ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

ᠴᠠᠬᠢᠯᠭᠠᠨ ᠬᠤᠯᠪᠣᠭᠠᠨ ᠤ ᠮᠡᠬᠡᠯᠡᠯ ᠳᠤ ᠬᠠᠪᠰᠤᠷᠤᠯᠭ᠎ᠠ ᠦᠵᠡᠭᠦᠯᠪᠡᠯ᠂ ᠬᠠᠤᠯᠢ ᠴᠠᠭᠠᠵᠠ ᠶᠢᠨ ᠵᠠᠯᠬᠠᠭᠠᠯ ᠢ ᠤᠯᠬᠤ ᠪᠣᠯᠤᠨ᠎ᠠ

2024-12-31 15:01:47
ᠵᠣᠬᠢᠶᠠᠭᠴᠢ
ᠥᠯᠵᠡᠶᠢᠪᠢᠯᠢᠭᠲᠦ

ᠮᠡᠬᠡᠯᠡᠭᠴᠢ ᠪᠠ ᠬᠤᠬᠢᠷᠠᠭᠴᠢ ᠶᠢᠨ ᠳᠤᠮᠳᠠᠬᠢ ︽ᠭᠠᠷ ᠤᠲᠠᠰᠤᠨ ᠤ ᠵᠠᠯᠭᠠᠭᠤᠷ︾
       ᠵᠥᠪᠬᠡᠨ ᠤᠲᠠᠰᠤᠳᠠᠬᠤ ᠪᠠᠷ ᠳᠠᠮᠵᠢᠨ ︽ᠮᠡᠬᠡᠯᠡᠭᠴᠢ︾ ᠪᠠ ︽ᠬᠡᠷᠡᠭᠯᠡᠭᠴᠢ︾ ᠶᠢ ᠬᠠᠪᠰᠤᠷᠴᠤ ᠣᠷᠣᠨ ᠵᠠᠢ ᠠᠯᠤᠰᠯᠠᠨ ᠤᠲᠠᠰᠤ ᠨᠡᠪᠲᠡᠷᠡᠪᠡᠯ᠂ ᠥᠪᠡᠷ ᠢᠶᠠᠷ ᠠᠮᠠ ᠬᠥᠳᠡᠯᠭᠡᠬᠦ ᠦᠭᠡᠢ ᠪᠠᠷ ᠠᠮᠠᠷᠬᠠᠨ ᠵᠣᠭᠤᠰ ᠣᠯᠣᠨ᠎ᠠ ᠦᠦ︖ ᠬᠢᠴᠢᠶᠡ︕ ᠡᠨᠡ ᠤᠲᠠᠰᠤ ᠨᠡᠪᠲᠡᠷᠡᠪᠡᠯ᠂ ᠴᠢ ᠮᠡᠬᠡᠯᠡᠭᠴᠢ ᠶᠢᠨ ᠬᠠᠮᠰᠠᠭᠠᠲᠠᠨ ᠪᠣᠯᠬᠤ ᠮᠠᠭᠠᠳ︕ ᠣᠶᠢᠷ᠎ᠠ ᠳᠤ ᠵᠢᠶᠠᠩᠰᠦ ᠮᠤᠵᠢ ᠶᠢᠨ ᠷᠤ᠋ ᠳ᠋ᠦᠩ ᠰᠢᠶᠠᠨ ᠤ ᠪᠠᠶᠢᠴᠠᠭᠠᠬᠤ ᠬᠤᠷᠢᠶ᠎ᠠ ᠠᠴᠠ ᠠᠯᠪᠠᠨ ᠵᠠᠭᠠᠯᠳᠤᠯᠭ᠎ᠠ ᠭᠠᠷᠭᠠᠭᠰᠠᠨ ᠭᠠᠷ ᠤᠲᠠᠰᠤ ᠶᠢ ᠠᠰᠢᠭᠯᠠᠨ ᠮᠡᠬᠡᠯᠡᠭᠴᠢ ᠳᠤ ᠮᠡᠳᠡᠭᠡ ᠬᠤᠯᠪᠣᠭᠠᠨ ᠤ ᠦᠶᠯᠡᠴᠢᠯᠡᠭᠡ ᠬᠠᠩᠭᠠᠭᠰᠠᠨ ᠬᠡᠷᠡᠭ ᠤᠨ ᠲᠠᠰᠤᠯᠤᠯᠲᠠ ᠶᠢ ᠨᠡᠶᠢᠲᠡᠯᠡᠪᠡ᠂ ᠵᠠᠭᠠᠯᠳᠤᠭᠳᠠᠭᠴᠢ ᠯᠢ ᠣᠪᠣᠭᠲᠤ᠂ ᠬᠤᠸᠠᠩ ᠣᠪᠣᠭᠲᠤ ᠶᠢ ᠮᠡᠬᠡᠯᠡᠭᠰᠡᠨ ᠶᠠᠯ᠎ᠠ ᠬᠢᠭᠰᠡᠨ ᠠᠴᠠ ᠪᠣᠯᠵᠣ ᠲᠤᠰ ᠲᠤᠰ ᠬᠤᠶᠠᠷ ᠵᠢᠯ ᠦᠨ ᠭᠠᠳᠠᠨ᠎ᠠ ᠵᠢᠷᠭᠤᠭᠠᠨ ᠰᠠᠷ᠎ᠠ᠂ ᠨᠢᠭᠡ ᠵᠢᠯ ᠤᠨ ᠭᠠᠳᠠᠨ᠎ᠠ ᠵᠢᠷᠭᠤᠭᠠᠨ ᠰᠠᠷ᠎ᠠ ᠤᠨ ᠬᠤᠭᠤᠴᠠᠭ᠎ᠠ ᠲᠠᠢ ᠬᠤᠷᠢᠬᠤ ᠡᠷᠡᠭᠦᠦ ᠣᠨᠣᠭᠳᠠᠭᠤᠯᠤᠨ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠪᠡ᠃
2023 ᠣᠨ ᠤ 12 ᠰᠠᠷ᠎ᠠ ᠶᠢᠨ ᠡᠬᠢᠨ ᠪᠠᠷ᠂ ᠯᠢ ᠣᠪᠣᠭᠲᠤ ᠪᠤᠰᠤᠳ ᠲᠠᠢ ᠬᠠᠮᠲᠤᠷᠠᠨ ᠨᠢᠭᠡᠨ ᠪᠠᠭᠤᠳᠠᠯ ᠳᠤ ᠮᠡᠬᠡᠯᠡᠭᠴᠢ ᠶᠢ ᠬᠠᠪᠰᠤᠷᠤᠨ ᠮᠡᠬᠡᠯᠡᠯ ᠶᠠᠪᠤᠭᠤᠯᠵᠤ᠂ ᠨᠢᠭᠡ ᠭᠠᠷ ᠤᠲᠠᠰᠤ ᠪᠠᠷ ᠮᠡᠬᠡᠯᠡᠭᠴᠢ ᠳᠤ ᠤᠲᠠᠰᠤᠳᠠᠵᠤ᠂ ᠨᠥᠭᠦᠭᠡ ᠨᠢᠭᠡ ᠭᠠᠷ ᠤᠲᠠᠰᠤ ᠪᠠᠷ ᠮᠡᠬᠡᠯᠡᠭᠴᠢ ᠶᠢᠨ ᠬᠠᠩᠭᠠᠭᠰᠠᠨ ᠬᠤᠤᠷᠯᠠᠭᠳᠠᠭᠴᠢ ᠶᠢᠨ ᠤᠲᠠᠰᠤ ᠶᠢ ᠤᠲᠠᠰᠤᠳᠠᠵᠤ᠂ ᠬᠤᠶᠠᠷ ᠭᠠᠷ ᠤᠲᠠᠰᠤ ᠨᠢ ᠲᠠᠭᠤ ᠲᠣᠮᠣᠷᠠᠭᠤᠯᠤᠭᠴᠢ ᠶᠢ ᠵᠡᠷᠭᠡ ᠪᠠᠷ ᠨᠡᠭᠡᠭᠡᠵᠦ᠂ ᠮᠡᠬᠡᠯᠡᠭᠴᠢ ᠶᠢᠨ ᠬᠤᠤᠷᠯᠠᠭᠳᠠᠭᠴᠢ ᠲᠠᠢ ᠰᠢᠭᠤᠳ ᠤᠲᠠᠰᠤ ᠪᠠᠷ ᠶᠠᠷᠢᠯᠴᠠᠬᠤ ᠶᠢ ᠪᠡᠶᠡᠯᠡᠭᠦᠯᠪᠡ ︵ᠲᠣᠰ ᠮᠡᠬᠡᠯᠡᠯ ᠤᠨ ᠲᠥᠷᠥᠯ ᠢ ︽ᠭᠠᠷ ᠤᠲᠠᠰᠤᠨ ᠤ ᠵᠠᠯᠭᠠᠭᠤᠷ︾ ᠭᠡᠳᠡᠭ︶᠃ ᠲᠤᠬᠠᠶ ᠶᠢᠨ ᠡᠳᠦᠷ᠂ ᠬᠤᠤᠷᠯᠠᠭᠳᠠᠭᠴᠢ ᠡᠤ ᠣᠪᠣᠭᠲᠤ ᠤᠲᠠᠰᠤ ᠲᠤᠰᠴᠤ᠂ ᠮᠡᠬᠡᠯᠡᠭᠴᠢ ᠳᠤ ᠰᠠᠶᠢᠨ ᠨᠠᠶᠢᠵᠠ ᠨᠡᠮᠡᠭᠦᠯᠬᠦ ᠪᠠᠷ ᠬᠦᠲᠦᠯᠦᠭᠳᠦᠭᠰᠡᠨ ᠪᠥᠭᠡᠳ ᠬᠤᠯᠪᠣᠭᠳᠠᠯ ᠪᠥᠬᠦᠶ App ᠶᠢ ᠪᠠᠭᠤᠯᠭᠠᠵᠤ᠂ ᠡᠴᠦᠰ ᠲᠡᠭᠡᠨ 11 ᠲᠦᠮᠡ ᠭᠠᠷᠤᠶ ᠲᠥᠭᠦᠷᠢᠭ ᠮᠡᠬᠡᠯᠡᠭᠦᠯᠪᠡ᠃
       ᠡᠨᠡ ᠵᠢᠯ ᠤᠨ 2 ᠰᠠᠷ᠎ᠠ ᠳᠤ ᠯᠢ ᠣᠪᠣᠭᠲᠤ᠂ ᠬᠤᠸᠠᠩ ᠣᠪᠣᠭᠲᠤ ᠶᠢ ᠪᠠᠷᠢᠪᠴᠢᠯᠠᠪᠠ᠃ ᠯᠢ ᠣᠪᠣᠭᠲᠤ ᠶᠢᠨ ᠥᠴᠢᠭᠯᠡᠯᠲᠡ ᠶᠢ ᠦᠨᠳᠦᠰᠦᠯᠡᠪᠡᠯ᠂ 2023 ᠣᠨ ᠳᠤ ᠲᠡᠷᠡ ᠨᠢᠭᠡᠨ ᠨᠡᠶᠢᠭᠡᠮ ᠤᠨ ᠬᠠᠷᠢᠯᠴᠠᠭᠠᠨ ᠤ ᠲᠠᠪᠴᠠᠩ ᠠᠴᠠ ᠠᠵᠢᠯ ᠡᠷᠢᠬᠦ ᠳᠡᠭᠡᠨ ︽ᠥᠨᠳᠥᠷ ᠴᠠᠯᠢᠩ︾ ᠲᠠᠢ ᠲᠤᠰᠢᠶᠠᠯ ᠬᠠᠪᠰᠤᠷᠭᠠᠭᠰᠠᠨ ᠠᠵᠢᠯ ᠪᠠᠶᠢᠬᠤ ᠶᠢ ᠣᠯᠵᠤ ᠦᠵᠡᠪᠡ᠃ ᠲᠡᠭᠡᠭᠡᠳ ᠲᠡᠷᠡ ᠲᠤᠷᠰᠢᠵᠤ ᠦᠵᠡᠬᠦ ᠪᠣᠳᠣᠯ ᠡᠪᠦᠷᠯᠡᠨ᠂ ᠨᠥᠭᠦᠭᠡ ᠡᠲᠡᠭᠡᠳ ᠲᠡᠭᠡᠨ ᠦᠭᠡ ᠦᠯᠡᠳᠡᠭᠡᠭᠰᠡᠨ ᠤ ᠳᠠᠷᠠᠭ᠎ᠠ ᠳᠡᠭᠡᠳᠦ ᠤᠷᠤᠰᠬᠠᠯ ᠤᠨ ᠴᠠᠬᠢᠯᠭᠠᠨ ᠬᠤᠯᠪᠣᠭᠠᠨ ᠤ ᠮᠡᠬᠡᠯᠡᠭᠴᠢ ᠴᠧᠨ ᠣᠪᠣᠭᠲᠤ ᠲᠠᠢ ᠬᠤᠯᠪᠣᠭᠳᠠᠪᠠ ︵ᠪᠡᠶ᠎ᠡ ᠬᠡᠮ ᠨᠢ ᠨᠠᠷᠢᠨ ᠲᠣᠳᠣᠷᠬᠠᠶ ᠥᠬᠡᠶ︶᠃ ᠡᠭᠦᠨ ᠡᠴᠡ ᠰᠡᠭᠦᠯᠡᠷ᠂ ᠴᠧᠨ ᠣᠪᠣᠭᠲᠤ ᠤᠳᠠᠭ᠎ᠠ ᠪᠦᠷᠢ ᠬᠡᠷᠡᠭ ᠬᠢᠬᠦ ᠠᠴᠠ ᠪᠠᠨ ᠡᠮᠦᠨ᠎ᠡ ᠴᠥᠮ ᠯᠢ ᠣᠪᠣᠭᠲᠤ ᠶᠢ ᠠᠳᠠᠯᠢ ᠪᠤᠰᠤ ᠵᠣᠭᠤᠭᠳᠠᠬᠤ ᠪᠦᠯᠬᠦᠮ ᠳᠤ ᠲᠠᠲᠠᠵᠤ ᠤᠷᠤᠭᠤᠯᠳᠠᠭ᠂ ᠪᠦᠯᠬᠦᠮ ᠤᠨ ᠳᠣᠲᠣᠷᠠᠬᠢ ᠮᠡᠬᠡᠯᠡᠭᠴᠢ ᠶᠢᠨ ᠲᠤᠬᠢᠷᠠᠭᠤᠯᠤᠯᠳᠡ ᠪᠠᠷ᠂ ᠯᠢ ᠣᠪᠣᠭᠲᠤ ᠥᠪᠡᠷ ᠢᠶᠠᠨ ᠪᠤᠶᠤ ᠪᠤᠰᠤᠳ ᠬᠥᠮᠦᠨ ᠢ ᠡᠯᠰᠡᠨ ᠵᠣᠬᠢᠶᠠᠨ ᠪᠠᠶᠢᠭᠤᠯᠵᠤ ᠭᠠᠷ ᠤᠲᠠᠰᠤ ᠶᠢ ᠠᠰᠢᠭᠯᠠᠨ ᠮᠡᠬᠡᠯᠡᠭᠴᠢ ᠳᠤ ᠮᠡᠳᠡᠭᠡ ᠬᠤᠯᠪᠣᠭᠠᠨ ᠤ ᠦᠢᠯᠡᠴᠢᠯᠡᠭᠡ ᠬᠠᠩᠭᠠᠵᠤ᠂ ᠦᠢᠯᠡᠴᠢᠯᠡᠭᠡᠨ ᠤ ᠤᠷᠲᠤ ᠣᠬᠤᠷ ᠢᠶᠠᠷ ᠬᠠᠷᠠᠮᠵᠢ ᠣᠯᠳᠠᠭ᠃ ᠬᠤᠸᠠᠩ ᠣᠪᠣᠭᠲᠤ ᠯᠢ ᠣᠪᠣᠭᠲᠤ ᠳᠤ ᠥᠪᠡᠷ ᠤᠨ ᠭᠠᠷ ᠤᠲᠠᠰᠤ ᠪᠠᠨ ᠬᠠᠩᠭᠠᠭᠰᠠᠨ ᠢᠶᠠᠷ ᠪᠠᠷᠠᠬᠤ ᠦᠭᠡᠢ ᠪᠠᠰᠠ ᠯᠢ ᠣᠪᠣᠭᠲᠤ ᠳᠤ ᠭᠠᠷ ᠤᠲᠠᠰᠤ ᠬᠠᠩᠭᠠᠬᠤ ᠬᠥᠮᠦᠨ ᠢ ᠣᠯᠵᠤ ᠥᠭᠭᠦᠭᠰᠡᠨ ᠪᠠᠶᠢᠨ᠎ᠠ᠃ ᠰᠡᠭᠦᠯᠡᠷ ᠨᠢ ᠬᠤᠸᠠᠩ ᠣᠪᠣᠭᠲᠤ ᠨᠡᠩ ᠴᠤ ᠪᠤᠰᠤᠳ ᠲᠠᠢ ᠬᠤᠷᠰᠢᠵᠤ᠂ ᠯᠢ ᠣᠪᠣᠭᠲᠤ ᠠᠴᠠ ᠰᠢᠷᠪᠢᠬᠦ ᠺᠣᠳ᠋ ᠢ ᠣᠯᠵᠤ ᠵᠣᠭᠤᠭᠳᠠᠬᠤ ᠪᠦᠯᠬᠦᠮ ᠳᠤ ᠣᠷᠣᠵᠤ᠂ ᠬᠦᠮᠦᠨ ᠡᠯᠰᠡᠨ᠂ ᠵᠣᠬᠢᠶᠠᠨ ᠪᠠᠶᠢᠭᠤᠯᠵᠤ ᠬᠠᠪᠰᠤᠷᠤᠨ ᠮᠡᠬᠡᠯᠡᠭᠡᠳ᠂ ᠳᠤᠮᠳᠠ ᠠᠴᠠ ᠨᠢ ᠵᠣᠭᠤᠰ ᠬᠤᠨᠵᠢᠭᠰᠠᠨ ᠪᠠᠶᠢᠨ᠎ᠠ᠃ ᠯᠢ ᠣᠪᠣᠭᠲᠤ ᠮᠡᠬᠡᠯᠡᠭᠴᠢ ᠲᠠᠢ ᠬᠠᠷᠢᠯᠴᠠᠵᠤ᠂ ᠠᠰᠢᠭ ᠣᠯᠵᠠ ᠬᠤᠪᠢᠶᠠᠯᠴᠠᠬᠤ᠂ ᠬᠤᠪᠢᠳᠠᠯ ᠥᠭᠬᠦ ᠶᠢ ᠬᠠᠷᠢᠭᠤᠴᠠᠵᠤ ᠪᠠᠶᠢᠪᠠ᠃ ᠬᠢᠨᠠᠨ ᠪᠠᠶᠢᠴᠠᠭᠠᠭᠰᠠᠨ ᠢᠶᠠᠷ᠂ 2023 ᠣᠨ ᠤ 12 ᠰᠠᠷ᠎ᠠ ᠠᠴᠠ 2024 ᠣᠨ ᠤ 1 ᠰᠠᠷ᠎ᠠ ᠪᠣᠯᠲᠠᠯᠠᠬᠢ ᠬᠤᠭᠤᠴᠠᠭᠠᠨ ᠳᠤ᠂ ᠯᠢ ᠣᠪᠣᠭᠲᠤ᠂ ᠬᠤᠸᠠᠩ ᠣᠪᠣᠭᠲᠤ ᠳᠡᠭᠡᠷ᠎ᠡ ᠳᠤᠷᠠᠳᠤᠭᠰᠠᠨ ᠠᠷᠭ᠎ᠠ ᠮᠠᠶ᠋ᠢᠭ ᠢᠶᠠᠷ ᠮᠡᠬᠡᠯᠡᠭᠴᠢ ᠶᠢ ᠬᠠᠪᠰᠤᠷᠤᠨ ᠨᠡᠶᠢᠲᠡ 5 ᠬᠥᠮᠦᠨ ᠢ ᠮᠡᠬᠡᠯᠡᠵᠦ᠂ ᠵᠣᠭᠤᠰ ᠤᠨ ᠲᠤᠭ᠎ᠠ ᠨᠢ 30 ᠭᠠᠷᠤᠶ ᠲᠦᠮᠡᠨ ᠲᠥᠭᠦᠷᠢᠭ ᠲᠤ ᠬᠦᠷᠴᠡᠶ᠃
       ᠷᠤ᠋ ᠳ᠋ᠦᠩ ᠰᠢᠶᠠᠨ ᠤ ᠪᠠᠶᠢᠴᠠᠭᠠᠬᠤ ᠬᠤᠷᠢᠶᠠᠨ ᠤ ᠦᠵᠡᠬᠦ ᠪᠠᠷ᠂ ᠯᠢ ᠣᠪᠣᠭᠲᠤ᠂ ᠬᠤᠸᠠᠩ ᠣᠪᠣᠭᠲᠤ ᠪᠤᠰᠤᠳ ᠬᠥᠮᠦᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠬᠢᠵᠦ ᠪᠠᠶᠢᠬᠤ ᠶᠢ ᠲᠣᠳᠣᠷᠬᠠᠢ ᠮᠡᠳᠡᠵᠤ ᠪᠠᠶᠢᠭᠠᠳ ᠮᠥᠨ ᠯᠡ ᠮᠡᠳᠡᠭᠡ ᠬᠤᠯᠪᠣᠭᠠᠨ ᠤ ᠬᠠᠪᠰᠤᠷᠤᠯᠭ᠎ᠠ ᠬᠠᠩᠭᠠᠵᠤ᠂ ᠲᠡᠳᠡᠨ ᠤ ᠦᠢᠯᠡ ᠠᠵᠢᠯᠯᠠᠭ᠎ᠠ ᠨᠢ ᠮᠡᠬᠡᠯᠡᠭᠰᠡᠨ ᠬᠠᠮ ᠭᠡᠷᠡᠭᠳᠡᠨ ᠳᠤ ᠲᠣᠭᠠᠴᠠᠭᠳᠠᠨ᠎ᠠ᠂ ᠰᠡᠭᠦᠯᠡᠷ ᠨᠢ ᠬᠤᠶᠠᠭᠤᠯᠠ ᠮᠡᠬᠡᠯᠡᠭᠰᠡᠨ ᠶᠠᠯ᠎ᠠ ᠪᠠᠷ ᠰᠡᠵᠢᠭᠯᠡᠭᠳᠡᠭᠰᠡᠨ ᠢᠶᠡᠷ ᠪᠠᠶᠢᠴᠠᠭᠠᠬᠤ ᠪᠠᠶᠢᠭᠤᠯᠭ᠎ᠠ ᠠᠴᠠ ᠠᠯᠪᠠᠨ ᠵᠠᠭᠠᠯᠳᠤᠯᠭ᠎ᠠ ᠭᠠᠷᠭᠠᠪᠠ᠃ ᠣᠶᠢᠷ᠎ᠠ ᠳᠤ᠂ ᠰᠢᠭᠦᠬᠦ ᠬᠤᠷᠢᠶ᠎ᠠ ᠬᠠᠤᠯᠢ ᠶᠣᠰᠣᠭᠠᠷ ᠳᠡᠭᠡᠷ᠎ᠡ ᠳᠤᠷᠠᠳᠤᠭᠰᠠᠨ ᠲᠠᠰᠤᠯᠤᠯᠲᠠ ᠶᠢ ᠭᠠᠷᠭᠠᠵᠠᠢ᠃
   

 

ᠢᠷᠡᠯᠲᠡ
ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro