ᠬᠠᠯᠠᠭᠤᠨ ᠪᠦᠯᠢᠶᠡᠨ ᠢ ᠬᠠᠮᠤᠭ ᠤᠨ ᠬᠦᠢᠲᠡᠨ ᠭᠠᠵᠠᠷ ᠲᠤ ᠬᠦᠷᠭᠡᠪᠡ
ᠭᠡᠷ ᠤᠨ ᠭᠠᠳᠠᠨᠠᠬᠢ ᠲᠡᠭ ᠡᠴᠡ ᠳᠤᠷᠤᠭᠰᠢᠬᠢ 25 ᠭᠷᠠᠳᠦ᠋ᠰ ᠲᠦ᠍᠂ ᠤᠰᠤᠨ ᠳᠤᠰᠤᠯ ᠮᠦᠰᠦᠨ ᠲᠠᠯᠡᠰ ᠪᠣᠯᠵᠠᠢ︔ ᠭᠡᠷ ᠦᠨ ᠲᠤᠳᠤᠷᠠᠬᠢ ᠲᠡᠭ ᠡᠴᠡ ᠳᠡᠭᠡᠭᠰᠢᠬᠢ 25 ᠭᠷᠠᠳᠦ᠋ᠰ ᠲᠤ᠂ ᠬᠠᠯᠠᠭᠤᠨ ᠠᠮᠢᠰᠬᠤᠯ ᠰᠡᠳᠬᠢᠯ ᠢ ᠲᠤᠯᠠᠭᠠᠯᠠᠵᠠᠢ᠃
12 ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠨᠡᠷ ᠭᠡᠭᠡᠨᠭᠤᠣᠯ ᠬᠤᠳᠠ ᠶᠢᠨ ᠪᠠᠶᠢᠴᠠᠭᠠᠬᠤ ᠬᠤᠷᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠦᠨᠳᠦᠰᠦᠨ ᠱᠠᠲᠤᠨ ᠤ ᠨᠥᠬᠦᠳ ᠢ ᠲᠣᠬᠤᠨᠢᠭᠤᠯᠪᠠ᠃ ᠨᠠᠮ ᠤᠨ ᠤᠳᠤᠷᠢᠳᠬᠤ ᠲᠤᠭᠤᠶᠢᠯᠠᠩ ᠤᠨ ᠭᠡᠰᠢᠭᠦᠨ ᠲᠠᠢ ᠠᠭᠤᠯᠵᠠᠵᠤ᠂ ᠪᠠᠶᠢᠭᠤᠯᠭ᠎ᠠ ᠶᠢᠨ ᠲᠥᠬᠥᠭᠡᠷᠦᠮᠵᠢ ᠶᠢ ᠦᠵᠡᠵᠦ ᠪᠠᠷᠠᠭᠰᠠᠨ ᠤ ᠳᠠᠷᠠᠭ᠎ᠠ ᠂ ᠯᠢ ᠶᠦᠩ ᠵᠢᠶᠦᠢᠨ ᠪᠠᠶᠢᠴᠠᠭᠠᠬᠤ ᠳᠠᠷᠤᠭ᠎ᠠ ᠣᠯᠠᠨ ᠲᠠᠢ ᠠᠭᠤᠯᠵᠠᠨ ᠂ ᠪᠦᠬᠦ ᠬᠣᠷᠢᠶᠠᠨ ᠤ ᠶᠠᠷᠢᠯᠴᠠᠬᠤ ᠬᠤᠷᠠᠯ ᠢ ᠲᠦᠷ ᠬᠤᠷᠠᠯᠳᠤᠭᠤᠯᠬᠤ ᠪᠠᠷ ᠲᠣᠭᠲᠠᠪᠠ ᠃ ᠭᠡᠪᠡᠴᠦ ᠬᠤᠷᠠᠯ ᠤᠨ ᠭᠠᠵᠠᠷ ᠢ ᠰᠣᠩᠭᠣᠬᠤ ᠠᠰᠠᠭᠤᠳᠠᠯ ᠳᠡᠭᠡᠷ᠎ᠡ ᠣᠯᠠᠨ ᠢᠶᠠᠷ ᠢᠶᠠᠨ ᠰᠠᠨᠠᠭ᠎ᠠ ᠵᠣᠪᠠᠵᠤ ᠪᠠᠶᠢᠯ᠎ᠠ᠃ ᠠᠬᠤᠢ ᠨᠥᠬᠥᠴᠡᠯ ᠤᠨ ᠬᠢᠵᠠᠭᠠᠷᠯᠠᠯ ᠠᠴᠠ ᠪᠣᠯᠵᠤ ᠬᠣᠷᠢᠶᠠᠨ ᠤ᠋ ᠪᠠᠢᠭᠤᠯᠭ᠎ᠠ ᠳ᠋ᠤ᠌ ᠪᠦᠬᠦ ᠠᠵᠢᠯᠲᠠᠨ ᠢ ᠪᠠᠭᠲᠠᠭᠠᠵᠤ《ᠨᠢᠭᠤᠷ ᠵᠣᠯᠭᠠᠬᠤ》ᠲᠤ ᠲᠤᠬᠢᠷᠠᠬᠤ ᠲᠠᠯᠠᠪᠤᠷ ᠨᠥᠬᠥᠴᠡᠯ ᠪᠠᠶᠢᠭ᠎ᠠ ᠦᠭᠡᠢ ᠃ ᠪᠣᠳᠣᠵᠤ ᠦᠵᠡᠬᠦᠶᠠ ᠂ ᠵᠥᠪᠬᠡᠨ ᠬᠣᠭᠣᠯᠠᠨ ᠲᠢᠩᠬᠢᠮ ᠬᠠᠮᠤᠭ ᠠᠴᠠ ᠲᠣᠬᠢᠷᠠᠮᠵᠢᠲᠠᠢ ᠃ ᠬᠤᠷᠠᠯ ᠳᠤ ᠣᠷᠣᠯᠴᠠᠭᠰᠠᠳ ᠲᠤᠬᠠᠢ ᠶᠢᠨ ᠲᠠᠯᠠᠪᠠᠢ ᠳᠤ ᠰᠢᠷᠡᠭᠡ ᠰᠠᠨᠳᠠᠯᠢ ᠲᠠᠯᠪᠢᠵᠤ ᠂ ᠨᠢᠭᠡ ᠳᠦᠭᠦᠮᠬᠡᠨ ᠲᠦᠷ ᠴᠠᠭ ᠤᠨ ᠬᠤᠷᠠᠯ ᠤᠨ ᠭᠡᠷ ᠳᠠᠷᠤᠢ ᠲᠦᠷᠭᠡᠨ ᠪᠦᠷᠢᠯᠳᠦᠵᠡᠢ ᠃
ᠨᠥᠬᠥᠴᠡᠯ ᠨᠢ ᠬᠡᠳᠦᠢᠪᠡᠷ ᠳᠥᠭᠥᠮ ᠪᠣᠯᠪᠠᠴᠤ ᠠᠭᠤᠯᠭ᠎ᠠ ᠨᠢ ᠪᠠᠶᠠᠯᠢᠭ ᠪᠠᠢᠬᠤ ᠶ᠋ᠢ ᠬᠠᠷᠰᠢᠯᠠᠭᠰᠠᠨ ᠦᠭᠡᠢ︔ ᠵᠣᠷᠢᠭᠤᠳᠠ ᠪᠡᠯᠡᠳᠭᠡᠭᠰᠡᠨ ᠦᠭᠡᠢ ᠪᠣᠯᠬᠤᠷ ᠬᠠᠷᠢᠨ ᠨᠡᠩ ᠠᠶᠠᠲᠠᠢ ᠪᠤᠲᠠᠲᠠᠢ ᠪᠠᠶᠢᠯ᠎ᠠ ᠃
ᠵᠡᠭᠦᠨ ᠬᠣᠶᠢᠲᠤ ᠶᠢᠨ ᠶᠡᠬᠡ ᠰᠤᠷᠭᠠᠭᠤᠯᠢ ᠠᠴᠠ ᠲᠡᠭᠦᠰᠦᠭᠰᠡᠨ ᠨᠢᠭᠡᠳᠦᠭᠡᠷ ᠪᠠᠶᠢᠴᠠᠭᠠᠬᠤ ᠬᠡᠯᠲᠡᠰ ᠦᠨ ᠡᠷᠬᠢᠯᠡᠭᠴᠢ ᠼᠦᠩ ᠵᠦᠩ ᠲᠦᠷᠦᠭᠦᠯᠡᠨ ᠄《 ᠮᠠᠨ ᠤ ᠬᠣᠷᠢᠶ᠎ᠠ ᠬᠥᠮᠥᠨ ᠴᠥᠭᠡᠨ ᠪᠣᠯᠪᠠᠴᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠳᠤ ᠶᠡᠷᠦ ᠬᠠᠰᠢ ᠶᠠᠰᠢ ᠬᠠᠨᠳᠤᠲᠠᠭ ᠦᠭᠡᠢ ᠃ ᠲᠦᠷᠦᠭᠦᠬᠡᠨ ᠨᠢᠭᠡ ᠡᠷᠡᠭᠦᠦ ᠶᠢᠨ ᠬᠡᠷᠡᠭ ᠢ ᠡᠰᠡᠷᠭᠦᠴᠡᠨ ᠵᠠᠭᠠᠯᠳᠤᠵᠤ᠂ ᠡᠰᠡᠷᠭᠦᠴᠡᠨ ᠵᠠᠭᠠᠯᠳᠤᠬᠤ ᠪᠢᠴᠢᠭ ᠨᠢ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠪᠢᠴᠢᠭ ᠬᠠᠷ᠎ᠠ ᠶᠢᠨ ᠰᠢᠯᠢᠳᠡᠭ ᠢᠶᠠᠷ ᠦᠨᠡᠯᠡᠭᠳᠡᠭᠰᠡᠨ ︕︾
︽ᠢᠷᠭᠡᠨ ᠦ ᠬᠡᠷᠡᠭ᠍ ᠢ ᠪᠠᠢ᠌ᠴᠠᠭᠠᠬᠤ ᠠᠵᠢᠯ ᠪᠠᠰᠠ ᠶᠡᠬᠡ ᠴᠢᠷᠮᠠᠢ᠌ᠵᠤ ᠪᠠᠢ᠌ᠨ᠎ᠠ︕︾ ᠭᠡᠵᠦ ᠬᠠᠵᠠᠭᠤ ᠳᠤ ᠰᠠᠭᠤᠭ᠎ᠠ ᠳᠡᠳ᠋ ᠪᠠᠶᠢᠴᠠᠭᠠᠬᠤ ᠳᠠᠷᠤᠭ᠎ᠠ ᠵᠦ ᠬᠤᠩ ᠸᠧᠶ᠄ ︽ᠮᠠᠨ ᠤ ᠪᠠᠶᠢᠭᠤᠯᠤᠭᠰᠠᠨ ᠠᠪᠴᠠᠭᠠᠨ ᠤ ᠡᠷᠬᠡ ᠶᠢ ᠰᠢᠯᠵᠢᠭᠦᠯᠦᠨ ᠥᠭᠬᠦ ᠬᠦᠷᠢᠶᠡᠨ ᠳᠠᠬᠢ ᠬᠤᠳᠠᠯ ᠬᠠᠭᠤᠷᠮᠠᠭ ᠵᠠᠷᠭᠤ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠵᠠᠭᠪᠤᠷ᠂ ᠦᠵᠡᠵᠦ ᠭᠠᠷᠬᠤ ᠦᠭᠡᠢ ᠰᠦᠪᠡᠭᠴᠢ ᠶᠢ ᠴᠥᠮ ᠠᠭᠤᠳᠠᠯᠵᠤ ᠭᠠᠷᠭᠠᠭᠠᠳ ᠪᠢᠳᠡᠨ ᠢ ︿ᠰᠣᠬᠤᠷ ᠬᠥᠮᠦᠨ ᠵᠠᠭᠠᠨ ᠲᠠᠮᠲᠡᠷᠢᠵᠦ ᠪᠠᠶᠢᠭᠰᠠᠨ﹀ ᠡᠴᠡ ︿ᠨᠠᠷᠢᠯᠢᠭ ᠣᠨᠣᠴᠠᠲᠠᠢ ᠪᠠᠷ ᠵᠢᠯᠣᠭᠤᠳᠴᠤ︾ ᠪᠣᠯᠭᠠᠵᠤ ᠂ ᠰᠢᠭᠦᠬᠦ ᠬᠣᠷᠢᠶ᠎ᠠ ᠪᠢᠳᠡᠨ ᠦ ᠭᠠᠷᠭᠠᠭᠰᠠᠨ ᠲᠠᠪᠤᠨ ᠬᠤᠪᠢ ᠳᠠᠬᠢᠨ ᠰᠢᠭᠦᠬᠦ ᠪᠠᠶᠢᠴᠠᠭᠠᠬᠤ ᠰᠠᠨᠠᠭᠤᠯᠭ᠎ᠠ ᠶᠢ ᠪᠦᠬᠦᠨ ᠢ ᠭᠥᠯᠢᠶᠡᠨ ᠠᠪᠴᠤ᠂ ᠳᠠᠬᠢᠨ ᠰᠢᠭᠦᠭᠰᠡᠨ ᠤ ᠳᠠᠷᠠᠭ᠎ᠠ ᠴᠥᠮ ᠳᠡᠮᠵᠢᠪᠡ︾ ᠭᠡᠯᠡ᠃
ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ᠄ ︽ᠲᠠ ᠨᠠᠷ ᠤᠨ ᠡᠨᠡ ᠬᠦ ᠵᠠᠭᠪᠤᠷ ᠮᠠᠰᠢ ᠠᠮᠠᠷ ᠦᠭᠡᠢ᠂ ᠢᠷᠡᠬᠦ ᠠᠴᠠ ᠡᠮᠦᠨ᠎ᠡ ᠪᠢ ᠨᠢᠭᠡᠨᠲᠡ ᠤᠶᠢᠯᠠᠭᠠᠵᠤ ᠮᠡᠳᠡᠭᠰᠡᠨ ᠪᠥᠭᠡᠳ ᠬᠤᠯᠪᠣᠭᠳᠠᠯ ᠪᠦᠬᠦᠢ ᠨᠥᠬᠦᠳ ᠢ ᠳᠠᠭᠤᠳᠠᠵᠤ ᠠᠵᠢᠯ ᠤᠨ ᠦᠷ᠎ᠡ ᠪᠦᠲᠦᠮᠵᠢ ᠢ ᠨᠠᠷᠢᠨ ᠤᠶᠢᠯᠠᠭᠠᠵᠤ᠂ ᠡᠨᠡ ᠬᠦ ᠪᠤᠶᠢᠳᠠ ᠪᠦᠭᠯᠡᠭᠦᠦ ᠪᠠᠭ᠎ᠠ ᠬᠤᠷᠢᠶᠠᠨ ᠳᠤ ᠡᠶᠢᠮᠦ ᠨᠢᠭᠡᠨ ᠰᠢᠯᠢᠳᠡᠭ ᠵᠠᠭᠪᠤᠷ ᠢ ᠡᠭᠦᠳᠦᠨ ᠭᠠᠷᠭᠠᠭᠰᠠᠨ ᠳᠤ ᠮᠠᠰᠢ ᠪᠢᠰᠢᠷᠡᠵᠦ ᠪᠠᠶᠢᠨ᠎ᠠ᠃ ᠵᠠᠭᠪᠤᠷ ᠤᠨ ᠠᠮᠢ ᠨᠠᠰᠤ ᠬᠡᠷᠡᠭᠯᠡᠭᠡ ᠳᠤ ᠪᠠᠶᠢᠨ᠎ᠠ᠂ ᠶᠠᠭᠠᠬᠢᠭᠰᠠᠨ ᠴᠤ ︿ ᠤᠨᠲᠠᠭᠰᠠᠨ ᠪᠠᠷᠠᠭ᠎ᠠ﹀ ᠪᠣᠯᠵᠤ ᠪᠣᠯᠬᠤ ᠦᠭᠡᠢ᠂ ᠳᠡᠯᠭᠡᠷᠡᠭᠦᠯᠵᠦ ᠪᠣᠯᠬᠤᠶᠢᠴᠠ ᠴᠢᠨᠠᠷᠲᠠᠢ᠂ ᠰᠡᠷᠭᠦᠭᠡᠵᠦ ᠪᠣᠯᠬᠤᠶᠢᠴᠠ ᠴᠢᠨᠠᠷᠲᠠᠢ ᠪᠠᠶᠢᠯᠭᠠᠵᠤ᠂ ᠵᠢᠱᠢᠶᠡᠴᠢ ᠤᠨ ᠦᠢᠯᠡᠳᠦᠯ ᠢ ᠪᠤᠢ ᠪᠣᠯᠭᠠᠵᠤ᠂ ᠰᠢᠨᠵᠢᠯᠡᠬᠦ ᠤᠬᠠᠭᠠᠨ ᠢᠶᠠᠷ ᠪᠠᠶᠢᠴᠠᠭᠠᠯᠲᠠ ᠶᠢᠨ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠬᠦ ᠬᠡᠷᠡᠭᠲᠡᠢ︾ ᠭᠡᠵᠡᠢ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠠᠶ ᠹᠧᠩ ᠵᠢᠶᠧ ᠵᠠᠯᠭᠠᠭ᠎ᠠ ᠵᠠᠯᠭᠠᠭ᠎ᠠ ᠪᠠᠷ ᠲᠣᠯᠣᠭᠠᠶ ᠳᠣᠬᠢᠨ ᠂ ᠲᠤᠶᠢᠯ ᠤᠨ ᠶᠡᠬᠡ ᠳᠤᠷ᠎ᠠ ᠰᠣᠨᠢᠷᠬᠠᠯ ᠲᠠᠢ ᠪᠠᠶᠢᠭ᠎ᠠ ᠪᠠᠨ ᠢᠯᠡᠷᠬᠡᠶᠢᠯᠡᠵᠡᠶ ᠃ ᠯᠢ ᠶᠦᠩ ᠵᠢᠶᠦ᠋ᠨ ᠲᠡᠭᠦᠨ ᠳᠦ ᠲᠠᠨᠢᠯᠴᠠᠭᠤᠯᠬᠤ ᠳᠠᠭᠠᠨ᠄ ︽ᠥᠩᠭᠡᠷᠡᠭᠰᠡᠨ ᠳᠤ ᠪᠢᠳᠡ ᠴᠥᠮ ᠨᠢᠭᠡ ᠠᠯᠳᠠᠭ᠎ᠠ ᠪᠤᠷᠤᠭᠤ ᠶᠢ ᠣᠯᠵᠤ ᠮᠡᠳᠡᠪᠡᠯ ᠨᠢᠭᠡ ᠶᠢ ᠵᠠᠯᠠᠷᠠᠭᠤᠯᠵᠤ ᠂ ᠨᠢᠭᠡ ᠬᠠᠥᠯᠢ ᠵᠦᠷᠢᠴᠡᠭᠰᠡᠨ ᠠᠵᠢᠯᠯᠠᠭ᠎ᠠ ᠶᠢ ᠣᠯᠵᠤ ᠮᠡᠳᠡᠪᠡᠯ ᠨᠢᠭᠡ ᠶᠢ ᠰᠢᠢᠳᠪᠦᠷᠢᠯᠡᠳᠡᠭ ᠃ ᠣᠳᠣ ᠲᠣᠮᠣ ᠳ᠋ᠠᠶᠢᠲ᠋ᠠ ᠶᠢᠨ ᠵᠠᠭᠪᠤᠷ ᠪᠣᠢ ᠪᠤᠯᠤᠭᠰᠠᠨ ᠨᠢ ᠲᠣᠭᠠᠨ ᠤ ᠤᠬᠠᠭᠠᠨ ᠤ ᠲᠣᠮᠢᠶ᠎ᠠ ᠲᠠᠢ ᠠᠳᠠᠯᠢ ᠪᠠᠷ ᠶᠡᠭᠡ ᠬᠡᠮᠵᠢᠶᠡᠨ ᠤ ᠬᠡᠷᠡᠭ ᠤᠨ ᠠᠳᠠᠯᠢᠳᠬᠠᠯ ᠢ ᠮᠦᠷᠭᠦᠯᠳᠦᠭᠦᠯᠵᠦ᠂ ᠠᠰᠠᠭᠤᠳᠠᠯ ᠠᠶᠠᠨᠳᠠᠭᠠᠨ ᠪᠦᠲᠦᠭᠰᠡᠨ ᠪᠣᠯᠬᠤᠷ ᠠᠵᠢᠯ ᠤᠨ ᠦᠷ᠎ᠡ ᠠᠰᠢᠭ ᠶᠡᠭᠡ ᠪᠠᠷ ᠳᠡᠭᠡᠭᠰᠢᠯᠡᠵᠦ ᠪᠠᠶᠢᠨ᠎ᠠ ᠭᠡᠪᠡ᠃
︽︿ᠭᠤᠷᠪᠠᠨ ᠬᠠᠮᠢᠶᠠᠷᠤᠯᠲᠠ﹀ ᠳᠤ ᠶᠠᠮᠠᠷ ᠰᠠᠶᠢᠨ ᠰᠠᠨᠠᠯ ᠰᠠᠨᠠᠭᠤᠯᠭ᠎ᠠ ᠲᠠᠢ ᠪᠤᠢ︖︾ ︽ᠬᠥᠮᠦᠵᠢᠯ ᠪᠣᠯᠪᠠᠰᠤᠷᠠᠭᠤᠯᠤᠯ ᠤᠨ ᠦᠷ᠎ᠡ ᠪᠦᠲᠦᠮᠵᠢ ᠬᠢᠷᠢ ᠵᠡᠷᠭᠡ ᠪᠣᠶ︖ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠶᠢᠨ ᠵᠣᠬᠢᠶᠠᠨ ᠪᠠᠶᠢᠭᠤᠯᠤᠭᠰᠠᠨ ︿ᠪᠠᠶᠢᠴᠠᠭᠠᠬᠤ ᠶᠡᠭᠡ ᠬᠢᠴᠢᠶᠡᠯ ᠤᠨ ᠲᠠᠩᠬᠢᠮ﹀ ᠢ ᠣᠯᠠᠨ ᠢᠶᠠᠷ ᠢᠶᠠᠨ ᠣᠯᠵᠤ ᠬᠠᠷᠠᠨ᠎ᠠ ᠦᠦ︖︾᠂ ︽ ᠡᠩᠨᠡᠭᠡᠨ ᠤ ᠪᠠᠶᠢᠭᠤᠯᠤᠯᠲᠠ ᠶᠢᠨ ᠲᠠᠯ᠎ᠠ ᠪᠠᠷ ᠪᠠᠰᠠ ᠶᠠᠮᠠᠷ ᠬᠦᠴᠢᠷᠳᠡᠯ ᠪᠠᠶᠢᠬᠤ ᠪᠤᠢ︖︾ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠤ ᠠᠰᠠᠭᠤᠭᠰᠠᠨ ᠠᠰᠠᠭᠤᠯᠲᠠ ᠶᠢᠨ ᠡᠮᠦᠨ᠎ᠡ᠂ ᠤᠯᠠᠨ ᠢᠶᠠᠷ ᠢᠶᠠᠨ ᠪᠦᠷ ᠦᠪᠡᠷ ᠦᠪᠡᠷ ᠦᠨ ᠪᠤᠳᠤᠯ ᠠᠴᠠ ᠶᠠᠷᠢᠯ᠎ᠠ᠃
ᠡᠨᠳᠡ ᠵᠡᠷᠭᠡ ᠳᠡᠰ ᠬᠠᠷᠰᠢ ᠰᠠᠭᠠᠳ ᠦᠯᠦ ᠪᠣᠯᠵᠤ ᠂ ᠰᠣᠯᠢᠯᠴᠠᠭ᠎ᠠ ᠴᠦ ᠤᠯᠠᠮ ᠠ᠋ᠴᠠ ᠤᠯᠠᠮ ᠪᠣᠳᠠᠲᠠᠢ ᠪᠣᠯᠣᠯ᠎ᠠ᠂ ᠢᠩᠬᠢᠭᠡᠳ ᠰᠠᠨᠠᠮᠰᠠᠷ ᠦᠭᠡᠢ ᠪᠡᠷ ᠴᠠᠭ ᠭᠠᠷᠤᠢ ᠥᠩᠭᠡᠷᠡᠪᠡ ᠃ ᠭᠡᠭᠡᠨᠭᠤᠣᠯ ᠬᠤᠳᠠ ᠶᠢᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠱᠢ ᠮᠢᠩ ᠹᠧᠩ ᠤᠯᠠᠨ ᠤ ᠶᠠᠷᠢᠶ᠎ᠠ ᠶᠢ ᠲᠦᠷᠭᠡᠨ ᠲᠡᠭᠦᠰᠭᠡᠭᠡᠳ ᠰᠡᠳᠬᠢᠯ ᠤᠨ ᠦᠭᠡ ᠪᠠᠨ ᠶᠠᠷᠢᠯ᠎ᠠ᠃
︽ ᠤᠶᠢᠷ᠎ᠠ ᠵᠢᠨ ᠵᠢᠯ ᠤᠨ ᠲᠤᠷᠰᠢ᠂ ᠭᠡᠭᠡᠨᠭᠤᠣᠯ ᠬᠤᠳᠠ ᠶᠢᠨ ᠪᠠᠶᠢᠴᠠᠭᠠᠬᠤ ᠬᠤᠷᠢᠶ᠎ᠠ ᠯᠢ ᠶᠦᠩ ᠵᠢᠶᠦ᠋ᠨ ᠪᠠᠶᠢᠴᠠᠭᠠᠬᠤ ᠳᠠᠷᠤᠭ᠎ᠠ ᠶᠢᠨ ᠳᠤᠷᠠᠳᠤᠭᠰᠠᠨ ︿ᠵᠣᠷᠢᠭ ᠰᠠᠨᠠᠭ᠎ᠠ ᠪᠠᠨ ᠬᠦᠪᠴᠢᠯᠡᠵᠦ᠂ ᠠᠵᠢᠯ ᠤᠨ ᠠᠮᠵᠢᠯᠲᠠ ᠶᠢ ᠳᠡᠭᠡᠭᠰᠢᠯᠡᠭᠦᠯᠵᠦ᠂ ᠴᠢᠳᠠᠪᠤᠷᠢ ᠪᠠᠨ ᠳᠡᠭᠡᠭᠰᠢᠯᠡᠭᠦᠯᠬᠦ﹀ ᠱᠠᠭᠠᠷᠳᠠᠯᠭ᠎ᠠ ᠶᠤᠰᠤᠭᠠᠷ ᠠᠵᠢᠯᠯᠠᠵᠤ᠂ ᠠᠵᠢᠯ ᠲᠦᠷᠭᠡᠨ ᠳᠠᠪᠰᠢᠭᠰᠠᠨ ᠪᠣᠯᠪᠠᠴᠤ ᠪᠢᠳᠡᠨ ᠳᠦ ᠤᠳᠤ ᠪᠠᠰᠠ︿ᠪᠤᠬᠢᠨᠢᠳᠤᠵᠤ ᠪᠠᠶᠢᠭ᠎ᠠ ᠶᠠᠪᠤᠳᠠᠯ﹀ ᠪᠣᠢ᠂ ᠡᠨᠡ ᠨᠢ ᠳᠠᠷᠤᠢ ︿ᠬᠥᠮᠦᠨ ᠢ ᠦᠯᠡᠳᠡᠭᠡᠬᠦ﹀ ᠶᠠᠪᠤᠳᠠᠯ ᠪᠣᠯᠤᠨ᠎ᠠ ᠁︾
︽ᠭᠡᠭᠡᠨᠭᠤᠣᠯ ᠨᠢ ᠪᠤᠶᠢᠳᠠ ᠪᠥᠭᠯᠡᠭᠦᠦ᠂ ᠠᠭᠤᠷ ᠠᠮᠢᠰᠬᠤᠯ ᠬᠠᠬᠢᠷ ᠬᠦᠢᠲᠡᠨ᠂ ᠨᠥᠬᠦᠴᠡᠯ ᠪᠡᠷᠬᠡ ᠬᠠᠲᠠᠭᠤᠵᠢᠯᠲᠠᠢ ᠪᠣᠯᠬᠤᠷ ᠤᠯᠠᠨ ᠢᠶᠠᠷ ᠢᠶᠠᠨ ᠠᠳᠡ ᠠᠵᠢᠯᠯᠠᠬᠤ ᠨᠢ ᠬᠢᠯᠪᠠᠷ ᠪᠤᠰᠤ ᠶᠤᠮ᠂ ᠬᠡᠳᠦᠢ ᠪᠡᠷᠬᠡ ᠬᠠᠲᠠᠭᠤᠵᠢᠯᠲᠠᠢ ᠭᠠᠵᠠᠷ ᠪᠣᠯ ᠲᠡᠳᠦᠢ ᠢᠯᠡᠭᠦᠦ ᠬᠠᠯᠠᠮᠵᠢᠯᠠᠬᠤ ᠶᠤᠰᠤᠲᠠᠢ︕ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠪᠠ ᠬᠥᠯᠥᠨ ᠪᠣᠶᠢᠷ ᠬᠤᠲᠠ ᠶᠢᠨ ᠪᠠᠶᠢᠴᠠᠭᠠᠬᠤ ᠬᠤᠷᠢᠶ᠎ᠠ ᠬᠦᠴᠦᠨ ᠴᠢᠳᠠᠯ᠂ ᠬᠥᠮᠦᠵᠢᠯ ᠪᠣᠯᠪᠠᠰᠤᠷᠠᠭᠤᠯᠤᠯ᠂ ᠵᠠᠷᠤᠳᠠᠯ ᠤᠨ ᠪᠠᠲᠤᠯᠠᠭ᠎ᠠ ᠵᠡᠷᠭᠡ ᠲᠠᠯ᠎ᠠ ᠪᠠᠷ ᠣᠨᠴᠠᠭᠠᠶ ᠬᠠᠶᠢᠷ᠎ᠠ ᠬᠠᠯᠠᠮᠵᠢ ᠣᠯᠭᠤᠵᠤ᠂ ︿ᠢᠯᠡᠭᠦᠦ ᠨᠢᠭᠡ ᠠᠶᠠᠭ᠎ᠠ ᠱᠦᠯᠦ﹀ ᠥᠭᠴᠦ᠂ ᠢᠯᠡᠭᠦᠦ ᠨᠢᠭᠡ ᠬᠤᠪᠢ ᠬᠠᠶᠢᠷ᠎ᠠ ᠶᠢ ᠥᠭᠴᠦ᠂ ᠠᠵᠢᠯ ᠦᠢᠯᠡᠰ ᠢᠶᠠᠷ ᠬᠥᠮᠦᠨ ᠢ ᠦᠯᠡᠳᠡᠭᠡᠬᠦ᠂ ᠬᠠᠶᠢᠷ᠎ᠠ ᠰᠡᠳᠬᠢᠯᠭᠡ ᠪᠠᠷ ᠬᠥᠮᠦᠨ ᠢ ᠦᠯᠡᠳᠡᠭᠡᠬᠦ᠂ ᠬᠠᠷᠠᠭᠠᠯᠵᠠᠯ ᠢᠶᠠᠷ ᠬᠥᠮᠦᠨ ᠢ ᠦᠯᠡᠳᠡᠭᠡᠬᠦ ᠬᠡᠷᠡᠭᠲᠡᠢ︾ ᠭᠡᠵᠦ ᠯᠢ ᠶᠦᠩ ᠵᠢᠶᠦ᠋ᠨ ᠰᠡᠳᠬᠢᠯ ᠬᠦᠳᠡᠯᠦᠨ ᠬᠡᠯᠡᠪᠡ᠃
ᠬᠣᠭᠣᠯᠠᠨ ᠲᠢᠩᠬᠢᠮ ᠤᠨ ᠠᠭᠤᠷ ᠠᠮᠢᠰᠬᠤᠯ ᠤᠯᠠᠮ ᠥᠳᠬᠡᠨ ᠪᠣᠯᠣᠭᠰᠠᠨ ᠰᠢᠭ᠍ ᠪᠣᠯᠵᠤ ᠂ ᠡᠭᠦᠳᠡ ᠴᠣᠩᠬᠣ ᠪᠠᠷ ᠴᠤᠬᠤᠶᠢᠬᠤ ᠬᠦᠢᠲᠡᠨ ᠠᠭᠤᠷ ᠢ ᠴᠦ ᠳᠤᠯᠠᠭᠠᠬᠠᠨ ᠪᠣᠯᠭᠠᠪᠠ ᠃ ᠬᠣᠭᠣᠯᠠᠨ ᠲᠢᠩᠬᠢᠮ ᠤᠨ ᠳ᠋ᠧᠩ ᠦᠨ ᠭᠡᠷᠡᠯ ᠤᠯᠠᠮ ᠭᠡᠷᠡᠯᠲᠡᠢ ᠪᠣᠯᠵᠤ ᠂ ᠡᠭᠦᠳᠡ ᠴᠣᠩᠬᠣ ᠶᠢ ᠨᠡᠪᠲᠡᠯᠦᠨ ᠬᠠᠷᠠᠩᠭᠤᠢ ᠬᠦᠷᠢᠶ᠎ᠡ ᠶᠢ ᠭᠡᠷᠡᠯᠲᠦᠭᠦᠯᠦᠨ᠎ᠡ ᠃
ᠵᠤᠬᠢᠶᠠᠭᠴᠢ᠄ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠱᠢ ᠬᠠᠢ ᠹᠧᠩ᠂ ᠵᠦ ᠺᠠᠢ
ᠤᠷᠴᠢᠭᠤᠯᠤᠭᠴᠢ᠄ ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ ᠨᠠᠪᠴᠢ