︽ᠭᠤᠷᠪᠠ ᠶᠢ ᠴᠢᠳᠠᠮᠠᠭᠠᠶ︾ᠦᠢᠯᠡᠳᠦᠯᠭᠡᠵᠢᠭᠦᠯᠵᠦ ︽ᠬᠤᠶᠠᠷ ᠢ ᠳᠠᠬᠢᠨ ᠬᠡᠷᠡᠭᠵᠢᠭᠦᠯᠬᠦ︾ ᠶᠢ ᠡᠵᠡᠮᠳᠡᠵᠦ ᠂ ᠥᠪᠥᠷ ᠮᠣᠩᠭᠤᠯ ᠤᠨ ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠢ ᠪᠤᠲᠠᠲᠠᠶᠢᠵᠢᠭᠤᠯᠵᠤ ᠰᠢᠯᠢᠳᠡᠭᠵᠢᠭᠦᠯᠪᠡ
︽ᠭᠤᠷᠪᠠ ᠶᠢ ᠴᠢᠳᠠᠮᠠᠭᠠᠶ︾ᠦᠢᠯᠡᠳᠦᠯᠭᠡᠵᠢᠭᠦᠯᠵᠦ ︽ᠬᠤᠶᠠᠷ ᠢ ᠳᠠᠬᠢᠨ ᠬᠡᠷᠡᠭᠵᠢᠭᠦᠯᠬᠦ︾ ᠶᠢ ᠡᠵᠡᠮᠳᠡᠵᠦ ᠂ ᠥᠪᠥᠷ ᠮᠣᠩᠭᠤᠯ ᠤᠨ ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠢ ᠪᠤᠲᠠᠲᠠᠶᠢᠵᠢᠭᠤᠯᠵᠤ ᠰᠢᠯᠢᠳᠡᠭᠵᠢᠭᠦᠯᠪᠡ
--- ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠪᠦᠬᠦ ᠣᠷᠣᠨ ᠤ ᠡᠷᠡᠭᠦᠦ ᠶᠢᠨ ᠬᠡᠷᠡᠭ ᠪᠠᠶᠢᠴᠠᠭᠠᠬᠤ ᠠᠵᠢᠯ ᠤᠨ ᠬᠤᠷᠠᠯ ᠬᠤᠷᠠᠯᠳᠤᠭᠤᠯᠪᠠ
12 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠤᠨ ᠬᠤᠷᠠᠯ ᠢ ᠬᠤᠷᠠᠯᠳᠤᠭᠤᠯᠵᠤ᠂ ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠢᠯᠡᠳᠦᠯᠭᠡ ᠪᠠᠷ ᠬᠦᠲᠦᠯᠦᠨ ᠳᠠᠭᠠᠭᠤᠯᠬᠤ᠂ ᠤᠨᠤᠯᠵᠢᠬᠤᠨ ᠢ ᠠᠭᠤᠰᠤᠯᠴᠠᠬᠤ︾ ᠶᠢ ᠪᠠᠷᠢᠮᠲᠠᠯᠠᠵᠤ᠂ ᠠᠮᠵᠢᠯᠲᠠ ᠪᠠᠨ ᠳ᠋ᠦᠩᠨᠡᠵᠦ᠂ ᠠᠵᠢᠯ ᠢᠶᠠᠨ ᠪᠠᠶᠢᠴᠠᠭᠠᠨ ᠦᠵᠡᠵᠦ᠂ ᠡᠭᠦᠷᠭᠡ ᠪᠠᠨ ᠪᠠᠶᠢᠷᠢᠯᠠᠭᠤᠯᠵᠤ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ︽ᠭᠤᠷᠪᠠ ᠶᠢ ᠴᠢᠳᠠᠮᠠᠭᠠᠢ︾ ᠦᠢᠯᠡᠳᠦᠯᠭᠡᠵᠢᠭᠦᠯᠬᠦ ᠶᠢ ᠠᠬᠢᠭᠤᠯᠵᠤ᠂ ︽ᠬᠤᠶᠠᠷ ᠢ ᠳᠠᠬᠢᠨ ᠬᠡᠷᠡᠭᠵᠢᠭᠦᠯᠬᠦ︾ ᠶᠢ ᠡᠵᠡᠮᠳᠡᠵᠦ᠂ ᠥᠪᠥᠷ ᠮᠣᠩᠭᠤᠯ ᠤᠨ ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠢ ᠪᠤᠲᠠᠲᠠᠶᠢᠵᠢᠭᠤᠯᠵᠤ ᠰᠢᠯᠢᠳᠡᠭᠵᠢᠭᠦᠯᠵᠦ᠂ ︽ᠭᠤᠷᠪᠠᠨ ᠵᠢᠯ ᠳᠤ ᠨᠢᠭᠡ ᠶᠡᠭᠡ ᠬᠤᠪᠢᠷᠠᠯᠲᠠ︾ ᠶᠢᠨ ᠠᠵᠢᠯ ᠤᠨ ᠬᠠᠷᠠᠯᠲᠠ ᠶᠢ ᠴᠢᠷᠮᠠᠶᠢᠨ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
ᠬᠤᠷᠠᠯ ᠠᠴᠠ ᠣᠶᠢᠷ᠎ᠠ ᠶᠢᠨ ᠵᠢᠯ ᠦᠨ ᠲᠤᠷᠰᠢ ᠪᠦᠬᠦ ᠣᠷᠣᠨ ᠤ ᠡᠷᠡᠭᠦᠦ ᠶᠢᠨ ᠬᠡᠷᠡᠭ ᠤᠨ ᠪᠠᠶᠢᠴᠠᠭᠠᠬᠤ ᠡᠩᠨᠡᠭᠡᠨ ᠦ ᠭᠠᠷᠭᠠᠭᠰᠠᠨ ᠴᠢᠷᠮᠠᠶᠢᠯᠭ᠎ᠠ ᠪᠣᠯᠤᠨ ᠣᠯᠤᠭᠰᠠᠨ ᠠᠮᠵᠢᠯᠲᠠ ᠶᠢ ᠨᠤᠲᠠᠯᠠᠪᠠ᠃ ᠪᠥᠬᠦ ᠣᠷᠣᠨ ᠤ ᠪᠠᠶᠢᠴᠠᠭᠠᠬᠤ ᠪᠠᠶᠢᠭᠤᠯᠭ᠎ᠠ ᠨᠤᠭᠤᠳ ᠡᠷᠡᠭᠦᠦ ᠶᠢᠨ ᠬᠡᠷᠡᠭ ᠢ ᠪᠠᠶᠢᠴᠠᠭᠠᠬᠤ ᠡᠭᠦᠷᠭᠡ ᠴᠢᠳᠠᠪᠤᠷᠢ ᠪᠠᠨ ᠪᠥᠬᠦ ᠲᠠᠯ᠎ᠠ ᠪᠠᠷ ᠭᠦᠢᠴᠡᠳᠬᠡᠵᠦ᠂ ᠶᠠᠯ᠎ᠠ ᠬᠢᠭᠰᠡᠳ ᠢ ᠬᠠᠤᠯᠢ ᠶᠣᠰᠣᠭᠠᠷ ᠵᠠᠯᠬᠠᠭᠠᠨ ᠰᠢᠢᠳᠬᠡᠬᠦ ᠪᠠ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠵᠦ᠂ ᠡᠷᠡᠭᠦᠦ ᠶᠢᠨ ᠬᠡᠷᠡᠭ ᠤᠨ ᠪᠠᠶᠢᠴᠠᠭᠠᠬᠤ ᠵᠢᠨ ︽ᠭᠤᠷᠪᠠᠨ ᠥᠨᠳᠥᠷ ᠬᠤᠶᠠᠷ ᠳᠣᠣᠷ᠎ᠠ ᠪᠠᠶᠢᠬᠤ︾ ᠠᠰᠠᠭᠤᠳᠠᠯ ᠢ ᠵᠠᠰᠠᠬᠤ ᠨᠢᠭᠡᠳᠦᠯᠲᠡᠶ ᠠᠵᠢᠯᠯᠠᠭ᠎ᠠ ᠶᠢ ᠥᠷᠨᠢᠭᠦᠯᠦᠨ᠂ ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠥᠪᠥᠷ ᠮᠣᠩᠭᠤᠯ ᠢ ᠪᠥᠲᠥᠭᠡᠨ ᠪᠠᠶᠢᠭᠤᠯᠬᠤ ᠳᠤ ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ᠃
ᠬᠤᠷᠠᠯ ᠠᠴᠠ᠂ ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠲᠦᠢᠯ ᠤᠨ ᠴᠢᠬᠤᠯᠠ ᠪᠠᠶᠢᠵᠤ᠂ ᠠᠵᠢᠯ ᠬᠦᠨᠳᠦ᠂ ᠬᠢᠨᠠᠯᠲᠠ ᠲᠠᠯᠪᠢᠬᠤ ᠬᠡᠯᠬᠢᠶ᠎ᠡ ᠤᠷᠳᠤ᠂ ᠲᠡᠦᠬᠡ ᠶᠢᠨ ᠡᠬᠢ ᠰᠤᠷᠪᠤᠯᠵᠢ ᠤᠷᠲᠤ᠂ ᠤᠯᠠᠨ ᠨᠡᠶᠢᠲᠡ ᠶᠢᠨ ᠮᠡᠳᠡᠷᠡᠮᠵᠢ ᠪᠠᠷ ᠴᠢᠩᠭ᠎ᠠ ᠪᠠᠶᠢᠵᠤ᠂ ᠨᠡᠩ ᠴᠢᠩᠭ᠎ᠠ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠷ ᠮᠠᠨ ᠤ ᠤᠷᠤᠨ ᠤ ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠢ ᠪᠤᠲᠠᠲᠠᠶᠢᠵᠢᠭᠤᠯᠤᠨ ᠰᠢᠯᠢᠳᠡᠭᠵᠢᠭᠦᠯᠬᠦ᠂ ᠡᠷᠬᠢᠮ ᠨᠠᠨᠳᠢᠨ ᠲᠤᠷᠰᠢᠯᠭ᠎ᠠ ᠶᠢ ᠪᠠᠲᠤᠳᠬᠠᠨ ᠪᠠᠳᠠᠷᠠᠭᠤᠯᠬᠤ ᠬᠡᠷᠡᠭᠲᠡᠢ᠃ ᠲᠤᠬᠠᠶᠢᠯᠠᠪᠠᠯ᠄ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠬᠤ ᠳᠤ᠂ ᠡᠷᠬᠡᠪᠰᠢ ᠶᠠᠰᠤ ᠴᠢᠨᠠᠷ ᠢᠶᠠᠷ ᠭᠤᠣᠯ ᠪᠣᠯᠭᠠᠬᠤ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠂ ᠬᠡᠪ ᠶᠠᠩᠵᠤ ᠪᠠᠷ ᠪᠠᠲᠤᠯᠠᠬᠤ ᠶᠢ ᠪᠠᠷᠢᠮᠲᠠᠯᠠᠵᠤ᠂ ᠠᠵᠢᠯ ᠤᠨ ᠬᠡᠮᠵᠢᠶ᠎ᠡ ᠶᠢ ᠣᠨᠣᠪᠴᠢᠲᠠᠢ ᠡᠵᠡᠮᠳᠡᠬᠦ ᠬᠡᠷᠡᠭᠲᠡᠢ᠃ ︽ᠭᠤᠷᠪᠠᠨ ᠴᠢᠳᠠᠮᠠᠭᠠᠢ︾ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠲᠡᠭᠷᠢ ᠵᠢᠨ ᠶᠤᠰᠤ ᠤᠯᠤᠰ ᠤᠨ ᠬᠠᠤᠯᠢ ᠶᠢ ᠶᠡᠷᠦᠩᠬᠡᠶᠢᠯᠡᠨ ᠪᠣᠳᠣᠯᠬᠢᠯᠠᠵᠤ᠂ ᠪᠠᠷᠢᠪᠴᠢᠯᠠᠬᠤ ᠪᠠ ᠦᠯᠦ ᠪᠠᠷᠢᠪᠴᠢᠯᠠᠬᠤ᠂ ᠵᠠᠭᠠᠯᠳᠤᠬᠤ ᠪᠠ ᠦᠯᠦ ᠵᠠᠭᠠᠯᠳᠤᠬᠤ ᠂ ᠡᠰᠡᠷᠭᠦᠴᠡᠬᠦ ᠪᠠ ᠦᠯᠦ ᠡᠰᠡᠷᠭᠦᠴᠡᠬᠦ᠂ ᠶᠠᠯ᠎ᠠ ᠶᠢ ᠬᠠᠰᠤᠬᠤ ᠪᠠ ᠦᠯᠦ ᠬᠠᠰᠤᠬᠤ ᠂ ᠨᠡᠬᠡᠮᠵᠢᠯᠡᠨ ᠵᠠᠭᠠᠯᠳᠤᠬᠤ ᠪᠠ ᠦᠯᠦ ᠨᠡᠬᠡᠮᠵᠢᠯᠡᠨ ᠵᠠᠭᠠᠯᠳᠤᠬᠤ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠡᠷᠡᠭ ᠨᠢᠭᠡᠪᠦᠷᠢ ᠶᠢ ᠴᠢᠨᠠᠷ ᠰᠠᠶᠢᠲᠠᠢ ᠦᠷ᠎ᠡ ᠪᠦᠲᠦᠮᠵᠢᠲᠡᠢ ᠪᠠᠷ ᠰᠠᠶᠢᠲᠤᠷ ᠰᠢᠢᠳᠪᠦᠷᠢᠯᠡᠨ᠎ᠡ᠃ ︽ᠭᠤᠷᠪᠠᠨ ᠬᠠᠮᠢᠶᠠᠷᠤᠯᠲᠠ︾ ᠶᠢ ᠰᠠᠶᠢᠲᠤᠷ ᠠᠳᠬᠤᠬᠤ ᠬᠡᠷᠡᠭᠲᠡᠶ᠃ ᠬᠤᠷᠸ᠎ᠠ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠵᠠᠳᠠᠯᠤᠨ ᠰᠤᠳᠤᠯᠵᠤ ᠮᠠᠭᠠᠳᠯᠠᠬᠤ ᠪᠠᠷ ᠭᠤᠣᠯᠳᠠᠯᠭ᠎ᠠ ᠪᠣᠯᠭᠠᠵᠤ᠂ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢ ᠬᠥᠳᠡᠯᠦᠩᠭᠦᠢ ᠪᠠᠷ ᠦᠷᠨᠢᠭᠦᠯᠦᠨ᠎ᠡ︔ᠬᠡᠷᠡᠭ ᠰᠢᠢᠳᠪᠦᠷᠢᠯᠡᠬᠦ ᠬᠢᠨᠠᠯᠲᠠ ᠬᠠᠮᠢᠶᠠᠷᠤᠯᠲᠠ ᠪᠠᠷ ᠭᠤᠣᠯᠳᠠᠯᠭ᠎ᠠ ᠪᠣᠯᠭᠠᠵᠤ᠂ ᠬᠡᠷᠡᠭ ᠤᠨ ᠬᠠᠮᠢᠶᠠᠷᠤᠯᠲᠠ ᠶᠢ ᠰᠢᠭᠢᠳᠬᠡᠨ ᠶᠠᠪᠤᠭᠳᠠᠭᠤᠯᠬᠤ ᠪᠠᠷ ᠭᠤᠣᠯᠳᠠᠯᠭ᠎ᠠ ᠪᠣᠯᠭᠠᠨ᠎ᠠ︔ ᠬᠡᠷᠡᠭ ᠤᠨ ᠶᠠᠰᠤ ᠴᠢᠨᠠᠷ ᠢ ᠦᠨᠡᠯᠡᠨ ᠪᠠᠶᠢᠴᠠᠭᠠᠬᠤ ᠪᠠᠷ ᠭᠤᠣᠯᠳᠠᠯᠭ᠎ᠠ ᠪᠣᠯᠭᠠᠵᠤ᠂ ᠮᠥᠷᠳᠡᠬᠦ ᠬᠡᠯᠪᠡᠷᠢ ᠪᠠᠷ ᠶᠠᠰᠤ ᠴᠢᠨᠠᠷ ᠤᠨ ᠬᠠᠮᠢᠶᠠᠷᠤᠯᠲᠠ ᠶᠢ ᠥᠷᠨᠢᠭᠦᠯᠵᠦ᠂ ᠡᠷᠬᠡ ᠪᠠ ᠬᠠᠷᠢᠭᠤᠴᠠᠯᠭ᠎ᠠ᠂ ᠬᠡᠷᠡᠭ ᠪᠣᠯᠤᠨ ᠬᠥᠮᠦᠨ ᠢ ᠣᠷᠭᠠᠨᠢᠭ ᠢᠶᠠᠷ ᠨᠢᠭᠡᠳᠬᠡᠬᠦ ᠶᠢ ᠪᠡᠶᠡᠯᠡᠭᠦᠯᠦᠨ᠎ᠡ᠃ ᠴᠢᠨᠠᠷ ᠰᠠᠶᠢᠲᠠᠢ ᠡᠷᠡᠭᠦᠦ ᠶᠢᠨ ᠬᠡᠷᠡᠭ ᠤᠨᠪᠠᠶᠢᠴᠠᠭᠠᠬᠤ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠤᠷᠤᠯᠴᠠᠬᠤ ᠴᠢᠳᠠᠪᠤᠷᠢ᠂ ᠭᠡᠷᠡᠴᠢ ᠪᠠᠷᠢᠮᠲᠠ ᠶᠢ ᠬᠢᠨᠠᠨ ᠪᠠᠶᠢᠴᠠᠭᠠᠬᠤ ᠴᠢᠳᠠᠪᠤᠷᠢ᠂ ᠰᠢᠭᠦᠯᠲᠡ ᠳᠤ ᠣᠷᠣᠯᠴᠠᠵᠤ ᠠᠯᠪᠠᠨ ᠵᠠᠭᠠᠯᠳᠤᠯᠭ᠎ᠠ ᠬᠢᠬᠦ ᠴᠢᠳᠠᠪᠤᠷᠢ᠂ ᠦᠰᠦᠭ ᠪᠢᠴᠢᠭ ᠤᠨ ᠮᠠᠲ᠋ᠧᠷᠢᠶᠠᠯ ᠤᠨ ᠴᠢᠳᠠᠪᠤᠷᠢ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠵᠦᠢᠯ ᠤᠨ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠷᠡᠭᠦᠦ ᠶᠢᠨ ᠬᠡᠷᠡᠭ ᠤᠨ ᠪᠠᠶᠢᠴᠠᠭᠠᠬᠤ ᠡᠩᠨᠡᠭᠡ ᠶᠢ ᠬᠠᠯᠠᠮᠵᠢᠯᠠᠨ ᠬᠠᠶᠢᠷᠠᠯᠠᠬᠤ ᠬᠡᠷᠡᠭᠲᠡᠢ᠃
ᠬᠤᠷᠠᠯ ᠠᠴᠠ᠂ ᠪᠦᠬᠦ ᠤᠯᠤᠰ ᠤᠨ ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠤᠨ ᠬᠤᠷᠠᠯ ᠠᠴᠠ ᠰᠢᠨ᠎ᠡ ᠴᠠᠭ ᠦᠶ᠎ᠡ ᠰᠢᠨ᠎ᠡ ᠠᠶᠠᠨ ᠤ ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠵᠤ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠬᠢᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠡᠷᠡᠭᠦᠦ ᠶᠢᠨ ᠬᠡᠷᠡᠭ ᠤᠨ ᠪᠠᠶᠢᠴᠠᠭᠠᠬᠤ ᠡᠷᠬᠡ ᠲᠤᠰᠢᠶᠠᠯ ᠢ ᠬᠠᠤᠯᠢ ᠶᠣᠰᠣᠭᠠᠷ ᠪᠦᠬᠦ ᠲᠠᠯ᠎ᠠ ᠪᠠᠷ ᠭᠦᠢᠴᠡᠳᠬᠡᠵᠦ᠂ ᠭᠤᠣᠯ ᠬᠠᠷᠢᠭᠤᠴᠠᠯᠭ᠎ᠠ ᠭᠤᠣᠯ ᠠᠵᠢᠯ᠂ ᠲᠤᠬᠠᠶᠢᠯᠠᠭᠰᠠᠨ ᠠᠵᠢᠯ ᠤᠨ ᠡᠬᠢ ᠰᠤᠷᠪᠤᠯᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠪᠠᠶᠢᠴᠠᠭᠠᠵᠤ ᠪᠠᠷᠢᠪᠴᠢᠯᠠᠬᠤ᠂ ᠬᠢᠨᠠᠨ ᠪᠠᠶᠢᠴᠠᠭᠠᠵᠤ ᠵᠠᠭᠠᠯᠳᠤᠬᠤ᠂ ᠵᠠᠷᠭᠤ ᠳᠤ ᠬᠢᠨᠠᠯᠲᠠ ᠲᠠᠯᠪᠢᠬᠤ ᠵᠡᠷᠭᠡ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠡᠮᠬᠢ ᠳᠢᠭᠯᠢᠮ᠂ ᠠᠵᠤ ᠠᠬᠤᠢ ᠮᠥᠩᠭᠦᠨ ᠭᠦᠢᠯᠭᠡᠭᠡᠨ ᠤ ᠬᠦᠷᠢᠶᠡᠨ ᠳᠤ ᠬᠤᠣᠷ ᠬᠥᠨᠥᠭᠡᠯ ᠤᠴᠠᠷᠠᠭᠤᠯᠤᠭᠰᠠᠨ ᠵᠡᠷᠭᠡ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠵᠦ᠂ ᠢᠯᠵᠠᠷᠠᠯ ᠢ ᠡᠰᠡᠷᠭᠦᠴᠡᠬᠦ ᠲᠡᠮᠡᠴᠡᠯ ᠳᠤ ᠢᠳᠡᠪᠬᠢᠲᠡᠢ ᠣᠷᠣᠯᠴᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠡᠷᠡᠭᠦᠦ ᠶᠢᠨ ᠬᠡᠷᠡᠭ ᠤᠨ ᠭᠦᠢᠴᠡᠳᠭᠡᠯᠲᠡ ᠵᠢᠨ ᠪᠠᠶᠢᠴᠠᠭᠠᠬᠤ ᠠᠵᠢᠯ ᠢ ᠴᠢᠩᠭᠠᠳᠬᠠᠵᠤ᠂ ︽ᠳᠥᠷᠪᠡᠨ ᠵᠦᠶᠯ ᠤᠨ ᠭᠤᠤᠯᠳᠠᠯᠭ᠎ᠠ ᠲᠠᠢ ᠠᠵᠢᠯ︾ ᠢ ᠦᠷᠭᠦᠯᠵᠢᠯᠡᠨ ᠰᠠᠶᠢᠲᠤᠷ ᠠᠳᠬᠤᠵᠤ᠂ ᠲᠡᠩᠰᠡᠨ ᠰᠤᠯᠠᠯᠠᠬᠤ ᠶᠢ ᠬᠠᠤᠯᠢ ᠶᠣᠰᠣᠭᠠᠷ ᠵᠢᠷᠤᠮᠵᠢᠭᠤᠯᠤᠨ ᠬᠡᠷᠡᠭᠯᠡᠬᠦ ᠶᠢ ᠠᠬᠢᠭᠤᠯᠵᠤ᠂ ᠬᠡᠷᠡᠭ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠨᠠᠰᠤᠨ ᠳᠤ ᠥᠯᠥ ᠭᠦᠷᠦᠭᠰᠡᠳ ᠤᠨ ᠪᠠᠶᠢᠴᠠᠭᠠᠬᠤ ᠠᠵᠢᠯ ᠢ ᠴᠢᠩᠭᠠᠳᠬᠠᠵᠤ᠂ ︽ᠪᠦᠬᠦᠯᠢ ᠴᠣᠭᠴᠠ ᠪᠠᠷ ᠢᠶᠠᠨ ᠨᠢᠭᠡᠳᠦᠭᠡᠷ ᠪᠠᠶᠢᠷᠢᠨ ᠳᠤ ᠣᠷᠤᠬᠤ᠂ ᠨᠠᠷᠠᠲᠤ ᠲᠥᠷᠥᠯ ᠲᠡᠮᠳᠡᠭᠲᠦ ᠪᠠᠨ ᠬᠢᠯᠠᠯᠵᠠᠭᠤᠯᠬᠤ᠂ ᠣᠯᠠᠨ ᠤᠳᠤᠳ ᠢᠯᠡᠷᠡᠭᠦᠯᠵᠦ᠂ ᠬᠠᠮᠲᠦ ᠪᠠᠷᠥᠩᠭᠡ ᠭᠢᠯᠪᠠᠭ᠎ᠠ ᠪᠤᠯᠢᠶᠠᠯᠳᠤᠬᠤ︾ᠠᠵᠢᠯ ᠤᠨ ᠰᠡᠳᠬᠢᠮᠵᠢ ᠶᠢ ᠪᠠᠷᠢᠮᠲᠠᠯᠠᠨ᠂ ᠭᠤᠤᠯ ᠬᠠᠷᠢᠭᠤᠴᠠᠯᠭ᠎ᠠ ᠶᠢ ᠭᠦᠨᠵᠡᠭᠡᠶ ᠰᠤᠳᠤᠯᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠶᠡᠷᠦᠩᠬᠡᠶᠢᠯᠡᠭᠰᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠡᠶ᠃ ᠪᠠᠶᠢᠴᠠᠭᠠᠬᠤ ᠵᠢᠨ ᠲᠤᠷᠰᠢᠨ ᠪᠠᠶᠢᠴᠠᠭᠠᠬᠤ ᠠᠵᠢᠯ ᠢ ᠴᠢᠩᠭᠠᠳᠬᠠᠵᠤ᠂ ᠲᠤᠷᠰᠢᠨ ᠪᠠᠶᠢᠴᠠᠭᠠᠵᠤ ᠬᠡᠷᠡᠭ ᠰᠢᠢᠳᠪᠦᠷᠢᠯᠡᠬᠦ ᠶᠠᠰᠤ ᠴᠢᠨᠠᠷ ᠢ ᠪᠦᠬᠦ ᠶᠠᠪᠤᠴᠠ ᠪᠠᠷ ᠰᠠᠶᠢᠲᠤᠷ ᠠᠳᠬᠤᠵᠤ᠂ ᠪᠠᠶᠢᠴᠠᠭᠠᠬᠤ ᠵᠢᠨ ᠲᠤᠷᠰᠢᠨ ᠪᠠᠶᠢᠴᠠᠭᠠᠬᠤ ᠠᠵᠢᠯ ᠤᠨ ᠨᠥᠯᠥᠭᠡᠯᠡᠬᠦ ᠬᠦᠴᠦᠨ ᠪᠠ ᠰᠦᠷᠳᠡᠭᠦᠯᠬᠦ ᠬᠦᠴᠦᠨ ᠢ ᠦᠷᠭᠦᠯᠵᠢᠯᠡᠨ ᠥᠷᠭᠡᠳᠬᠡᠵᠦ᠂ ᠲᠤᠰᠢᠶᠠᠯ ᠬᠠᠷᠢᠭᠤᠴᠠᠯᠭ᠎ᠠ ᠪᠠᠨ ᠠᠭᠤᠰᠤᠯᠴᠠᠨ ᠭᠦᠢᠴᠡᠳᠬᠡᠬᠦ ᠤᠨᠤᠯᠵᠢᠬᠤᠨ ᠢ ᠪᠤᠢ ᠪᠣᠯᠭᠠᠵᠤ᠂ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠡᠷᠡᠭ ᠰᠢᠢᠳᠪᠦᠷᠢᠯᠡᠬᠦ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠥᠨᠳᠥᠷ ᠪᠦᠲᠦᠮᠵᠢᠲᠡᠢ ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠤᠨ ᠪᠠᠶᠢᠷᠢᠰᠢᠯ ᠢ ᠬᠠᠮᠵᠢᠯᠴᠠᠨ ᠢᠳᠡᠪᠬᠢᠲᠡᠢ ᠪᠠᠶᠢᠭᠤᠯᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠢᠶᠠᠷ ᠭᠠᠷᠳᠠᠴᠠ ᠪᠣᠯᠭᠠᠵᠤ᠂ ᠲᠤᠰᠢᠶᠠᠯ ᠬᠠᠷᠢᠭᠤᠴᠠᠯᠭ᠎ᠠ ᠪᠠᠨᠨᠢᠭᠡ ᠴᠤᠭᠴᠠᠵᠢᠭᠤᠯᠤᠨ ᠭᠦᠢᠴᠡᠳᠬᠡᠬᠦ᠂ ᠲᠤᠰᠢᠶᠠᠯ ᠬᠠᠷᠢᠭᠤᠴᠠᠯᠭ᠎ᠠ ᠪᠠᠨᠶᠡᠷᠦᠩᠬᠡᠶᠢᠯᠡᠨ ᠭᠦᠢᠴᠡᠳᠬᠡᠬᠦ ᠶᠢ ᠴᠢᠩᠭᠠᠳᠬᠠᠵᠤ᠂ ᠭᠤᠯᠳᠤ ᠪᠠᠷ ᠨᠡᠪᠲᠡᠷᠡᠭᠦᠯᠬᠦ᠂ ᠬᠥᠨᠳᠡᠯᠡᠨ ᠢᠶᠠᠷ ᠨᠢᠭᠡᠳᠦᠯᠲᠡᠢ ᠲᠥᠯᠥᠪᠵᠢᠭᠦᠯᠬᠦ᠂ ᠭᠠᠳᠠᠨ᠎ᠠ ᠠᠴᠠ ᠨᠢ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃
ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠪᠠᠶᠢᠴᠠᠭᠠᠬᠤ ᠳᠠᠷᠤᠭ᠎ᠠ ᠯᠢ ᠵᠢᠶᠠᠨ ᠬᠤᠷᠠᠯ ᠢ ᠡᠷᠬᠢᠯᠡᠪᠡ᠃ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠪᠠᠶᠢᠩᠭᠤ ᠶᠢᠨ ᠳᠡᠳ᠋ ᠪᠠᠶᠢᠴᠠᠭᠠᠬᠤ ᠳᠠᠷᠤᠭ᠎ᠠ ᠠᠨ ᠰᠢᠶᠠᠩ ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠪᠠᠶᠢᠴᠠᠭᠠᠬᠤ ᠳᠠᠷᠤᠭ᠎ᠠ ᠵᠧᠩ ᠵᠢᠶᠠ ᠮᠧᠶ᠂ ᠲᠤᠰᠬᠠᠶ ᠲᠤᠰᠢᠶᠠᠯᠲᠤ ᠭᠡᠰᠢᠭᠦᠨ ᠼᠦᠢ ᠫᠢᠩ ᠨᠠᠰᠤᠨ ᠳᠤ ᠦᠯᠦ ᠬᠦᠷᠦᠭᠰᠡᠳ ᠦᠨ ᠪᠠᠶᠢᠴᠠᠭᠠᠬᠤ ᠪᠠ ᠪᠠᠶᠢᠴᠠᠭᠠᠬᠤ ᠲᠤᠷᠰᠢᠨ ᠪᠠᠶᠢᠴᠠᠭᠠᠬᠤ ᠠᠵᠢᠯ ᠳᠤ ᠲᠣᠰ ᠲᠣᠰ ᠪᠣᠳᠠᠲᠠᠶ ᠲᠣᠬᠢᠷᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠵᠥᠪᠯᠡᠯ ᠤᠨ ᠲᠤᠰᠬᠠᠶ ᠲᠤᠰᠢᠶᠠᠯᠲᠤ ᠭᠡᠰᠢᠭᠦᠨ᠂ ᠲᠢᠩᠬᠢᠮ ᠤᠨ ᠲᠠᠰ ᠤᠨ ᠺᠠᠳ᠋ᠷ ᠪᠣᠯᠤᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠳᠤ ᠭᠤᠤᠯ ᠬᠤᠷᠠᠯ ᠤᠨ ᠲᠠᠯᠠᠪᠠᠶ ᠭᠠᠷᠭᠠᠵᠤ᠂ ᠡᠯ᠎ᠡ ᠠᠶᠢᠮᠠᠭ ᠬᠤᠲᠠ ᠶᠢᠨ ᠪᠠᠶᠢᠴᠠᠭᠠᠬᠤ ︵ᠬᠤᠪᠢᠶᠠᠷᠢ ᠬᠤᠷᠢᠶ᠎ᠠ︶ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃