ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

ᠭᠡᠷ ᠪᠦᠯᠢ ᠶᠢᠨ ᠰᠤᠷᠭᠠᠨ ᠬᠦᠮᠦᠵᠢᠯ ᠢ ᠰᠢᠯᠢᠳᠡᠭᠵᠢᠭᠦᠯᠦᠨ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠶ᠎ᠡ

2024-12-31 11:28:50
ᠵᠣᠬᠢᠶᠠᠭᠴᠢ
  ᠂  

    ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ 2023 ᠣᠨ ᠳᠤ ᠬᠡᠪᠯᠡᠭᠰᠡᠨ《 ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠬᠤ ᠠᠵᠢᠯ ᠤᠨ ᠴᠠᠭᠠᠨ ᠭᠠᠳᠠᠷᠲᠤ ᠪᠢᠴᠢᠭ》 ᠢ ᠦᠨᠳᠦᠰᠦᠯᠡᠪᠡᠯ᠂ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠭᠰᠡᠨ ᠲᠤᠭ᠎ᠠ ᠨᠢ ᠨᠡᠮᠡᠭᠳᠡᠵᠦ᠂ ᠳᠣᠣᠷ᠎ᠠ ᠨᠠᠰᠤᠨ ᠤ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠭᠰᠡᠨ ᠬᠦᠮᠦᠨ ᠤ ᠲᠤᠭ᠎ᠠ ᠴᠦ ᠨᠡᠮᠡᠭᠳᠡᠬᠦ ᠬᠠᠨᠳᠤᠰᠢ ᠲᠠᠢ ᠪᠠᠶᠢᠨ᠎ᠠ᠃ ᠳᠣᠣᠷ᠎ᠠ ᠨᠠᠰᠤᠨ ᠤ ᠨᠠᠰᠤᠨ ᠳᠤ ᠦᠯᠦ ᠬᠦᠷᠦᠭᠰᠡᠳ ᠶᠠᠯ᠎ᠠ ᠬᠢᠬᠦ ᠠᠰᠠᠭᠤᠳᠠᠯ ᠢ ᠰᠣᠳᠤᠯᠬᠤ ᠳᠤ ᠭᠡᠷ ᠪᠦᠯᠢ ᠶᠢᠨ ᠰᠤᠷᠭᠠᠨ ᠬᠦᠮᠦᠵᠢᠯ ᠪᠣᠯ ᠤᠮᠳᠠᠭᠠᠶᠢᠯᠠᠵᠤ ᠪᠣᠯᠤᠰᠢ ᠦᠭᠡᠢ ᠨᠢᠭᠡ ᠲᠠᠯ᠎ᠠ ᠪᠣᠯᠬᠤ ᠶᠤᠮ᠃ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠵᠣᠬᠢᠰᠲᠠᠢ ᠰᠢᠢᠳᠪᠦᠷᠢᠯᠡᠬᠦ ᠶᠢᠨ ᠲᠦᠯᠦᠭᠡ ᠭᠡᠷ ᠪᠦᠯᠢ ᠶᠢᠨ ᠰᠤᠷᠭᠠᠨ ᠬᠦᠮᠦᠵᠢᠯ ᠢ ᠰᠢᠯᠢᠳᠡᠭᠵᠢᠭᠦᠯᠬᠦ ᠶᠢ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠪᠣᠯᠤᠨ ᠶᠠᠯ᠎ᠠ ᠬᠢᠬᠦ ᠶᠢ ᠰᠡᠷᠭᠡᠶᠢᠯᠡᠬᠦ ᠠᠵᠢᠯ ᠳᠤ ᠣᠷᠤᠭᠤᠯᠬᠤ ᠬᠡᠷᠡᠭᠲᠡᠢ᠃
    ᠨᠢᠭᠡ᠂ ᠬᠡᠷᠡᠭ ᠲᠤ ᠬᠤᠯᠪᠤᠭᠳᠠᠭᠰᠠᠨ ᠨᠠᠰᠤᠨ ᠳᠤ ᠦᠯᠦ ᠬᠦᠷᠦᠭᠰᠡᠳ ᠤᠨ ᠭᠡᠷ ᠪᠦᠯᠢ ᠳᠤ ᠲᠤᠯᠭᠠᠷᠠᠵᠤ ᠪᠠᠶᠢᠭ᠎ᠠ ᠭᠤᠣᠯ ᠠᠰᠠᠭᠤᠳᠠᠯ
    ᠨᠢᠭᠡ ᠳᠦ ᠭᠡᠷ ᠤᠨ ᠠᠬᠠᠮᠠᠳ ᠤᠨ《ᠭᠤᠷᠪᠠᠨ ᠦᠵᠡᠯᠲᠡ》 ᠨᠢ ᠵᠦᠷᠢᠶ᠎ᠡ ᠲᠠᠢ᠃ ᠭᠡᠷ ᠤᠨ ᠠᠬᠠᠮᠠᠳ ᠤᠨ《ᠭᠤᠷᠪᠠᠨ ᠦᠵᠡᠯᠲᠡ》 ᠨᠢ ᠬᠡᠦᠬᠡᠳ ᠤᠨ《ᠭᠤᠷᠪᠠᠨ ᠦᠵᠡᠯᠲᠡ》 ᠶᠢ ᠰᠢᠭᠤᠳ ᠨᠦᠯᠦᠭᠡᠯᠡᠵᠦ᠂ ᠭᠡᠷ ᠤᠨ ᠠᠬᠠᠮᠠᠳ ᠤᠨ ᠦᠭᠡ ᠬᠡᠯᠡ ᠪᠠᠷ ᠶᠠᠪᠤᠭᠳᠠᠭᠤᠯᠬᠤ ᠰᠤᠷᠭᠠᠨ ᠬᠦᠮᠦᠵᠢᠯ ᠤᠨ ᠨᠦᠯᠦᠭᠡ ᠠᠴᠠ ᠬᠤᠯᠠ ᠶᠡᠭᠡ ᠪᠠᠶᠢᠳᠠᠭ᠃ ᠵᠢᠱᠢᠶᠡᠯᠡᠪᠡᠯ ᠬᠡᠷ ᠤᠨ ᠠᠬᠠᠮᠠᠳ ᠪᠣᠰᠤᠳ ᠲᠤ ᠪᠣᠯᠬᠢ ᠪᠦᠳᠦᠭᠦᠯᠢᠭ ᠮᠣᠷᠠᠯ ᠦᠭᠡᠢ ᠬᠠᠨᠳᠤᠪᠠᠯ ᠬᠡᠦᠬᠡᠳ ᠤᠨ ᠵᠠᠩ ᠠᠭᠠᠰᠢ ᠶᠢ ᠶᠡᠬᠡᠪᠡᠷ ᠨᠦᠯᠦᠭᠡᠯᠡᠳᠡᠭ᠃ ᠭᠡᠷ ᠤᠨ ᠠᠬᠠᠮᠠᠳ ᠠᠭᠤᠷ ᠠᠭᠠᠰᠢ ᠨᠢ ᠲᠣᠭᠲᠠᠪᠤᠷᠢ ᠦᠭᠡᠢ ᠪᠣᠯ ᠬᠡᠤᠬᠡᠳ ᠡᠮᠢᠶᠡᠨ ᠰᠦᠷᠲᠡᠵᠦ᠂ ᠵᠠᠩ ᠠᠭᠠᠰᠢ ᠶᠢ ᠨᠢ ᠳᠠᠭᠤᠷᠢᠶᠠᠵᠤ ᠠᠭᠤᠷ ᠪᠣᠬᠢᠨᠢᠳᠣᠯ ᠢᠶᠠᠨ ᠭᠠᠷᠭᠠᠬᠤ ᠶᠢᠨ ᠲᠦᠯᠦᠭᠡ ᠪᠣᠰᠤᠳ ᠢ ᠬᠤᠣᠷᠯᠠᠵᠤ ᠮᠡᠳᠡᠨ᠎ᠡ᠃
    ᠬᠤᠶᠠᠷ ᠲᠤ ᠠᠪᠤ ᠡᠵᠢ ᠶᠢᠨ ᠬᠠᠷᠢᠴᠠᠭ᠎ᠠ ᠮᠠᠭᠤ᠃ ᠡᠴᠢᠭᠡ ᠡᠬᠡ ᠨᠢ  ᠬᠡᠷᠪᠡ ᠤᠷᠤᠭ ᠤᠨ ᠭᠠᠳᠠᠨ᠎ᠠ ᠶᠠᠪᠤᠯᠴᠠᠭ᠎ᠠ ᠡᠭᠦᠰᠬᠦ᠂ ᠰᠠᠯᠵᠤ ᠰᠠᠭᠤᠬᠤ᠂ ᠨᠢᠭᠡ ᠨᠢ ᠭᠡᠷ ᠠᠴᠠ ᠪᠠᠨ ᠰᠠᠯᠵᠤ ᠶᠠᠪᠤᠬᠤ ᠡᠰᠡᠭᠦᠯ᠎ᠡ ᠤᠷᠤᠭ ᠰᠠᠯᠬᠤ ᠵᠡᠷᠭᠡ ᠭᠡᠷ ᠪᠦᠯᠢ ᠶᠢᠨ ᠨᠠᠶᠢᠷᠰᠠᠭ ᠲᠣᠭᠲᠠᠭᠤᠨ ᠳᠤ ᠠᠰᠢᠭ ᠦᠭᠡᠢ ᠪᠠᠶᠢᠳᠠᠯ ᠣᠷᠤᠰᠢᠪᠠᠯ ᠬᠡᠦᠬᠡᠳ ᠤᠨ ᠳᠣᠲᠤᠭᠠᠲᠤ ᠰᠡᠳᠬᠢᠯ ᠳᠤ ᠬᠦᠨᠳᠦ ᠴᠣᠬᠢᠯᠲᠠ ᠦᠭᠴᠦ᠂ ᠬᠡᠦᠬᠡᠳ ᠤᠨ ᠵᠠᠩ ᠠᠭᠠᠰᠢ ᠶᠢ ᠨᠦᠯᠦᠭᠡᠯᠡᠬᠦ ᠨᠡᠩ ᠴᠢᠨᠠᠭᠰᠢᠯᠠᠪᠠᠯ ᠦᠢᠯᠡ ᠠᠵᠢᠯᠯᠠᠭ᠎ᠠ ᠵᠦᠷᠢᠭᠦᠳᠡ ᠪᠠᠶᠢᠵᠤ ᠬᠠᠤᠯᠢ ᠵᠦᠷᠢᠴᠡᠨ ᠶᠠᠯ᠎ᠠ ᠬᠢᠵᠦ ᠮᠡᠳᠡᠨ᠎ᠡ᠃ ᠵᠢᠱᠢᠶᠡᠯᠡᠪᠡᠯ ᠵᠠᠷᠢᠮ ᠭᠡᠷ ᠦᠨ ᠠᠬᠠᠮᠠᠳ ᠭᠡᠷ ᠪᠦᠯᠢ ᠶᠢᠨ ᠳᠣᠲᠤᠨᠤ ᠬᠠᠷᠢᠴᠠᠭ᠎ᠠ ᠪᠠᠨ ᠰᠢᠢᠳᠪᠦᠷᠢᠯᠡᠬᠦ ᠳᠤ ᠵᠠᠩ ᠣᠪᠤᠷ ᠲᠣᠭᠲᠠᠪᠤᠷᠢ ᠦᠭᠡᠢ᠂ ᠬᠡᠦᠬᠡᠳ ᠢᠶᠠᠨ ᠬᠠᠶᠢᠷᠠᠯᠠᠵᠤ ᠬᠠᠯᠠᠮᠵᠢᠯᠠᠬᠤ ᠪᠠᠷ ᠲᠤᠲᠠᠮᠠᠭ᠂ ᠨᠡᠩ ᠵᠠᠷᠢᠮ ᠨᠢ ᠤᠷᠤᠭ ᠬᠤᠷᠢᠮ ᠳᠠᠭᠠᠨ ᠬᠠᠨᠤᠮᠵᠢ ᠦᠭᠡᠢ ᠠᠴᠠ ᠬᠡᠦᠬᠡᠳ ᠲᠡᠭᠡᠨ ᠠᠭᠤᠷ ᠤᠴᠠᠭᠠᠷ ᠭᠠᠷᠭᠠᠵᠤ᠂ ᠡᠳᠡᠭᠡᠷ ᠨᠢ ᠬᠡᠦᠬᠡᠳ ᠲᠤ ᠶᠠᠯᠠᠲᠤ ᠰᠡᠳᠬᠢᠭᠳᠡᠯ ᠲᠦᠷᠦᠭᠳᠡᠭᠦᠯᠵᠦ᠂ ᠬᠡᠦᠭᠡᠳ ᠲᠤ ᠠᠶᠤᠮᠰᠢᠭ ᠪᠤᠯᠤᠨ ᠠᠮᠤᠷ ᠲᠦᠪᠰᠢᠨ ᠪᠣᠰᠤ ᠰᠠᠨᠠᠭᠳᠠᠭᠤᠯᠵᠤ᠂ ᠡᠴᠢᠭᠡ ᠡᠬᠡ ᠪᠣᠯᠤᠨ ᠦᠷ᠎ᠡ ᠬᠡᠦᠬᠡᠳ ᠤᠨ ᠬᠠᠷᠢᠴᠠᠭ᠎ᠠ ᠴᠦ ᠮᠠᠭᠤᠲᠠᠵᠤ ᠴᠦᠭᠡᠩᠬᠢ ᠬᠡᠦᠬᠡᠳ ᠡᠶᠢᠮᠦᠷᠬᠦ ᠠᠶᠤᠮᠰᠢᠭᠲᠤ ᠰᠡᠳᠬᠢᠭᠳᠡᠯ ᠪᠣᠯᠤᠨ ᠠᠮᠤᠷ ᠲᠦᠪᠰᠢᠨ ᠪᠣᠰᠤ ᠲᠦᠷᠦᠭᠳᠡᠯ ᠢᠶᠠᠨ ᠲᠡᠪᠴᠢᠬᠦ ᠶᠢᠨ ᠲᠦᠯᠦᠭᠡ ᠰᠦᠯᠵᠢᠶᠡᠨ ᠳᠤ ᠰᠢᠨᠤᠬᠠᠶᠢᠷᠠᠬᠤ ᠡᠰᠡᠬᠦᠯ᠎ᠡ ᠪᠣᠰᠤᠳ ᠲᠤ ᠲᠦᠭᠡᠷᠡᠭᠳᠡᠭᠦᠯᠵᠦ ᠬᠠᠤᠯᠢ ᠵᠦᠷᠢᠴᠡᠨ ᠶᠠᠯᠠᠲᠤ ᠠᠵᠢᠯᠯᠠᠭ᠎ᠠ ᠬᠢᠨ᠎ᠡ᠃
    ᠭᠤᠷᠪᠠ ᠳᠦ ᠭᠡᠷ ‍ᠦᠨ‌ᠠᠬᠠᠮᠠᠳ ᠤᠨ ᠰᠤᠷᠭᠠᠨ ᠬᠦᠮᠦᠵᠢᠯ ᠣᠨᠣᠪᠴᠢ ᠦᠭᠡᠢ᠃ ᠵᠢᠱᠢᠶᠡᠯᠡᠪᠡᠯ ᠵᠠᠷᠢᠮ ᠬᠡᠷ ᠤᠨ ᠠᠬᠠᠮᠠᠳ ᠬᠡᠦᠬᠡᠳ ᠢᠶᠠᠨ ᠬᠡᠲᠤ ᠡᠩᠬᠦᠷᠡᠶᠢᠯᠡᠨ ᠬᠠᠶᠢᠷᠠᠯᠠᠵᠤ᠂ ᠬᠡᠦᠬᠡᠳ ᠢ ᠬᠤᠪᠢᠨᠴᠢᠷ᠂ ᠣᠮᠤᠷᠬᠠᠭ ᠵᠠᠩ ᠲᠠᠢ ᠪᠣᠯᠭᠠᠵᠤ᠂ ᠬᠦᠰᠡᠯ ᠵᠣᠷᠢᠯᠲᠠ ᠶᠢ ᠨᠢ ᠬᠠᠩᠭᠠᠵᠤ ᠳᠡᠶᠢᠯᠬᠦ ᠦᠭᠡᠢ ᠪᠣᠯᠪᠠᠯ ᠪᠣᠯᠪᠠᠰᠤᠨ ᠪᠣᠰᠤ ᠦᠢᠯᠡ ᠬᠦᠳᠡᠯᠦᠯ ᠲᠠᠢ ᠪᠣᠯᠳᠠᠭ᠃ ᠵᠠᠷᠢᠮ ᠭᠡᠷ ᠦᠨᠠᠬᠠᠮᠠᠳ ᠬᠦᠯᠢᠴᠡᠩᠭᠦᠢ ᠰᠡᠳᠬᠢᠯ ᠪᠣᠯᠣᠨ ᠣᠶᠢᠯᠠᠭᠠᠬᠤ ᠰᠡᠳᠬᠢᠯ ᠢᠶᠠᠷ ᠲᠤᠲᠠᠮᠠᠭ ᠪᠠᠶᠢᠵᠤ᠂《 ᠬᠡᠦᠭᠡᠳ ᠢ ᠴᠣᠬᠢᠪᠠᠯ ᠰᠠᠶ᠋ᠢ ᠠᠬᠠᠮᠠᠳ ᠤᠨ ᠰᠠᠨᠠᠭ᠎ᠠ ᠶᠢ ᠳᠠᠭᠠᠨ᠎ᠠ》ᠭᠡᠰᠡᠨ ᠤᠯᠠᠮᠵᠢᠯᠠᠯᠲᠤ ᠰᠤᠷᠭᠠᠨ ᠬᠦᠮᠦᠵᠢᠯ ᠤᠨ ᠦᠵᠡᠯᠲᠡ ᠶᠢ ᠢᠲᠡᠭᠡᠵᠦ᠂ ᠡᠳᠦᠷ ᠤᠨ ᠤᠳᠠᠭᠠᠨ ᠳᠤ ᠠᠬᠠᠮᠠᠳ ᠤᠨ ᠰᠠᠨᠠᠭ᠎ᠠ ᠶᠢ ᠲᠡᠷᠡ ᠬᠡᠪ ᠢᠶᠠᠷ ᠨᠢ ᠳᠠᠭᠠᠬᠤ ᠵᠠᠩ ᠰᠤᠷᠲᠠᠯ ᠢ ᠬᠦᠮᠦᠵᠢᠭᠦᠯᠬᠦ ᠡᠰᠡᠬᠦᠯ᠎ᠡ ᠰᠦᠷᠭᠡᠦ ᠰᠡᠳᠬᠢᠴᠡ ᠪᠣᠯᠤᠨ ᠪᠣᠯᠪᠠᠰᠤᠨ ᠪᠤᠰᠤ ᠦᠢᠯᠡ ᠠᠵᠢᠯᠯᠠᠭ᠎ᠠ ᠲᠠᠢ ᠪᠣᠯᠤᠨ᠎ᠠ᠃ ᠪᠠᠰᠠ ᠵᠠᠷᠢᠮ ᠭᠡᠷ ᠦᠨ ᠠᠬᠠᠮᠠᠳ ᠬᠡᠦᠬᠡᠳ ᠢᠶᠠᠨ ᠬᠠᠶᠢᠷᠠᠯᠠᠵᠤ ᠪᠠᠶᠢᠨ᠎ᠠ ᠭᠡᠰᠡᠨ ᠪᠣᠳᠤᠯ ᠢᠶᠠᠷ ᠬᠡᠦᠬᠡᠳ ᠢᠶᠠᠨ ᠪᠦᠬᠦ ᠲᠠᠯ᠎ᠠ ᠪᠠᠷ ᠡᠵᠡᠮᠳᠡᠬᠦ ᠪᠣᠶᠤ ᠢᠳᠬᠠᠨ ᠰᠤᠷᠭᠠᠵᠤ᠂ ᠬᠡᠦᠬᠡᠳ ᠬᠡᠳᠦᠶᠢᠪᠡᠷ ᠳᠤᠷ᠎ᠠ ᠦᠭᠡᠢ ᠪᠣᠬᠢᠨᠢᠳᠤᠪᠠᠴᠦ ᠠᠭᠤᠷ ᠢᠶᠠᠨ ᠭᠠᠷᠭᠠᠵᠤ ᠴᠢᠳᠠᠬᠤ ᠦᠭᠡᠢ᠂ ᠤᠳᠠᠭᠠᠨ ᠳᠠᠭᠠᠨ ᠰᠡᠳᠬᠢᠴᠡ ᠶᠢᠨ ᠠᠰᠠᠭᠤᠳᠠᠯ ᠡᠭᠦᠰᠬᠦ ᠪᠣᠯᠤᠯᠴᠠᠭ᠎ᠠ ᠲᠠᠢ᠂ ᠵᠢᠱᠢᠶᠡᠯᠡᠪᠡᠯ ᠪᠣᠬᠢᠨᠢᠳᠤᠬᠤ᠂ ᠵᠣᠪᠠᠨᠢᠬᠤ ᠵᠡᠷᠭᠡ ᠠᠴᠠ ᠪᠣᠯᠵᠤ ᠬᠡᠦᠬᠡᠳ ᠤᠨ ᠰᠤᠷᠤᠯᠭ᠎ᠠ ᠪᠣᠯᠤᠨ ᠬᠡᠪ ᠤᠨ ᠠᠮᠢᠳᠤᠷᠠᠯ᠂ ᠨᠡᠶᠢᠭᠡᠮ ᠤᠨ ᠠᠵᠢᠯᠯᠠᠭ᠎ᠠ ᠶᠢ ᠨᠦᠯᠦᠭᠡᠯᠡᠨ᠎ᠡ᠃
    ᠬᠤᠶᠠᠷ᠂ ᠬᠡᠷ ᠪᠦᠯᠢ ᠶᠢᠨ ᠰᠤᠷᠭᠠᠨ ᠬᠦᠮᠦᠵᠢᠯ ᠢ ᠰᠢᠯᠢᠳᠡᠭᠵᠢᠭᠦᠯᠬᠦ ᠰᠠᠨᠠᠯ ᠵᠦᠪᠯᠡᠯᠭᠡ
    ᠨᠠᠰᠤᠨ ᠳᠤ ᠦᠯᠦ ᠬᠦᠷᠦᠭᠰᠡᠳ ᠤᠨ ᠬᠠᠤᠯᠢ ᠵᠦᠷᠢᠴᠡᠭᠰᠡᠨ ᠶᠠᠯᠠᠲᠤ ᠠᠵᠢᠯᠯᠠᠭ᠎ᠠ ᠪᠣᠯ ᠲᠡᠭᠦᠨ ᠤ ᠪᠠᠶᠢᠭ᠎ᠠ ᠭᠡᠷ ᠪᠦᠯᠢ ᠶᠢᠨ ᠣᠷᠴᠢᠨ ᠲᠣᠭᠤᠷᠢᠨ᠂ ᠭᠦᠷᠲᠡᠵᠦ ᠪᠠᠶᠢᠭ᠎ᠠ ᠬᠡᠷ ᠪᠦᠯᠢ ᠶᠢᠨ ᠰᠤᠷᠭᠠᠨ ᠬᠦᠮᠦᠵᠢᠯ ᠲᠠᠢ ᠨᠢᠭᠲᠠ ᠬᠤᠯᠪᠤᠭ᠎ᠠ ᠲᠠᠢ᠂ ᠭᠡᠷ ᠪᠦᠯᠢ ᠶᠢᠨ ᠰᠤᠷᠭᠠᠨ ᠬᠦᠮᠦᠵᠢᠯ ᠤᠨ ᠶᠠᠰᠤ ᠴᠢᠨᠠᠷ ᠪᠣᠯᠤᠨ ᠬᠢᠷᠢ ᠲᠦᠪᠰᠢᠨ ᠢ ᠳᠡᠭᠡᠭᠰᠢᠯᠡᠭᠦᠯᠬᠦ ᠨᠢ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠲᠤᠶᠢᠯ ᠤᠨ ᠴᠢᠬᠤᠯᠠ ᠪᠠᠰᠠ ᠴᠦ ᠠᠰᠢᠭ ᠲᠠᠢ ᠠᠷᠭ᠎ᠠ ᠵᠠᠮ ᠪᠣᠯᠤᠨ᠎ᠠ᠃ ᠦᠢᠯᠡᠳᠦᠯᠭᠡ ᠶᠢᠨ ᠳᠤᠮᠲᠠ ᠳᠣᠣᠷᠠᠬᠢ ᠬᠡᠳᠦᠨ ᠲᠠᠯ᠎ᠠ ᠠᠴᠠ ᠬᠡᠷ ᠪᠦᠯᠢ ᠶᠢᠨ ᠰᠤᠷᠭᠠᠨ ᠬᠦᠮᠦᠵᠢᠯ ᠢ ᠰᠢᠯᠢᠳᠡᠭᠵᠢᠭᠦᠯᠵᠦ ᠪᠣᠯᠤᠨ᠎ᠠ᠃
    ᠨᠢᠭᠡ ᠳᠤ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠡᠭᠦᠷᠭᠡ ᠬᠠᠷᠢᠭᠤᠴᠠᠯᠭᠠᠳᠤ ᠰᠠᠯᠠᠭ᠎ᠠ ᠮᠦᠴᠢᠷ ᠠᠴᠠ ᠲᠣᠯᠤᠭᠠᠶᠢᠯᠠᠵᠤ᠂ ᠰᠤᠷᠭᠠᠨ ᠬᠦᠮᠦᠵᠢᠯ ᠤᠨ ᠰᠠᠯᠠᠭ᠎ᠠ ᠮᠦᠴᠢᠷ᠂ ᠡᠮᠡᠭᠲᠡᠶᠢᠴᠦᠳ ᠤᠨ ᠬᠤᠯᠪᠤᠭᠠᠲᠤ ᠬᠤᠷᠠᠯ᠂ ᠡᠪᠯᠡᠯ ᠤᠨ ᠬᠤᠷᠢᠶ᠎ᠠ᠂ ᠬᠠᠤᠯᠢ ᠪᠠᠷᠢᠬᠤ ᠰᠠᠯᠠᠭ᠎ᠠ ᠮᠦᠴᠢᠷ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠨᠡᠶᠢᠲᠡ ᠶᠢᠨ ᠠᠰᠢᠭ ᠤᠨ ᠪᠦᠯᠬᠦᠮ ᠵᠡᠷᠭᠡ ᠠᠴᠠ ᠬᠡᠷ ᠪᠦᠯᠢ ᠶᠢᠨ ᠰᠤᠷᠭᠠᠨ ᠬᠦᠮᠦᠵᠢᠯ ᠤᠨ ᠵᠢᠯᠤᠭᠤᠳᠤᠯᠭ᠎ᠠ ᠶᠢᠨ ᠠᠵᠢᠯ ᠳᠤ ᠤᠷᠤᠯᠴᠠᠬᠤ ᠰᠢᠰᠲ᠋ᠧᠮ ᠢ ᠪᠠᠶᠢᠭᠤᠯᠤᠨ᠎ᠠ᠃ ᠣᠯᠠᠨ ᠰᠠᠯᠠᠭ᠎ᠠ ᠮᠦᠴᠢᠷ ᠬᠠᠮᠲᠤᠷᠠᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ᠂ ᠭᠡᠷ ᠪᠦᠯᠢ ᠶᠢᠨ ᠰᠤᠷᠭᠠᠨ ᠬᠦᠮᠦᠵᠢᠯ ᠤᠨ ᠵᠢᠯᠤᠭᠤᠳᠤᠭᠴᠢ ᠪᠠᠭᠰᠢ ᠶᠢᠨ ᠪᠦᠯᠬᠦᠮ ᠪᠣᠯᠣᠨ ᠭᠡᠷ ᠪᠦᠯᠢ ᠶᠢᠨ ᠰᠤᠷᠭᠠᠨ ᠬᠦᠮᠦᠵᠢᠯ ᠢ ᠵᠢᠯᠤᠭᠤᠳᠬᠤ ᠠᠵᠢᠯ ᠤᠨ ᠪᠦᠯᠬᠦᠮ ᠢ ᠪᠠᠶᠢᠭᠤᠯᠵᠤ᠂ ᠠᠵᠢᠯ ᠤᠨ ᠲᠦᠷᠢᠮ ᠢ ᠰᠢᠯᠢᠳᠡᠭᠵᠢᠭᠦᠯᠵᠦ᠂ ᠬᠠᠷᠢᠯᠴᠠᠨ ᠠᠪᠴᠠᠯᠳᠤᠨ ᠡᠬᠢ ᠪᠠᠶᠠᠯᠢᠭ ᠤᠨ ᠨᠢᠭᠡᠳᠦᠯᠲᠡᠢ ᠲᠦᠯᠦᠪᠯᠡᠬᠦ ᠵᠡᠷᠭᠡ ᠶᠢ ᠰᠠᠶᠢᠲᠤᠷ ᠬᠢᠵᠦ᠂ ᠭᠡᠷ ᠪᠦᠯᠢ ᠶᠢᠨ ᠰᠤᠷᠭᠠᠨ ᠬᠦᠮᠦᠵᠢᠯ ᠢ ᠵᠢᠯᠤᠭᠤᠳᠬᠤ ᠤᠬᠠᠭᠤᠯᠭ᠎ᠠ᠂ ᠮᠥᠷᠳᠡᠬᠦ ᠪᠣᠯᠤᠨ ᠵᠢᠭᠠᠨ ᠵᠢᠯᠤᠭᠤᠳᠤᠯᠭ᠎ᠠ ᠶᠢᠨ ᠠᠵᠢᠯ ᠢ ᠶᠠᠪᠤᠭᠳᠠᠭᠤᠯᠤᠨ᠎ᠠ᠃
    ᠬᠤᠶᠠᠷ ᠲᠤ《ᠭᠡᠷ ᠤᠨ ᠠᠬᠠᠮᠠᠳ ᠤᠨ ᠬᠢᠴᠢᠶᠡᠯ ᠤᠨ ᠲᠢᠩᠭᠢᠮ》 ᠤᠨ ᠦᠢᠯᠡᠳᠦᠯ ᠢ ᠪᠠᠳᠠᠷᠠᠭᠤᠯᠵᠤ ᠲᠣᠭᠲᠠᠭᠰᠠᠨ ᠬᠤᠭᠤᠴᠠᠭ᠎ᠠ ᠪᠠᠷ ᠭᠡᠷ ᠤᠨ ᠠᠬᠠᠮᠠᠳ ᠲᠤ ᠰᠦᠯᠵᠢᠶᠡᠨ ᠳᠡᠭᠡᠷᠡᠬᠢ᠂ ᠰᠦᠯᠵᠢᠶᠡᠨ ᠭᠠᠳᠠᠨᠠᠬᠢ ᠪᠣᠯᠪᠠᠰᠤᠷᠠᠯ ᠦᠷᠨᠢᠭᠦᠯᠦᠨ᠎ᠡ᠃ ᠰᠤᠷᠭᠠᠨ ᠬᠦᠮᠦᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠤᠷᠭᠠᠭᠤᠯᠢ ᠶᠢᠨ ᠵᠣᠬᠢᠶᠠᠨ ᠪᠠᠶᠢᠭᠤᠯᠤᠭᠰᠠᠨ《ᠭᠡᠷ ᠤᠨ ᠠᠬᠠᠮᠠᠳ ᠤᠨ ᠬᠢᠴᠢᠶᠡᠯ ᠤᠨ ᠲᠢᠩᠭᠢᠮ》 ᠳᠤ ᠵᠢᠭᠠᠨ ᠰᠤᠷᠭᠠᠯᠲᠠ ᠶᠢᠨ ᠲᠦᠯᠦᠪᠯᠡᠭᠡ ᠵᠣᠬᠢᠶᠠᠨ᠂ ᠡᠯ᠎ᠡ ᠬᠠᠮᠲᠤᠷᠠᠭᠰᠠᠨ ᠰᠠᠯᠠᠭ᠎ᠠ ᠮᠦᠴᠢᠷ ᠠᠴᠠ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠬᠠᠤᠯᠢ ᠲᠦᠭᠡᠮᠡᠯᠵᠢᠭᠦᠯᠬᠦ ᠰᠤᠷᠭᠠᠨ ᠬᠦᠮᠦᠵᠢᠯ᠂ ᠰᠡᠳᠬᠢᠴᠡ ᠶᠢᠨ ᠰᠤᠷᠭᠠᠨ ᠬᠦᠮᠦᠵᠢᠯ ᠢ ᠠᠭᠤᠰᠤᠯᠳᠤᠭᠤᠯᠵᠤ᠂ ᠭᠡᠷ ᠤᠨ ᠠᠬᠠᠮᠠᠳ ᠠᠴᠠ ᠢᠳᠡᠪᠬᠢᠲᠡᠢ ᠪᠠᠷ ᠭᠡᠷ ᠪᠦᠯᠢ ᠶᠢᠨ ᠰᠤᠷᠭᠠᠨ ᠬᠦᠮᠦᠵᠢᠯ ᠢ ᠰᠤᠷᠤᠯᠴᠠᠬᠤ ᠤᠬᠠᠮᠰᠠᠷ ᠢ ᠳᠡᠭᠡᠭᠰᠢᠯᠡᠭᠦᠯᠵᠦ᠂ ᠭᠡᠷ ᠪᠦᠯᠢ ᠶᠢᠨ ᠰᠤᠷᠭᠠᠨ ᠬᠦᠮᠦᠵᠢᠯ ᠤᠨ ᠵᠢᠯᠤᠭᠤᠳᠤᠯᠭ᠎ᠠ ᠶᠢᠨ ᠦᠷ᠎ᠡ ᠨᠦᠯᠦᠭᠡ ᠶᠢ ᠳᠡᠭᠡᠭᠰᠢᠯᠡᠭᠦᠯᠦᠨ᠎ᠡ᠃
    ᠭᠤᠷᠪᠠ ᠳᠤ ᠬᠠᠨᠳᠤᠯᠭᠠᠲᠤ ᠴᠢᠨᠠᠷᠲᠠᠢ ᠪᠠᠷ ᠰᠤᠷᠭᠠᠨ ᠬᠦᠮᠦᠵᠢᠯ ᠤᠨ ᠵᠢᠯᠤᠭᠤᠳᠤᠯᠭ᠎ᠠ ᠶᠢ ᠴᠢᠩᠭᠠᠳᠬᠠᠨ᠎ᠠ᠃ ᠰᠤᠷᠭᠠᠭᠤᠯᠢ ᠶᠢᠨ ᠰᠡᠳᠬᠢᠴᠡ ᠶᠢᠨ ᠪᠠᠭᠰᠢ ᠪᠠᠷ ᠦᠨᠳᠦᠰᠦᠨ ᠴᠣᠭᠴᠠ ᠪᠣᠯᠭᠠᠨ᠂ ᠰᠤᠷᠭᠠᠨ ᠬᠦᠮᠦᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠪᠠᠶᠢᠭᠤᠯᠤᠭᠰᠠᠨ ᠰᠡᠳᠬᠢᠴᠡ ᠶᠢᠨ ᠠᠵᠢᠯ ᠤᠨ ᠲᠠᠰᠤᠭ ᠡᠰᠡᠭᠦᠯ᠎ᠡ ᠤᠷᠢᠨ ᠬᠡᠷᠡᠭᠯᠡᠭᠰᠡᠨ ᠰᠡᠳᠬᠢᠴᠡ ᠶᠢᠨ ᠪᠦᠯᠬᠦᠮ ᠢᠶᠠᠷ ᠭᠤᠣᠯ ᠪᠣᠯᠭᠠᠵᠤ᠂ ᠰᠤᠷᠤᠭᠴᠢ ᠳᠤ ᠲᠦᠷᠦᠯ ᠠᠩᠭᠢᠯᠠᠵᠤ ᠬᠠᠮᠢᠶᠠᠷᠬᠤ ᠶᠢ ᠰᠠᠨᠠᠭᠠᠴᠢᠯᠠᠨ᠎ᠠ᠃ ᠰᠤᠷᠭᠠᠭᠤᠯᠢ ᠶᠢᠨ ᠰᠡᠳᠬᠢᠴᠡ ᠶᠢᠨ ᠪᠠᠭᠰᠢ ᠠᠴᠠ ᠪᠠᠶᠢᠴᠠᠭᠠᠨ ᠦᠨᠡᠯᠡᠭᠰᠡᠨ ᠬᠦᠰᠦᠨᠦᠭ᠂ ᠶᠠᠷᠢᠯᠴᠠᠬᠤ ᠪᠣᠯᠤᠨ ᠪᠠᠭᠰᠢ ᠶᠢᠨ ᠲᠠᠩᠰᠠᠯᠠᠯᠲᠠ ᠵᠡᠷᠭᠡ ᠬᠡᠯᠪᠡᠷᠢ ᠪᠠᠷ ᠳᠠᠮᠵᠢᠨ ᠡᠯ᠎ᠡ ᠲᠦᠷᠦᠯ ᠤᠨ ᠠᠰᠠᠭᠤᠳᠠᠯ ᠣᠷᠤᠰᠢᠵᠣ ᠪᠠᠶᠢᠭ᠎ᠠ ᠰᠤᠷᠤᠭᠴᠢ ᠪᠣᠯᠤᠨ ᠭᠡᠷ ᠪᠦᠯᠢ ᠶᠢ ᠰᠢᠯᠢᠵᠦ ᠭᠠᠷᠭᠠᠨ᠂ ᠳᠠᠩᠰᠠ ᠡᠪᠬᠡᠮᠡᠯ ᠵᠣᠬᠢᠶᠠᠵᠤ᠂ ᠲᠡᠭᠦᠨᠴᠢᠯᠡᠨ ᠰᠤᠷᠭᠠᠨ ᠬᠦᠮᠦᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ ᠭᠡᠷ ᠪᠦᠯᠢ ᠶᠢᠨ ᠰᠤᠷᠭᠠᠨ ᠬᠦᠮᠦᠵᠢᠯ ᠤᠨ ᠵᠢᠯᠤᠭᠤᠳᠤᠯᠭ᠎ᠠ ᠶᠢᠨ ᠠᠵᠢᠯ ᠤᠨ ᠳᠤᠭᠤᠶᠢᠯᠠᠩ ᠳᠤ ᠳᠠᠩᠰᠠᠯᠠᠨ᠂ ᠬᠠᠮᠤᠭ ᠤᠨ ᠡᠴᠦᠰ ᠲᠤ ᠡᠯ᠎ᠡ ᠰᠠᠯᠠᠭ᠎ᠠ ᠮᠦᠴᠢᠷ ᠤᠨ ᠡᠬᠢ ᠪᠠᠶᠠᠯᠢᠭ ᠢ ᠤᠶᠠᠯᠳᠤᠭᠤᠯᠬᠤ ᠪᠠᠷ ᠳᠠᠮᠵᠢᠨ ᠭᠡᠷ ᠪᠦᠯᠢ ᠶᠢᠨ ᠰᠤᠷᠭᠠᠨ ᠬᠦᠮᠦᠵᠢᠯ ᠤᠨ ᠵᠢᠯᠤᠭᠤᠳᠤᠯᠭ᠎ᠠ ᠶᠢ ᠶᠠᠪᠤᠭᠳᠠᠭᠤᠯᠤᠨ᠎ᠠ᠃ ᠵᠢᠱᠢᠶᠡᠯᠡᠪᠡᠯ ᠭᠡᠷ ᠤᠨ ᠠᠬᠠᠮᠠᠳ ᠤᠨ ᠦᠷᠲᠡᠭ ᠤᠨ ᠦᠵᠡᠯᠲᠡ ᠨᠢ ᠬᠦᠨᠳᠦ ᠨᠣᠴᠢᠲᠠᠢ ᠠᠰᠠᠭᠤᠳᠠᠯ ᠲᠠᠢ ᠪᠣᠯ ᠬᠠᠤᠯᠢ ᠪᠠᠷᠢᠬᠤ ᠰᠠᠯᠠᠭ᠎ᠠ ᠮᠦᠴᠢᠷ ᠠᠴᠠ ᠲᠣᠯᠣᠭᠠᠶᠢᠯᠠᠵᠤ᠂ ᠡᠮᠡᠭᠲᠡᠶᠢᠴᠦᠳ ᠤᠨ ᠬᠤᠯᠪᠤᠭᠠᠲᠤ ᠬᠤᠷᠠᠯ᠂ ᠨᠡᠶᠢᠭᠡᠮ ᠲᠣᠭᠤᠷᠢᠭ ᠵᠡᠷᠭᠡ ᠬᠠᠮᠲᠤᠪᠠᠷ ᠣᠷᠤᠯᠴᠠᠵᠤ᠂ ᠲᠡᠭᠦᠨᠴᠢᠯᠡᠨ ᠭᠡᠷ ᠤᠨ ᠠᠬᠠᠮᠠᠳ ᠤᠨ ᠠᠵᠢᠯᠯᠠᠵᠤ ᠪᠠᠶᠢᠭ᠎ᠠ ᠪᠠᠶᠢᠭᠤᠯᠭ᠎ᠠ ᠶᠢ ᠤᠷᠢᠨ ᠣᠷᠤᠯᠴᠠᠭᠤᠯᠵᠤ ᠪᠣᠯᠤᠨ᠎ᠠ᠃ ᠭᠡᠷ ᠤᠨ ᠠᠬᠠᠮᠠᠳ ᠤᠨ ᠰᠤᠷᠭᠠᠨ ᠬᠦᠮᠦᠵᠢᠭᠦᠯᠬᠦ ᠠᠷᠭ᠎ᠠ ᠠᠪᠴᠠᠯ ᠲᠣᠬᠢᠷᠠᠮᠵᠢ ᠦᠭᠡᠢ ᠪᠣᠯ ᠡᠮᠡᠭᠲᠡᠶᠢᠴᠦᠳ ᠤᠨ ᠬᠤᠯᠪᠤᠭᠠᠲᠤ ᠬᠤᠷᠠᠯ ᠠᠴᠠ ᠲᠣᠯᠤᠭᠠᠶᠢᠯᠠᠵᠤ᠂ ᠨᠡᠶᠢᠭᠡᠮ ᠲᠣᠭᠤᠷᠢᠭ᠂ ᠨᠡᠶᠢᠲᠡ ᠶᠢᠨ ᠠᠰᠢᠭ ᠤᠨ ᠪᠦᠯᠭᠦᠮ ᠵᠡᠷᠭᠡ ᠬᠠᠮᠲᠤᠷᠠᠨ ᠣᠷᠤᠯᠴᠠᠵᠤ ᠪᠣᠯᠤᠨ᠎ᠠ᠃
    ᠳᠥᠷᠪᠡ ᠳᠤ ᠦᠨᠳᠦᠰᠦᠨ ᠱᠠᠲᠤᠨ ᠤ ᠲᠣᠣᠷᠯᠢᠭᠵᠢᠭᠰᠠᠨ ᠬᠠᠮᠢᠶᠠᠷᠤᠯᠲᠠ ᠶᠢ ᠠᠰᠢᠭᠯᠠᠨ《ᠠᠰᠠᠭᠤᠳᠠᠯ ᠲᠠᠢ ᠭᠡᠷ ᠪᠦᠯᠢ》 ᠶᠢ ᠮᠦᠷᠳᠡᠵᠤ ᠬᠠᠪᠰᠤᠷᠤᠨ ᠵᠢᠯᠤᠭᠤᠳᠤᠨ᠎ᠠ᠃ ᠭᠡᠷ ᠪᠦᠯᠢ ᠶᠢᠨ ᠰᠣᠷᠭᠠᠨ ᠬᠦᠮᠦᠵᠢᠯ ᠢ ᠠᠭᠢᠭᠤᠯᠬᠤ ᠬᠠᠤᠯᠢ ᠠᠴᠠ ᠨᠡᠶᠢᠭᠡᠮ ᠤᠨ ᠠᠵᠢᠯ ᠤᠨ ᠠᠵᠢᠯᠲᠠᠳ ᠠᠴᠠ ᠭᠡᠷ ᠪᠦᠯᠢ  ᠶᠢᠨ ᠰᠤᠷᠭᠠᠨ ᠬᠦᠮᠦᠵᠢᠯ ᠢ ᠵᠢᠯᠤᠭᠤᠳᠬᠤ ᠤᠶᠢᠯᠡᠴᠢᠯᠡᠭᠡᠨ ᠤ ᠠᠵᠢᠯ ᠳᠤ ᠣᠷᠤᠯᠴᠠᠬᠤ ᠳᠤ ᠲᠣᠲᠣᠷᠬᠠᠢ ᠲᠣᠭᠲᠠᠭᠠᠯ ᠭᠠᠷᠭᠠᠵᠤ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠵᠠᠰᠠᠭ ᠤᠨ ᠣᠷᠳᠣᠨ ᠪᠣᠯᠤᠨ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠭᠡᠷ ᠪᠦᠯᠢ ᠶᠢᠨ ᠰᠤᠷᠭᠠᠨ ᠬᠦᠮᠦᠵᠢᠯ ᠢ ᠵᠢᠯᠤᠭᠤᠳᠬᠤ ᠦᠢᠯᠡᠴᠢᠯᠡᠭᠡᠨ ᠤ ᠲᠣᠰᠬᠠᠢ ᠪᠦᠯᠬᠦᠮ ᠢ ᠵᠣᠬᠢᠶᠠᠨ ᠪᠠᠶᠢᠭᠤᠯᠵᠤ᠂ ᠲᠤᠰᠬᠠᠢ ᠮᠡᠷᠭᠡᠵᠢᠯᠲᠡᠨ ᠬᠦᠮᠦᠵᠢᠭᠦᠯᠬᠦ ᠶᠢ ᠴᠢᠩᠭᠠᠳᠬᠠᠨ᠂ ᠨᠡᠶᠢᠭᠡᠮ ᠤᠨ ᠠᠵᠢᠯ ᠤᠨ ᠠᠵᠢᠯᠲᠠᠨ᠂ ᠰᠠᠶᠢᠨ ᠳᠤᠷᠠᠴᠤᠳ ᠠᠴᠠ ᠭᠡᠷ ᠪᠦᠯᠢ ᠶᠢᠨ ᠰᠤᠷᠭᠠᠨ ᠬᠦᠮᠦᠵᠢᠯ ᠢ ᠵᠢᠯᠤᠭᠤᠳᠬᠤ ᠦᠢᠯᠡᠴᠢᠯᠡᠭᠡᠨ ᠤ ᠠᠵᠢᠯ ᠳᠤ ᠣᠷᠤᠯᠴᠠᠬᠤ ᠶᠢ ᠵᠣᠷᠢᠭᠵᠢᠭᠤᠯᠤᠨ᠎ᠠ᠃ ᠣᠳᠣᠬᠠᠨ ᠳᠤ ᠤᠯᠤᠰ ᠠᠴᠠ ᠦᠨᠳᠦᠰᠦᠨ ᠱᠠᠲᠤᠨ ᠤ ᠨᠡᠶᠢᠭᠡᠮ ᠤᠨ ᠠᠵᠢᠯ ᠤᠨ ᠠᠵᠢᠯᠲᠠᠨ ᠢ ᠲᠤᠰᠬᠠᠢ ᠲᠣᠬᠢᠷᠠᠭᠤᠯᠬᠤ ᠬᠦᠴᠦᠯᠡᠴᠡ ᠶᠢ ᠲᠦᠯᠬᠢᠨ ᠠᠬᠢᠭᠤᠯᠵᠤ᠂ ᠲᠣᠣᠷᠯᠢᠭᠵᠢᠭᠰᠠᠨ ᠬᠠᠮᠢᠶᠠᠷᠤᠯᠲᠠ ᠲᠠᠢ ᠤᠶᠠᠯᠳᠤᠭᠤᠯᠤᠨ᠂ ᠰᠤᠷᠤᠯᠭ᠎ᠠ ᠪᠠᠨ ᠵᠣᠭᠰᠤᠭᠰᠠᠨ ᠨᠠᠰᠤᠨ ᠳᠤ ᠦᠯᠦ ᠬᠦᠷᠦᠭᠰᠡᠳ ᠪᠣᠯᠤᠨ ᠰᠤᠷᠭᠠᠭᠤᠯᠢ ᠶᠢᠨ ᠬᠤᠪᠢᠶᠠᠭᠰᠠᠨ ᠲᠦᠷᠦᠯ ᠠᠩᠭᠢᠯᠠᠯ ᠢᠶᠠᠷ ᠳᠠᠮᠵᠢᠨ ᠮᠦᠷᠳᠡᠨ ᠪᠠᠶᠢᠴᠠᠭᠠᠵᠤ᠂ ᠳᠡᠮᠵᠢᠯᠭᠡ ᠴᠢᠬᠤᠯᠠᠲᠠᠢ ᠰᠤᠷᠤᠯᠴᠠᠵᠤ ᠪᠠᠶᠢᠭ᠎ᠠ ᠱᠠᠲᠤᠨ ᠤ ᠨᠠᠰᠤᠨ ᠳᠤ ᠦᠯᠦ ᠬᠦᠷᠦᠭᠰᠡᠳ ᠤᠨ ᠭᠡᠷ ᠪᠦᠯᠢ ᠳᠤ ᠰᠤᠷᠭᠠᠨ ᠬᠦᠮᠦᠵᠢᠯ ᠤᠨ ᠵᠢᠯᠤᠭᠤᠳᠤᠯᠭ᠎ᠠ ᠦᠷᠨᠢᠭᠦᠯᠵᠦ᠂ ᠬᠠᠤᠯᠢ ᠪᠠᠷᠢᠬᠤ ᠰᠠᠯᠠᠭ᠎ᠠ ᠮᠦᠴᠢᠷ᠂ ᠡᠮᠡᠭᠳᠡᠶᠢᠴᠦᠳ ᠤᠨ ᠬᠤᠯᠪᠤᠭᠠᠲᠤ ᠬᠤᠷᠠᠯ᠂ ᠡᠪᠯᠡᠯ ᠤᠨ ᠬᠤᠷᠢᠶ᠎ᠠ ᠵᠡᠷᠭᠡ ᠪᠠᠶᠢᠭᠤᠯᠭ᠎ᠠ ᠶᠢᠨ ᠠᠵᠢᠯᠲᠠᠳ ᠠᠴᠠ ᠮᠦᠷᠳᠡᠨ ᠪᠠᠶᠢᠴᠠᠭᠠᠬᠤ ᠳᠡᠮᠵᠢᠯᠭᠡ ᠶᠢᠨ ᠪᠦᠯᠬᠦᠮ ᠢ ᠵᠣᠬᠢᠶᠠᠨ ᠪᠠᠶᠢᠭᠤᠯᠵᠤ᠂ ᠵᠥᠪ ᠣᠨᠣᠪᠴᠢᠲᠠᠢ ᠬᠠᠪᠰᠤᠷᠤᠨ ᠳᠡᠮᠵᠢᠯᠭᠡ ᠪᠣᠯᠤᠨ ᠰᠡᠷᠭᠡᠶᠢᠯᠡᠯᠲᠡ ᠬᠢᠵᠦ᠂ ᠭᠡᠷ ᠪᠦᠯᠢ ᠳᠤ ᠦᠨᠳᠦᠰᠦᠨ ᠴᠢᠨᠠᠷᠲᠠᠢ ᠳᠡᠮᠵᠢᠯᠭᠡ ᠶᠢᠨ ᠦᠢᠯᠡᠴᠢᠯᠡᠭᠡ ᠬᠠᠩᠭᠠᠵᠤ᠂ ᠭᠡᠷ ᠪᠦᠯᠢ ᠶᠢᠨ ᠪᠦᠷᠢᠯᠳᠦᠭᠦᠨ ᠬᠠᠷᠢᠯᠴᠠᠨ ᠬᠦᠨᠳᠦᠳᠭᠡᠨ᠂ ᠭᠡᠷ ᠪᠦᠯᠢ ᠶᠢᠨ ᠬᠠᠷᠢᠴᠠᠭ᠎ᠠ ᠶᠢ ᠰᠠᠶᠢᠵᠢᠷᠠᠭᠤᠯᠬᠤ ᠶᠢ ᠳᠡᠮᠵᠢᠵᠦ᠂ ᠡᠶ᠎ᠡ ᠵᠣᠬᠢᠴᠠᠯ ᠲᠠᠢ ᠠᠷᠭ᠎ᠠ ᠠᠪᠴᠠᠯ ᠢᠶᠠᠷ ᠠᠰᠠᠭᠤᠳᠠᠯ ᠢ ᠰᠢᠢᠳᠪᠦᠷᠢᠯᠡᠬᠦ ᠶᠢ ᠬᠦᠲᠦᠯᠦᠨ ᠳᠠᠭᠠᠭᠤᠯᠤᠨ᠎ᠠ᠃

 



ᠢᠷᠡᠯᠲᠡ
 ᠬᠤᠲᠤᠩ ᠠᠷᠠᠳ ᠤᠨ    
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro