᠴᠢᠭᠯᠡᠭᠦᠯᠦᠨ ᠮᠠᠳᠠᠭ ᠲᠠᠢ ᠠᠰᠠᠭᠤᠳᠠᠯ ᠢ ᠨᠢ ᠲᠠᠶᠢᠯᠵᠤ ᠲᠥᠭᠡᠷᠢᠭᠳᠡᠯ ᠢ ᠨᠢ ᠲᠠᠶᠢᠯᠵᠤ ᠥᠭᠭᠦᠭᠰᠡᠨ ᠪᠥᠭᠡᠳ ᠠᠵᠤ ᠠᠬᠤᠶᠢᠯᠠᠯ ᠳᠤ ︽ᠲᠠᠸᠠᠷ ᠤᠨ ᠲᠡᠮᠳᠡᠭᠲᠦ ᠶᠢᠨ ᠬᠠᠤᠯᠢ︾᠂ ︽ᠲᠤᠰᠬᠠᠢ ᠠᠰᠢᠭ ᠤᠨ ᠬᠠᠤᠯᠢ︾᠂ ︽ᠢᠷᠭᠡᠨ ᠤ ᠬᠠᠤᠯᠢ ᠶᠢᠨ ᠪᠢᠴᠢᠭ︾ ᠵᠡᠷᠭᠡ 50 ᠭᠠᠷᠤᠢ ᠳᠡᠪᠲᠡᠷ ᠨᠣᠮ ᠪᠢᠴᠢᠭ ᠢ ᠬᠦᠷᠭᠡᠵᠦ᠂ ᠤᠬᠠᠭᠤᠯᠬᠤ ᠬᠠᠭᠤᠳᠠᠰᠤ 100 ᠭᠠᠷᠤᠢ ᠬᠤᠪᠢ ᠲᠠᠷᠬᠠᠭᠠᠵᠤ᠂ ᠠᠵᠤ ᠠᠬᠤᠶᠢᠯᠠᠯ ᠤᠨ ᠬᠠᠤᠯᠢ ᠶᠢ ᠰᠠᠬᠢᠵᠤ ᠡᠵᠡᠩᠨᠡᠬᠦ᠂ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠶᠢ ᠬᠥᠲᠥᠯᠥᠨ ᠵᠢᠯᠣᠭᠤᠳᠪᠠ᠃
ᠦᠨᠳᠦᠰᠦᠨ ᠬᠠᠤᠯᠢ ᠶᠢ ᠴᠡᠷᠢᠭ ᠤᠨ ᠬᠤᠸᠠᠷᠠᠨ ᠳᠤ ᠬᠦᠷᠭᠡᠪᠡ
12 ᠰᠠᠷ᠎ᠠ ᠶᠢᠨ 5 ᠤ ᠡᠳᠦᠷ᠂ ᠢᠦᠢ ᠴᠢᠤᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠠᠶᠢᠴᠠᠭᠠᠬᠤ ᠬᠡᠯᠲᠡᠰ ᠤᠨ ᠡᠷᠬᠢᠯᠡᠭᠴᠢ ᠴᠡᠴᠡᠭ ᠨᠠᠷ ᠢᠦᠢ ᠴᠢᠤᠸᠠᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠬᠦᠷᠴᠦ᠂ ︽ᠦᠨᠳᠦᠰᠦᠨ ᠬᠠᠤᠯᠢ ᠶᠢ ᠬᠦᠨᠳᠦᠳᠬᠡᠨ ᠬᠠᠤᠯᠢ ᠶᠢ ᠡᠷᠬᠢᠮᠯᠡᠵᠦ᠂ ᠴᠡᠷᠢᠭ ᠤᠨ ᠬᠤᠸᠠᠷᠠᠨ ᠢ ᠭᠡᠷᠡᠯᠳᠦᠬᠦᠯᠬᠦ︾ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ︽ᠦᠨᠳᠦᠰᠦᠨ ᠬᠠᠤᠯᠢ︾᠂︽ᠢᠷᠭᠡᠨ ᠤ ᠬᠠᠤᠯᠢ ᠶᠢᠨ ᠪᠢᠴᠢᠭ︾ ᠢ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠪᠠ᠃ ᠪᠠᠶᠢᠴᠠᠭᠠᠬᠤ ᠠᠵᠢᠯᠲᠠᠳ ᠦᠨᠳᠦᠰᠦᠨ ᠬᠠᠤᠯᠢ ᠶᠢᠨ ᠤᠯᠤᠰ ᠤᠨ ᠦᠨᠳᠦᠰᠦ ᠪᠣᠯᠬᠤ ᠶᠡᠭᠡ ᠬᠠᠤᠯᠢ ᠪᠣᠯᠤᠭᠰᠠᠨ ᠤ ᠬᠤᠪᠢ ᠳᠠᠬᠢ ᠣᠨᠴᠠᠭᠠᠶ ᠴᠢᠨᠠᠷ ᠪᠠ ᠵᠢᠯᠤᠭᠤᠳᠬᠤ ᠴᠢᠨᠠᠷᠲᠠᠢ ᠠᠴᠢ ᠬᠤᠯᠪᠣᠭᠳᠠᠯ ᠢ ᠲᠣᠪᠴᠢ ᠲᠣᠳᠣᠷᠬᠠᠢ ᠥᠭᠦᠯᠡᠵᠦ᠂ ᠥᠷᠭᠡᠨ ᠤᠯᠠᠨ ᠳᠠᠷᠤᠭ᠎ᠠ ᠪᠠᠶᠢᠯᠳᠤᠭᠴᠢ ᠪᠠ ᠪᠢᠴᠢᠭ ᠤᠨ ᠲᠤᠰᠢᠶᠠᠯᠲᠠᠨ ᠢ ᠬᠥᠲᠥᠯᠥᠨ ᠵᠢᠯᠤᠭᠤᠳᠴᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠠᠤᠯᠢ ᠪᠠᠷ ᠵᠠᠰᠠᠬᠤ ᠴᠡᠷᠢᠭ ᠤᠨ ᠬᠤᠸᠠᠷᠠᠨ ᠢ ᠬᠠᠮᠲᠤ ᠪᠠᠷ ᠪᠠᠶᠢᠭᠤᠯᠬᠤ ᠶᠢ ᠬᠥᠲᠥᠯᠥᠨ ᠵᠢᠯᠣᠭᠤᠳᠪᠠ᠃ ᠡᠭᠦᠨ ᠤ ᠲᠠᠷᠠᠭ᠎ᠠ ᠬᠡᠷᠡᠭ ᠤᠨ ᠵᠢᠱᠢᠶ᠎ᠡ ᠶᠢᠨ ᠬᠡᠯᠪᠡᠷᠢ ᠪᠠᠷ ᠭᠠᠷᠳᠠᠨ ᠬᠢᠵᠦ᠂ ᠳᠠᠷᠤᠭ᠎ᠠ ᠪᠠᠶᠢᠯᠳᠤᠭᠴᠢᠳ ᠤᠨ ᠬᠠᠮᠤᠭ ᠠᠴᠠ ᠠᠩᠬᠠᠷᠴᠤ ᠪᠠᠶᠢᠭ᠎ᠠ ᠬᠤᠪᠢ ᠪᠡᠶ᠎ᠡ ᠶᠢᠨ ᠠᠮᠢᠳᠤᠷᠠᠯ ᠲᠠᠢ ᠨᠢ ᠨᠢᠭᠲᠠ ᠬᠤᠯᠪᠣᠭ᠎ᠠ ᠲᠠᠢ ᠡᠷᠬᠡ ᠡᠭᠦᠷᠭᠡ ᠶᠢᠨ ᠲᠤᠬᠠᠢ ︽ᠢᠷᠭᠡᠨ ᠤ ᠬᠠᠤᠯᠢ ᠶᠢᠨ ᠪᠢᠴᠢᠭ︾ ᠤᠨ ᠬᠤᠪᠢ ᠬᠥᠮᠥᠨ ᠤ ᠨᠠᠰᠤᠨ ᠲᠤᠷᠰᠢᠳᠠ ᠵᠢᠨ ᠬᠠᠮᠠᠭᠠᠯᠠᠯᠲᠠ ᠶᠢ ᠶᠠᠷᠢᠵᠤ᠂ ᠥᠷᠭᠡᠨ ᠤᠯᠠᠨ ᠳᠠᠷᠤᠭ᠎ᠠ ᠪᠠᠶᠢᠯᠳᠤᠭᠴᠢ᠂ ᠪᠢᠴᠢᠭ ᠤᠨ ᠲᠤᠰᠢᠶᠠᠯᠲᠠᠨ ᠳᠤ ᠲᠣᠭᠲᠠᠭᠠᠨ ᠦᠢᠯᠡᠳᠬᠦ ᠳᠤ ᠦᠢᠯᠡᠴᠢᠯᠡᠵᠦ᠂ ᠪᠣᠳᠠᠲᠠᠢ ᠬᠠᠤᠯᠢ ᠴᠠᠭᠠᠵᠠ ᠶᠢᠨ ᠠᠰᠠᠭᠤᠳᠠᠯ ᠳᠤ ᠬᠠᠷᠢᠭᠤᠯᠲᠠ ᠥᠭᠴᠦ᠂ ᠴᠡᠷᠢᠭ ᠤᠨ ᠬᠥᠮᠥᠨ ᠴᠡᠷᠢᠭ ᠤᠨ ᠭᠡᠷ ᠪᠦᠯᠢ ᠶᠢᠨ ᠡᠷᠬᠡ ᠠᠰᠢᠭ ᠢ ᠪᠠᠲᠤᠯᠠᠪᠠ᠃ ᠢᠦᠢ ᠴᠢᠤᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠠᠴᠠ ᠢᠦᠢ ᠴᠢᠤᠸᠠᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠬᠠᠤᠯᠢ ᠴᠠᠭᠠᠵᠠ ᠶᠢᠨ ᠨᠣᠮ ᠪᠢᠴᠢᠭᠬᠦ᠋ᠷᠭᠡᠵᠦ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠡᠳᠦᠷ ᠲᠤᠳᠤᠮ ᠤᠨ ᠬᠠᠤᠯᠢ ᠰᠤᠷᠤᠯᠴᠠᠬᠤ ᠪᠠ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠳᠤ ᠤᠨᠤᠯ ᠤᠨ ᠬᠠᠪᠰᠤᠷᠤᠯᠭ᠎ᠠ ᠦᠵᠡᠭᠦᠯᠪᠡ᠃
ᠬᠤᠶᠢᠰᠢᠳᠠ ᠢᠦᠢ ᠴᠢᠤᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠴᠡᠷᠢᠭ ᠠᠩᠭᠢ ᠪᠠ ᠣᠷᠣᠨ ᠨᠤᠲᠤᠭ ᠤᠨ ᠪᠠᠶᠢᠴᠠᠭᠠᠬᠤ ᠠᠵᠢᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠠᠤᠯᠢᠵᠢᠯ ᠤᠨ ᠲᠠᠶᠢᠯᠤᠮᠵᠢ᠂ ᠮᠡᠳᠡᠯᠭᠡ ᠶᠢᠨ ᠠᠰᠠᠭᠤᠯᠲᠠ ᠬᠠᠷᠢᠭᠤᠯᠲᠠ᠂ ᠵᠢᠪᠤᠭ᠍ᠰᠡᠨ ᠮᠠᠶ᠋ᠢᠭ ᠤᠨ ᠬᠠᠤᠯᠢᠵᠢᠯ ᠤᠨ ᠪᠡᠶᠡᠴᠢᠯᠡᠨ ᠣᠶᠢᠯᠠᠭᠠᠬᠤ ᠬᠢᠴᠢᠶᠡᠯ ᠤᠨ ᠲᠠᠩᠬᠢᠮ ᠵᠡᠷᠭᠡ ᠬᠡᠯᠪᠡᠷᠢ ᠪᠠᠷ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠠᠬᠢᠭᠤᠯᠤᠨ᠎ᠠ᠃