ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠠᠶᠢᠴᠠᠭᠠᠬᠤ  ᠪᠠᠶᠢᠭᠤᠯᠭ᠎ᠠ ᠶᠢᠨ ᠥᠨᠳᠥᠷ ᠶᠠᠰᠤ ᠴᠢᠨᠠᠷ ᠲᠠᠶ ᠦᠷ᠎ᠡ ᠪᠦᠲᠦᠮᠵᠢ ᠲᠡᠶ ᠪᠡᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠣᠨ  ᠦ ︽ᠬᠠᠷᠢᠭᠤᠯᠲᠠ  ᠶᠢᠨ ᠬᠠᠭᠤᠳᠠᠰᠤ︾  ᠶᠢ ᠰᠠᠶᠢᠲᠤᠷ ᠪᠢᠴᠢᠨ᠎ᠡ

2025-02-27 09:08:25
ᠵᠣᠬᠢᠶᠠᠭᠴᠢ
ᠭᠥᠸᠧ ᠶᠠᠨ ᠮᠧᠢ

 

ᠠᠷᠠᠳ  ᠤᠨ ᠳᠡᠭᠡᠳᠦ ᠪᠠᠶᠢᠴᠠᠭᠠᠬᠤ ᠬᠣᠷᠢᠶᠠᠨ  ᠤ ᠨᠠᠮ  ᠤᠨ ᠤᠳᠤᠷᠢᠳᠬᠤ ᠳᠤᠭᠤᠶᠢᠯᠠᠩ   ᠤᠨ ᠬᠤᠷᠠᠯ ᠠᠴᠠ ᠠᠷᠠᠳ  ᠤᠨ ᠳᠡᠭᠡᠳᠦ ᠪᠠᠶᠢᠴᠠᠭᠠᠬᠤ ᠬᠣᠷᠢᠶᠠᠨ  ᠤ ᠠᠵᠢᠯ  ᠤᠨ ᠢᠯᠡᠳᠬᠡᠯ  ᠤᠨ ᠨᠣᠣᠷᠠᠭ  ᠢ ᠶᠠᠷᠢᠯᠴᠠᠪᠠ

 ᠪᠠᠶᠢᠴᠠᠭᠠᠬᠤ ᠠᠵᠢᠯ  ᠤᠨ ᠥᠭᠡᠷᠡᠴᠢᠯᠡᠯᠲᠡ  ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ

ᠶᠢᠩ  ᠶᠥᠩ  ᠠᠴᠠ ᠬᠠᠥᠯᠢ ᠪᠠᠷ ᠵᠠᠰᠠᠬᠤ ᠵᠠᠮ  ᠢᠶᠠᠷ ᠪᠠᠶᠢᠴᠠᠭᠠᠬᠤ ᠠᠵᠢᠯ  ᠤᠨ ᠥᠭᠡᠷᠡᠴᠢᠯᠡᠯᠲᠡ  ᠶᠢ ᠴᠢᠨᠠᠭᠰᠢᠳᠠ ᠭᠦᠨᠵᠡᠭᠡᠶᠢᠷᠡᠭᠦᠯᠬᠦ  ᠶᠢ ᠪᠠᠷᠢᠮᠲᠠᠯᠠᠵᠤ ᠂ ᠨᠠᠮ  ᠤᠨ ᠪᠠᠶᠢᠴᠠᠭᠠᠬᠤ ᠦᠢᠯᠡᠰ  ᠤᠨ ᠦᠷᠭᠦᠯᠵᠢᠯᠡᠨ ᠴᠢᠨᠠᠷ ᠰᠠᠶᠢᠲᠠᠢ ᠬᠥᠭᠵᠢᠬᠦ  ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ

 

2 ᠰᠠᠷ᠎ᠠ  ᠶᠢᠨ 7  ᠦ ᠡᠳᠦᠷ ᠂ ᠠᠷᠠᠳ  ᠤᠨ ᠳᠡᠭᠡᠳᠦ ᠪᠠᠶᠢᠴᠠᠭᠠᠬᠤ ᠬᠣᠷᠢᠶ᠎ᠠ ᠵᠢᠨ ᠨᠠᠮ  ᠤᠨ ᠤᠳᠤᠷᠢᠳᠬᠤ ᠳᠤᠭᠤᠶᠢᠯᠠᠩ  ᠤᠨ ᠬᠤᠷᠠᠯ ᠬᠤᠷᠠᠯᠳᠤᠭᠤᠯᠵᠤ ᠂ ᠶᠡᠷᠦᠩᠬᠡᠶ ᠱᠦᠵᠢ ᠰᠢ  ᠵᠢᠨ ᠫᠢᠩ  ᠤᠨ ᠣᠶᠢᠷ᠎ᠠ  ᠶᠢᠨ ᠬᠤᠭᠤᠴᠠᠭᠠᠨ  ᠦ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠣᠯᠠᠪᠤᠷᠢ  ᠶᠢᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ ᠂  ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ  ᠶᠢ ᠰᠤᠳᠤᠯᠪᠠ︔ ᠠᠷᠪᠠᠨ ᠳᠥᠷᠪᠡᠳᠦᠭᠡᠷ ᠬᠤᠭᠤᠴᠠᠭᠠᠨ  ᠤ ᠪᠦᠬᠦ ᠤᠯᠤᠰ  ᠤᠨ ᠠᠷᠠᠳ  ᠤᠨ ᠲᠥᠯᠥᠭᠡᠯᠡᠭᠴᠢᠳ  ᠤᠨ ᠶᠡᠬᠡ ᠬᠤᠷᠠᠯ  ᠤᠨ ᠭᠤᠷᠪᠠᠳᠤᠭᠠᠷ ᠬᠤᠷᠠᠯᠳᠤᠭᠠᠨ  ᠳᠤ ᠳᠡᠪᠰᠢᠭᠦᠯᠦᠨ ᠬᠢᠨᠠᠨ ᠶᠠᠷᠢᠯᠴᠠᠭᠤᠯᠬᠤ ᠪᠠᠷ ᠪᠠᠶᠢᠭ᠎ᠠ ᠠᠷᠠᠳ  ᠤᠨ ᠳᠡᠭᠡᠳᠦ ᠪᠠᠶᠢᠴᠠᠭᠠᠬᠤ ᠬᠣᠷᠢᠶᠠᠨ  ᠤ ᠠᠵᠢᠯ  ᠤᠨ ᠮᠡᠳᠡᠭᠦᠯᠦᠯᠲᠡ  ᠶᠢ ᠶᠠᠷᠢᠯᠴᠠᠵᠤ᠂ 2024 ᠣᠨ  ᠤ ᠪᠠᠶᠢᠴᠠᠭᠠᠬᠤ ᠠᠵᠢᠯ  ᠤᠨ ᠥᠭᠡᠷᠡᠴᠢᠯᠡᠯᠲᠡ  ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠵᠢᠯ  ᠤᠨ ᠪᠠᠶᠢᠳᠠᠯ  ᠤᠨ ᠮᠡᠳᠡᠭᠦᠯᠦᠯᠲᠡ  ᠶᠢ ᠰᠣᠨᠣᠰᠴᠤ᠂ ︽ᠠᠷᠠᠳ  ᠤᠨ ᠪᠠᠶᠢᠴᠠᠭᠠᠬᠤ ᠬᠣᠷᠢᠶᠠᠨ  ᠤ ᠬᠡᠷᠡᠭ  ᠤᠨ ᠶᠠᠰᠤ ᠴᠢᠨᠠᠷ    ᠢ ᠪᠠᠶᠢᠴᠠᠭᠠᠬᠤ ᠪᠠ ᠦᠨᠡᠯᠡᠨ ᠪᠠᠶᠢᠴᠠᠭᠠᠬᠤ ᠠᠵᠢᠯ  ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾  ᠶᠢ ᠬᠢᠨᠠᠨ ᠶᠠᠷᠢᠯᠴᠠᠵᠤ᠂ ᠬᠣᠯᠪᠣᠭᠳᠠᠯ ᠪᠦᠬᠦᠢ ᠠᠵᠢᠯ  ᠢ ᠪᠠᠶᠢᠷᠢᠯᠠᠭᠤᠯᠪᠠ᠃ ᠠᠷᠠᠳ  ᠤᠨ ᠳᠡᠭᠡᠳᠦ ᠪᠠᠶᠢᠴᠠᠭᠠᠬᠤ ᠬᠣᠷᠢᠶᠠᠨ  ᠤ ᠨᠠᠮ  ᠤᠨ ᠤᠳᠤᠷᠢᠳᠬᠤ ᠳᠤᠭᠤᠶᠢᠯᠠᠩ  ᠤᠨ ᠱᠦᠵᠢ ᠂ ᠪᠠᠶᠢᠴᠠᠭᠠᠬᠤ ᠳᠠᠷᠤᠭ᠎ᠠ ᠶᠢᠩ ᠶᠦᠩ ᠬᠤᠷᠠᠯ ᠡᠷᠭᠢᠯᠡᠭᠰᠡᠨ ᠪᠥᠭᠡᠳ ᠴᠢᠬᠤᠯᠠᠴᠢᠯᠠᠭᠰᠠᠨ ᠨᠢ᠄ ᠰᠢ  ᠵᠢᠨ ᠫᠢᠩ   ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ  ᠲᠠᠶ ᠨᠡᠶᠢᠭᠡᠮ ᠵᠢᠷᠤᠮ  ᠤᠨ ᠦᠵᠡᠯ ᠰᠠᠨᠠᠭ᠎ᠠ ᠪᠠᠷ ᠵᠢᠯᠣᠭᠣᠳᠣᠯᠭ᠎ᠠ ᠪᠣᠯᠭᠠᠬᠤ  ᠶᠢ ᠪᠠᠷᠢᠮᠲᠠᠯᠠᠵᠤ ᠂ ᠪᠦᠬᠦ ᠶᠠᠪᠤᠴᠠ  ᠶᠢᠨ ᠠᠷᠠᠳ  ᠤᠨ ᠠᠷᠠᠳᠴᠢᠯᠠᠯ  ᠢ ᠭᠦᠨᠵᠡᠭᠡᠶ ᠦᠢᠯᠡᠳᠦᠯᠭᠡᠵᠢᠭᠦᠯᠵᠦ ᠂  ᠠᠷᠠᠳ ᠲᠦᠮᠡᠨ  ᠤ ᠬᠢᠨᠠᠯᠲᠠ  ᠶᠢ ᠤᠬᠠᠮᠰᠠᠷ  ᠡᠴᠡ ᠪᠠᠨ ᠬᠦᠯᠢᠶᠡᠵᠦ ᠂ ᠰᠢ  ᠵᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ  ᠶᠢ ᠠᠬᠢᠭᠤᠯᠬᠤ ᠪᠠᠶᠢᠴᠠᠭᠠᠬᠤ ᠦᠢᠯᠡᠳᠦᠯᠭᠡ  ᠶᠢ ᠣᠨᠢᠯᠠᠵᠤ ᠂ ᠬᠠᠤᠯᠢ ᠪᠠᠷ ᠵᠠᠰᠠᠬᠤ ᠵᠠᠮ ᠳᠡᠭᠡᠷ᠎ᠡ ᠪᠠᠶᠢᠴᠠᠭᠠᠬᠤ ᠠᠵᠢᠯ  ᠤᠨ ᠥᠭᠡᠷᠡᠴᠢᠯᠡᠯᠲᠡ  ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠥᠭᠡᠷᠡᠴᠢᠯᠡᠯᠲᠡ  ᠳᠦ ᠲᠦᠰᠢᠭᠯᠡᠨ ᠲᠣᠭᠲᠠᠴᠠ  ᠶᠢ ᠪᠦᠷᠢᠨᠰᠢᠬᠦᠯᠬᠦ᠂ ᠲᠦᠷᠢᠮ  ᠢ ᠲᠡᠭᠦᠯᠳᠡᠷᠵᠢᠭᠦᠯᠬᠦ᠂ ᠠᠵᠢᠯ  ᠢ ᠲᠦᠯᠬᠢᠨ ᠠᠬᠢᠭᠤᠯᠵᠤ᠂ ︽ᠬᠡᠷᠡᠭ ᠨᠢᠭᠡᠪᠦᠷᠢ  ᠶᠢ ᠴᠢᠨᠠᠷ ᠰᠠᠶᠢᠲᠠᠶ ᠦᠷ᠎ᠡ ᠪᠦᠲᠦᠮᠵᠢᠲᠡᠶ ᠪᠡᠷ ᠰᠠᠶᠢᠲᠤᠷ ᠰᠢᠶᠳᠪᠦᠷᠢᠯᠡᠬᠦ︾  ᠶᠢ ᠤᠯᠠᠮ ᠨᠢᠭᠡ ᠠᠯᠬᠤᠮ ᠠᠬᠢᠭᠤᠯᠵᠤ᠂ ᠪᠠᠶᠢᠴᠠᠭᠠᠬᠤ ᠪᠠᠶᠢᠭᠤᠯᠭ᠎ᠠ  ᠶᠢᠨ ᠬᠠᠤᠯᠢ ᠴᠠᠭᠠᠵᠠ  ᠶᠢᠨ ᠬᠢᠨᠠᠯᠲᠠ  ᠶᠢᠨ ᠶᠠᠰᠤ ᠴᠢᠨᠠᠷ ᠦᠷ᠎ᠡ ᠪᠦᠲᠦᠮᠵᠢ ᠪᠠ ᠬᠢᠷᠢ ᠲᠦᠪᠰᠢᠨ  ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠠᠮ  ᠤᠨ ᠪᠠᠶᠢᠴᠠᠭᠠᠬᠤ ᠦᠢᠯᠡᠰ   ᠤᠨ ᠦᠷᠭᠦᠯᠵᠢᠯᠡᠨ ᠴᠢᠨᠠᠷ ᠰᠠᠶᠢᠲᠠᠶ ᠬᠥᠭᠵᠢᠬᠦ  ᠶᠢ ᠲᠦᠯᠬᠢᠨ ᠠᠬᠢᠭᠤᠯᠤᠨ᠎ᠠ ᠭᠡᠵᠡᠢ᠃ 

ᠬᠤᠷᠠᠯ  ᠡᠴᠡ ᠵᠢᠭᠠᠵᠤ ᠭᠠᠷᠭᠠᠭᠰᠠᠨ ᠨᠢ ᠂ ᠪᠦᠭᠦ ᠤᠯᠤᠰ  ᠤᠨ ᠠᠷᠠᠳ  ᠤᠨ ᠲᠥᠯᠥᠭᠡᠯᠡᠭᠴᠢᠳ  ᠤᠨ ᠶᠡᠬᠡ ᠬᠤᠷᠠᠯ  ᠳᠤ ᠠᠵᠢᠯ   ᠢᠶᠡᠨ ᠮᠡᠳᠡᠭᠦᠯᠬᠦ ᠪᠣᠯ ᠠᠷᠠᠳ  ᠤᠨ ᠳᠡᠭᠡᠳᠦ ᠪᠠᠶᠢᠴᠠᠭᠠᠬᠤ ᠬᠣᠷᠢᠶᠠᠨ  ᠤ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠮᠥᠨ ᠂ ᠪᠠᠰᠠ ᠴᠤ ᠪᠠᠶᠢᠴᠠᠭᠠᠬᠤ ᠪᠠᠶᠢᠭᠤᠯᠭ᠎ᠠ  ᠶᠢᠨ ᠠᠷᠠᠳ ᠲᠦᠮᠡᠨ ᠦ ᠬᠢᠨᠠᠯᠲᠠ  ᠶᠢ ᠤᠬᠠᠮᠰᠠᠷ  ᠡᠴᠡ ᠪᠠᠨ ᠬᠦᠯᠢᠶᠡᠬᠦ ᠂ ᠰᠠᠨᠠᠯ  ᠢ ᠥᠷᠭᠡᠨ  ᠢᠶᠠᠷ ᠰᠣᠨᠣᠰᠬᠤ ᠂ ᠪᠠᠶᠢᠴᠠᠭᠠᠬᠤ ᠠᠵᠢᠯ  ᠢ ᠨᠡᠩ ᠰᠠᠶᠢᠲᠤᠷ ᠠᠬᠢᠭᠤᠯᠬᠤ ᠴᠢᠬᠤᠯᠠ ᠠᠷᠭ᠎ᠠ ᠵᠠᠮ ᠮᠥᠨ ᠃ ᠰᠢ  ᠵᠢᠨ ᠫᠢᠩ  ᠤᠨ ᠬᠠᠥᠯᠢ ᠪᠠᠷ ᠵᠠᠰᠠᠬᠤ ᠦᠵᠡᠯ ᠰᠠᠨᠠᠭᠠᠨ  ᠤ ᠵᠢᠯᠣᠭᠣᠳᠣᠯᠭ᠎ᠠ ᠳᠣᠣᠷ᠎ᠠ ᠂ ᠨᠠᠮ  ᠤᠨ ᠲᠥᠪ ᠬᠣᠷᠢᠶᠠᠨ  ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ  ᠶᠢ ᠪᠦᠬᠦ ᠲᠠᠯ᠎ᠠ ᠠᠷᠠᠳ ᠤᠯᠠᠨ  ᠤ ᠬᠠᠤᠯᠢ ᠪᠠᠷ ᠵᠠᠰᠠᠬᠤ  ᠶᠢᠨ ᠠᠩᠬᠠᠷᠤᠯ  ᠳᠦ ᠢᠳᠡᠪᠬᠢᠲᠡᠶ ᠪᠡᠷ ᠬᠠᠷᠢᠭᠤᠯᠲᠠ ᠥᠭᠴᠦ᠂ ᠥᠩᠭᠡᠷᠡᠭᠰᠡᠨ ᠨᠢᠭᠡ ᠵᠢᠯ   ᠤᠨ ᠪᠦᠬᠦ ᠤᠯᠤᠰ  ᠤᠨ ᠪᠠᠶᠢᠴᠠᠭᠠᠬᠤ ᠪᠠᠶᠢᠭᠤᠯᠭ᠎ᠠ  ᠶᠢᠨ ᠶᠡᠬᠡ ᠲᠠᠯ᠎ᠠ  ᠳᠦ ᠦᠢᠯᠡᠴᠢᠯᠡᠭᠰᠡᠨ᠂ ᠠᠷᠠᠳ  ᠤᠨ ᠲᠥᠯᠥᠭᠡ ᠬᠠᠤᠯᠢ ᠪᠠᠷᠢᠭᠰᠠᠨ᠂ ᠬᠠᠤᠯᠢ ᠪᠠᠷ ᠵᠠᠰᠠᠬᠤ  ᠶᠢᠨ ᠲᠥᠯᠥᠭᠡ ᠡᠭᠦᠷᠭᠡᠯᠡᠭᠰᠡᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠢᠯᠡᠳᠦᠯᠭᠡ ᠪᠠ ᠪᠣᠳᠠᠲᠠᠶ ᠦᠷ᠎ᠡ ᠪᠦᠲᠦᠮᠵᠢ  ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠪᠤᠰᠤᠳᠴᠢ ᠪᠠᠷ ᠳ᠋ᠦᠩᠨᠡᠵᠦ᠂ ᠰᠢᠨ᠎ᠡ ᠨᠢᠭᠡ ᠵᠢᠯ  ᠤᠨ ᠪᠠᠶᠢᠴᠠᠭᠠᠬᠤ ᠠᠵᠢᠯ  ᠤᠨ ᠭᠣᠣᠯ ᠡᠭᠦᠷᠭᠡ  ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠪᠠᠶᠢᠴᠠᠭᠠᠬᠤ ᠪᠠᠶᠢᠭᠤᠯᠭ᠎ᠠ  ᠶᠢᠨ ᠴᠢᠨᠠᠷ ᠰᠠᠶᠢᠲᠠᠶ ᠦᠷ᠎ᠡ ᠪᠦᠲᠦᠮᠵᠢ ᠲᠡᠶ ᠪᠡᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠣᠨ  ᠦ ︽ᠬᠠᠷᠢᠭᠤᠯᠲᠠ  ᠶᠢᠨ ᠬᠠᠭᠤᠳᠠᠰᠤ︾  ᠶᠢ ᠰᠠᠶᠢᠲᠤᠷ ᠪᠢᠴᠢᠵᠦ᠂ ᠠᠷᠠᠳ ᠲᠦᠮᠡᠨ  ᠤ ᠰᠢᠯᠭᠠᠨ ᠦᠵᠡᠬᠦ  ᠶᠢ ᠬᠦᠯᠢᠶᠡᠪᠡ᠃

ᠬᠤᠷᠠᠯ  ᠡᠴᠡ ᠦᠵᠡᠭᠰᠡᠨ ᠨᠢ ᠂ ᠥᠩᠭᠡᠷᠡᠭᠰᠡᠨ ᠨᠢᠭᠡ ᠵᠢᠯ  ᠳᠦ ᠂ ᠰᠢ  ᠵᠢᠨ ᠫᠢᠩ ᠨᠥᠬᠥᠷ  ᠢᠶᠡᠷ ᠭᠣᠣᠯ ᠪᠣᠯᠭᠠᠭᠰᠠᠨ ᠨᠠᠮ  ᠦᠨ ᠲᠥᠪ ᠬᠣᠷᠢᠶᠠᠨ  ᠦ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠠᠷᠠᠳ  ᠤᠨ ᠳᠡᠭᠡᠳᠦ ᠪᠠᠶᠢᠴᠠᠭᠠᠬᠤ ᠬᠣᠷᠢᠶᠠᠨ  ᠤ ᠨᠠᠮ  ᠤᠨ ᠤᠳᠤᠷᠢᠳᠬᠤ ᠳᠤᠭᠤᠶᠢᠯᠠᠩ ᠨᠠᠮ  ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ  ᠤ ᠲᠥᠪ ᠬᠣᠷᠢᠶᠠᠨ  ᠤ ᠭᠤᠷᠪᠠᠳᠤᠭᠠᠷ ᠪᠦᠭᠦᠳᠡ ᠬᠤᠷᠠᠯ  ᠤᠨ ᠵᠣᠷᠢᠭ ᠰᠠᠨᠠᠭ᠎ᠠ   ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠨᠠᠮ  ᠤᠨ ᠲᠥᠪ ᠬᠣᠷᠢᠶ᠎ᠠ ᠵᠢᠴᠢ ᠲᠥᠪ  ᠤᠨ ᠤᠯᠤᠰ ᠲᠥᠷᠥ ᠬᠠᠤᠯᠢ ᠴᠠᠭᠠᠵᠠ  ᠶᠢᠨ ᠬᠣᠷᠢᠶ᠎ᠠ  ᠶᠢᠨ ᠬᠠᠮᠢᠶ᠎ᠠ ᠪᠦᠬᠦᠢ ᠪᠠᠶᠢᠴᠠᠭᠠᠬᠤ ᠪᠠᠶᠢᠭᠤᠯᠭ᠎ᠠ  ᠳᠦ ᠬᠣᠯᠪᠣᠭᠳᠠᠬᠤ ᠥᠭᠡᠷᠡᠴᠢᠯᠡᠯᠲᠡ  ᠶᠢᠨ ᠡᠭᠦᠷᠭᠡ  ᠶᠢᠨ ᠨᠠᠶᠢᠳᠠᠪᠤᠷᠢᠵᠢᠭᠤᠯᠤᠯᠲᠠ  ᠶᠢ ︽ᠪᠠᠶᠢᠴᠠᠭᠠᠬᠤ ᠠᠵᠢᠯ  ᠤᠨ ᠥᠭᠡᠷᠡᠴᠢᠯᠡᠯᠲᠡ  ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠰᠢᠨ᠎ᠡ ᠴᠠᠭ ᠦᠶ᠎ᠡ  ᠶᠢᠨ ᠪᠠᠶᠢᠴᠠᠭᠠᠬᠤ ᠠᠵᠢᠯ  ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾  ᠢ ᠲᠣᠭᠲᠠᠭᠠᠨ ᠬᠡᠷᠡᠭᠵᠢᠭᠦᠯᠵᠦ᠂ ︽2023 — 2027 ᠣᠨ  ᠤ ᠪᠠᠶᠢᠴᠠᠭᠠᠬᠤ ᠠᠵᠢᠯ  ᠤᠨ ᠥᠭᠡᠷᠡᠴᠢᠯᠡᠯᠲᠡ  ᠶᠢᠨ ᠠᠵᠢᠯ  ᠤᠨ ᠲᠥᠯᠥᠪᠵᠢᠭᠦᠯᠭᠡ︾  ᠶᠢᠨ ᠨᠠᠶᠢᠳᠠᠪᠤᠷᠢᠵᠢᠭᠤᠯᠤᠯᠲᠠ  ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠲᠥᠪ ᠶᠣᠰᠣ  ᠶᠢ ᠰᠠᠬᠢᠵᠤ ᠰᠢᠨ᠎ᠡ  ᠶᠢ ᠡᠭᠦᠳᠬᠦ᠂ ᠤᠷᠢᠳᠠᠪᠠᠷ ᠪᠠᠶᠢᠭᠤᠯᠵᠤ ᠰᠡᠭᠦᠯᠡᠷ ᠡᠪᠳᠡᠬᠦ  ᠶᠢ ᠪᠠᠷᠢᠮᠲᠠᠯᠠᠵᠤ᠂ ᠪᠠᠶᠢᠴᠠᠭᠠᠬᠤ ᠠᠵᠢᠯ  ᠤᠨ ᠠᠯᠤᠰ ᠬᠡᠳᠦ  ᠳᠤ ᠬᠣᠯᠪᠣᠭᠳᠠᠬᠤ ᠵᠠᠷᠢᠮ ᠭᠣᠣᠯᠳᠠᠯᠭ᠎ᠠ ᠲᠠᠶ ᠪᠡᠷᠬᠡ ᠠᠰᠠᠭᠤᠳᠠᠯ  ᠢ ᠪᠦᠲᠦᠮᠵᠢᠲᠡᠶ ᠰᠢᠶᠳᠪᠦᠷᠢᠯᠡᠵᠦ᠂ ᠪᠠᠶᠢᠴᠠᠭᠠᠬᠤ ᠠᠵᠢᠯ  ᠤᠨ ᠥᠭᠡᠷᠡᠴᠢᠯᠡᠯᠲᠡ  ᠶᠢ ᠯᠠᠪᠳᠠᠭᠤᠨ  ᠢᠶᠠᠷ ᠲᠦᠯᠬᠢᠨ ᠠᠬᠢᠭᠤᠯᠵᠤ᠂ ᠨᠢᠭᠡ ᠪᠦᠯᠦᠭ ᠴᠢᠬᠤᠯᠠ ᠲᠦᠷᠢᠮ  ᠤᠨ ᠴᠢᠨᠠᠷᠲᠠᠶ ᠦᠷ᠎ᠡ ᠪᠦᠲᠦᠭᠡᠯ  ᠢ ᠪᠤᠢ ᠪᠣᠯᠭᠠᠪᠠ᠃

ᠬᠤᠷᠠᠯ  ᠡᠴᠡ ᠴᠢᠬᠤᠯᠠᠴᠢᠯᠠᠭᠰᠠᠨ ᠨᠢ ᠂ ᠥᠭᠡᠷᠡᠴᠢᠯᠡᠯᠲᠡ  ᠶᠢᠨ ᠢᠲᠡᠭᠡᠯ ᠵᠣᠷᠢᠭ  ᠢᠶᠡᠨ ᠪᠠᠲᠤᠳᠬᠠᠵᠤ ᠂ ᠥᠭᠡᠷᠡᠴᠢᠯᠡᠯᠲᠡ  ᠶᠢᠨ ᠵᠥᠪ ᠴᠢᠭᠯᠡᠯ  ᠢ ᠪᠠᠷᠢᠮᠲᠠᠯᠠᠵᠤ ᠂ ᠳᠤᠮᠳᠠᠳᠤ ᠤᠯᠤᠰ  ᠤᠨ ᠮᠠᠶ᠋ᠢᠭ  ᠤᠨ ᠣᠳᠣᠬᠢᠴᠢᠯᠠᠯᠲᠠ  ᠶᠢ ᠲᠦᠯᠬᠢᠨ ᠠᠬᠢᠭᠤᠯᠬᠤ  ᠳᠦ ᠦᠢᠯᠡᠴᠢᠯᠡᠬᠦ ᠪᠡᠷ ᠨᠢᠭᠲᠠ ᠤᠶᠠᠯᠳᠤᠭᠤᠯᠤᠨ᠂ ᠥᠭᠡᠷᠡᠴᠢᠯᠡᠯᠲᠡ  ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠬᠡ ᠲᠠᠯ᠎ᠠ  ᠳᠦ ᠤᠬᠠᠮᠰᠠᠷ  ᠡᠴᠡ ᠪᠠᠨ ᠠᠭᠤᠰᠤᠯᠴᠠᠵᠤ᠂ ᠤᠯᠤᠰ ᠲᠦᠷᠦ ᠬᠠᠤᠯᠢ ᠴᠠᠭᠠᠵᠠ  ᠶᠢᠨ ᠥᠭᠡᠷᠡᠴᠢᠯᠡᠯᠲᠡ᠂ ᠬᠠᠤᠯᠢ ᠴᠠᠭᠠᠵᠠ  ᠶᠢᠨ ᠪᠠᠶᠢᠭᠤᠯᠤᠯ  ᠤᠨ ᠥᠭᠡᠷᠡᠴᠢᠯᠡᠯᠲᠡ  ᠶᠢ ᠭᠦᠨᠵᠡᠭᠡᠶᠢᠷᠡᠭᠦᠯᠬᠦ ᠳᠤᠮᠳᠠ ᠪᠠᠶᠢᠴᠠᠭᠠᠬᠤ ᠠᠵᠢᠯ  ᠤᠨ ᠥᠭᠡᠷᠡᠴᠢᠯᠡᠯᠲᠡ  ᠶᠢᠨ ᠴᠢᠭᠯᠡᠯ ᠪᠠ ᠭᠣᠣᠯᠳᠠᠯᠭ᠎ᠠ  ᠶᠢ ᠡᠵᠡᠮᠳᠡᠵᠦ᠂ ᠪᠠᠶᠢᠴᠠᠭᠠᠬᠤ ᠠᠵᠢᠯ  ᠤᠨ ᠥᠭᠡᠷᠡᠴᠢᠯᠡᠯᠲᠡ ᠨᠢ ᠨᠠᠮ  ᠤᠨ ᠲᠥᠪ ᠬᠣᠷᠢᠶᠠᠨ  ᠤ ᠦᠨᠳᠦᠰᠦᠨ ᠪᠤᠳᠤᠯᠭ᠎ᠠ ᠴᠢᠭᠯᠡᠯᠲᠡ  ᠶᠢᠨ ᠱᠠᠭᠠᠷᠳᠠᠯᠭ᠎ᠠ  ᠳᠦ ᠪᠦᠷᠢᠮᠦᠰᠦᠨ ᠨᠡᠶᠢᠴᠡᠵᠦ᠂ ᠨᠠᠮ  ᠤᠨ ᠲᠥᠪ ᠬᠣᠷᠢᠶᠠᠨ  ᠤ ᠰᠢᠶᠳᠪᠦᠷᠢᠲᠦ ᠪᠤᠳᠤᠯᠭ᠎ᠠ  ᠶᠢᠨ ᠵᠣᠷᠢᠯᠲᠠ  ᠳᠦ ᠪᠦᠷᠢᠮᠦᠰᠦᠨ ᠨᠡᠶᠢᠴᠡᠵᠦ᠂ ᠬᠠᠤᠯᠢ ᠴᠠᠭᠠᠵᠠ  ᠶᠢᠨ ᠪᠠᠶᠢᠴᠠᠭᠠᠬᠤ ᠠᠵᠢᠯ  ᠤᠨ ᠪᠣᠳᠠᠲᠤ ᠪᠠᠶᠢᠳᠠᠯ ᠲᠠᠶ ᠪᠦᠷᠢᠮᠦᠰᠦᠨ ᠨᠡᠶᠢᠴᠡᠬᠦ  ᠶᠢ ᠦᠨᠡᠨ ᠬᠦ ᠪᠠᠲᠤᠯᠠᠨ᠎ᠠ᠃ ᠥᠭᠡᠷᠡᠴᠢᠯᠡᠯᠲᠡ ᠬᠢᠬᠦ ᠪᠠ ᠬᠠᠤᠯᠢ ᠪᠠᠷ ᠵᠠᠰᠠᠬᠤ  ᠶᠢ ᠨᠢᠭᠡᠳᠬᠡᠬᠦ  ᠶᠢ ᠪᠠᠷᠢᠮᠲᠠᠯᠠᠵᠤ᠂ ᠡᠯ᠎ᠡ ᠵᠦᠢᠯ  ᠤᠨ ᠥᠭᠡᠷᠡᠴᠢᠯᠡᠯᠲᠡ  ᠶᠢ ᠬᠠᠤᠯᠢ  ᠶᠢᠨ ᠦᠨᠳᠦᠰᠦᠯᠡᠯ ᠲᠡᠶ ᠪᠠᠶᠢᠯᠭᠠᠬᠤ  ᠶᠢ ᠦᠨᠡᠨ ᠬᠦ ᠪᠡᠶᠡᠯᠡᠭᠦᠯᠵᠦ᠂ ᠢᠮᠠᠭᠲᠠ ᠬᠠᠤᠯᠢ ᠪᠠᠷ ᠵᠠᠰᠠᠬᠤ ᠪᠣᠷᠣ ᠲᠥᠯᠥᠪ  ᠤᠨ ᠳᠣᠲᠣᠷ᠎ᠠ ᠪᠠᠶᠢᠴᠠᠭᠠᠬᠤ ᠠᠵᠢᠯ  ᠤᠨ ᠥᠭᠡᠷᠡᠴᠢᠯᠡᠯᠲᠡ  ᠶᠢ ᠭᠦᠨᠵᠡᠭᠡᠶᠢᠷᠡᠭᠦᠯᠬᠦ ᠬᠡᠷᠡᠭᠲᠡᠶ᠃ ᠰᠢᠰᠲ᠋ᠧᠮ ᠲᠡᠶ ᠲᠥᠪᠯᠡᠷᠡᠭᠦᠯᠬᠦ᠂ ᠪᠦᠬᠦᠯᠢ ᠴᠣᠭᠴᠠ ᠪᠠᠷ ᠬᠠᠮᠵᠢᠯᠴᠠᠬᠤ᠂ ᠪᠣᠳᠠᠲᠤ ᠦᠷ᠎ᠡ ᠪᠦᠲᠦᠮᠵᠢ  ᠶᠢ ᠴᠢᠬᠤᠯᠠᠴᠢᠯᠠᠬᠤ  ᠶᠢ ᠪᠠᠷᠢᠮᠲᠠᠯᠠᠵᠤ᠂ ᠪᠦᠬᠦ ᠲᠠᠯ᠎ᠠ  ᠶᠢᠨ ᠦᠵᠡᠯᠲᠡ ᠪᠠ ᠰᠢᠰᠲ᠋ᠧᠮᠲᠦ ᠰᠡᠳᠬᠢᠬᠦᠶ ᠪᠡᠷ ᠡᠯ᠎ᠡ ᠵᠦᠢᠯ ᠤᠨ ᠥᠭᠡᠷᠡᠴᠢᠯᠡᠯᠲᠡ  ᠶᠢᠨ ᠡᠭᠦᠷᠭᠡ  ᠶᠢᠨ ᠨᠠᠶᠢᠳᠠᠪᠤᠷᠢᠵᠢᠭᠤᠯᠤᠯᠲᠠ  ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠠᠶᠢᠴᠠᠭᠠᠬᠤ ᠠᠵᠢᠯ  ᠤᠨ ᠥᠭᠡᠷᠡᠴᠢᠯᠡᠯᠲᠡ  ᠶᠢᠨ ᠰᠢᠰᠲ᠋ᠧᠮᠲᠦ ᠴᠢᠨᠠᠷ᠂ ᠬᠠᠮᠵᠢᠯᠴᠠᠬᠤ ᠴᠢᠨᠠᠷ᠂ ᠪᠣᠳᠠᠲᠤ ᠦᠷ᠎ᠡ ᠪᠦᠳᠦᠮᠵᠢᠳᠤ ᠴᠢᠨᠠᠷ  ᠢ ᠦᠨᠡᠨ ᠬᠦ ᠴᠢᠩᠭᠠᠳᠬᠠᠬᠤ ᠬᠡᠷᠡᠭᠲᠡᠶ᠃ ᠥᠭᠡᠷᠡᠴᠢᠯᠡᠯᠲᠡ  ᠶᠢᠨ ᠳᠤᠮᠳᠠ ᠢᠯᠡᠷᠡᠭᠰᠡᠨ ᠠᠰᠠᠭᠤᠳᠠᠯ  ᠢ ᠴᠠᠭ ᠲᠤᠬᠠᠢ  ᠳᠦ ᠨᠢ ᠢᠯᠡᠷᠡᠭᠦᠯᠵᠦ᠂ ᠴᠠᠭ ᠲᠤᠬᠠᠢ ᠳᠦ ᠨᠢ ᠰᠤᠳᠤᠯᠵᠤ᠂ ᠴᠠᠭ ᠲᠤᠬᠠᠢ  ᠳᠦ ᠨᠢ ᠰᠢᠢᠳᠪᠦᠷᠢᠯᠡᠵᠦ᠂ ᠲᠦᠷᠦ  ᠶᠢᠨ ᠪᠤᠳᠤᠯᠭ᠎ᠠ  ᠶᠢᠨ ᠲᠠᠶᠢᠯᠤᠮᠵᠢ ᠪᠠ ᠵᠢᠯᠤᠭᠤᠳᠤᠯᠭ᠎ᠠ ᠪᠠᠨ ᠴᠢᠩᠭᠠᠳᠬᠠᠵᠤ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠨᠢᠭᠡᠳᠬᠡᠵᠦ᠂ ᠥᠭᠡᠷᠡᠴᠢᠯᠡᠯᠲᠡ  ᠶᠢᠨ ᠬᠠᠮᠲᠤᠷᠠᠯ  ᠤᠨ ᠬᠦᠴᠦᠨ  ᠢ ᠨᠢᠭᠲᠠᠷᠠᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ  ᠢᠶᠠᠷ ᠡᠯ᠎ᠡ ᠵᠦᠢᠯ  ᠤᠨ ᠥᠭᠡᠷᠡᠴᠢᠯᠡᠯᠲᠡ  ᠶᠢᠨ ᠡᠭᠦᠷᠭᠡ  ᠶᠢᠨ ᠨᠠᠶᠢᠳᠠᠪᠤᠷᠢᠵᠢᠭᠤᠯᠤᠯᠲᠠ  ᠶᠢ ᠰᠠᠶᠢᠲᠤᠷ ᠠᠳᠬᠤᠬᠤ ᠬᠡᠷᠡᠭᠲᠡᠢ᠃

ᠬᠤᠷᠠᠯ  ᠡᠴᠡ᠂ ︽ᠠᠷᠠᠳ  ᠤᠨ ᠪᠠᠶᠢᠴᠠᠭᠠᠬᠤ ᠬᠣᠷᠢᠶᠠᠨ  ᠤ ᠬᠡᠷᠡᠭ  ᠤᠨ ᠶᠠᠰᠤ ᠴᠢᠨᠠᠷ  ᠢ ᠪᠠᠶᠢᠴᠠᠭᠠᠬᠤ ᠪᠠ ᠦᠨᠡᠯᠡᠨ ᠪᠠᠶᠢᠴᠠᠭᠠᠬᠤ ᠠᠵᠢᠯ  ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾  ᠶᠢ ᠲᠣᠭᠲᠠᠭᠠᠬᠤ ᠨᠢ ᠴᠢᠨᠠᠷ ᠰᠠᠶᠢᠲᠠᠢ ᠦᠷ᠎ᠡ ᠪᠦᠲᠦᠮᠵᠢᠲᠡᠢ ᠪᠡᠷ ᠬᠡᠷᠡᠭ ᠰᠢᠢᠳᠪᠦᠷᠢᠯᠡᠬᠦ  ᠶᠢ ᠪᠣᠳᠠᠲᠠᠶᠢᠵᠢᠭᠤᠯᠬᠤ᠂ ︽ᠭᠤᠷᠪᠠᠨ ᠬᠠᠮᠢᠶᠠᠷᠤᠯᠲᠠ︾ ᠵᠢ ᠲᠤᠤᠱᠲᠠᠢ ᠠᠬᠢᠭᠤᠯᠬᠤ᠂ ᠬᠠᠤᠯᠢ ᠴᠠᠭᠠᠵᠠ  ᠶᠢᠨ ᠲᠥᠪ ᠭᠣᠣᠯᠴᠢ  ᠶᠢ ᠬᠠᠮᠠᠭᠠᠯᠠᠬᠤ  ᠴᠢᠬᠤᠯᠠ ᠠᠴᠢ ᠬᠣᠯᠪᠣᠭᠳᠠᠯ ᠲᠠᠶ ᠶᠤᠮ᠃ ᠬᠡᠷᠡᠭ  ᠤᠨ ᠶᠠᠰᠤ ᠴᠢᠨᠠᠷ  ᠢ ᠪᠠᠶᠢᠴᠠᠭᠠᠵᠤ ᠦᠨᠡᠯᠡᠨ ᠪᠠᠶᠢᠴᠠᠭᠠᠬᠤ ᠪᠣᠯ ᠪᠠᠶᠢᠴᠠᠭᠠᠬᠤ ᠪᠠᠶᠢᠭᠤᠯᠭ᠎ᠠ  ᠶᠢᠨ ᠬᠠᠤᠯᠢ ᠪᠠᠷᠢᠬᠤ ᠬᠠᠷᠢᠭᠤᠴᠠᠯᠭ᠎ᠠ  ᠶᠢᠨ ᠲᠦᠷᠢᠮ  ᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠬᠦ  ᠶᠢᠨ ᠴᠢᠬᠤᠯᠠ ᠭᠠᠷᠳᠠᠴᠠ ᠮᠥᠨ᠂ ᠲᠡᠷᠡ ᠨᠢ ᠥᠷᠭᠡᠨ ᠤᠯᠠᠨ ᠪᠠᠶᠢᠴᠠᠭᠠᠬᠤ ᠲᠤᠰᠢᠶᠠᠯᠲᠠᠨ  ᠦ ᠤᠶᠤᠨ ᠴᠢᠳᠠᠯ  ᠢ ᠦᠨᠡᠨ ᠬᠦ ᠴᠢᠨᠠᠷ ᠰᠠᠶᠢᠲᠠᠶ ᠦᠷ᠎ᠡ ᠪᠦᠲᠦᠮᠵᠢᠲᠡᠶ ᠪᠡᠷ ᠬᠡᠷᠡᠭ ᠪᠠ ᠬᠡᠷᠡᠭ ᠨᠢᠭᠡᠪᠦᠷᠢ  ᠶᠢ ᠰᠠᠶᠢᠲᠤᠷ ᠰᠢᠶᠳᠪᠦᠷᠢᠯᠡᠬᠦ  ᠶᠢᠨ ᠵᠠᠩᠭᠢᠯᠠᠭ᠎ᠠ ᠨᠢᠭᠡᠪᠦᠷᠢ  ᠳᠦ ᠲᠠᠯᠪᠢᠭᠤᠯᠬᠤ  ᠳᠤ ᠠᠰᠢᠭᠲᠠᠶ ᠶᠤᠮ᠃ ᠡᠯ᠎ᠡ ᠱᠠᠲᠤᠨ  ᠤ ᠪᠠᠶᠢᠴᠠᠭᠠᠬᠤ ᠪᠠᠶᠢᠭᠤᠯᠤᠯᠭ᠎ᠠ ᠂ ᠡᠯ᠎ᠡ ᠲᠤᠬᠠᠶᠢᠯᠠᠭᠰᠠᠨ ᠠᠵᠢᠯ  ᠤᠨ ᠱᠤᠭᠤᠮ  ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ ᠂ ᠰᠤᠳᠤᠯᠬᠤ ᠪᠠ ᠬᠠᠶᠢᠨ ᠰᠦᠪᠡᠭᠴᠢᠯᠡᠬᠦ  ᠶᠢ ᠴᠢᠩᠭᠠᠳᠬᠠᠵᠤ᠂ ᠠᠳᠠᠯᠢ ᠪᠤᠰᠤ ᠪᠡᠶᠡᠴᠢ ᠴᠣᠭᠴᠠ᠂ ᠠᠳᠠᠯᠢ ᠪᠤᠰᠤ ᠱᠠᠳᠤ ᠳᠠᠪᠬᠤᠷᠭ᠎ᠠ  ᠡᠴᠡ ᠡᠭᠦᠰᠦᠭᠰᠡᠨ᠂ ᠠᠳᠠᠯᠢ ᠪᠤᠰᠤ ᠬᠡᠯᠪᠡᠷᠢ  ᠶᠢ ᠬᠡᠷᠡᠭᠯᠡᠭᠰᠡᠨ᠂ ᠲᠤᠰ ᠲᠤᠰ  ᠤᠨ ᠭᠣᠣᠯᠳᠠᠯᠭ᠎ᠠ ᠲᠠᠶ ᠬᠡᠷᠡᠭ  ᠤᠨ ᠶᠠᠰᠤ ᠴᠢᠨᠠᠷ  ᠢ ᠪᠠᠶᠢᠴᠠᠭᠠᠵᠤ ᠦᠨᠡᠯᠡᠨ ᠪᠠᠶᠢᠴᠠᠭᠠᠬᠤ ᠲᠣᠭᠲᠠᠴᠠ  ᠶᠢ ᠠᠯᠬᠤᠮ ᠠᠯᠬᠤᠮ  ᠢᠶᠠᠷ ᠪᠠᠶᠢᠭᠤᠯᠵᠤ᠂ ︽ᠬᠡᠷᠡᠭ ᠨᠢᠭᠡᠪᠦᠷᠢ  ᠶᠢ ᠡᠷᠬᠡᠪᠰᠢ ᠪᠠᠶᠢᠴᠠᠭᠠᠬᠤ︾  ᠶᠢ ᠠᠯᠬᠤᠮ ᠠᠯᠬᠤᠮ  ᠢᠶᠠᠷ ᠪᠡᠶᠡᠯᠡᠭᠦᠯᠵᠦ᠂ ᠬᠠᠤᠯᠢ ᠪᠠᠷᠢᠬᠤ ᠬᠠᠷᠢᠭᠤᠴᠠᠯᠭ᠎ᠠ  ᠶᠢᠨ ᠲᠦᠷᠢᠮ   ᠢ ᠦᠨᠡᠨ ᠬᠦ ᠪᠣᠳᠠᠲᠠᠶ ᠪᠠᠷ ᠨᠠᠶᠢᠳᠠᠪᠤᠷᠢᠵᠢᠭᠤᠯᠵᠤ᠂ ︽ᠬᠠᠤᠯᠢ ᠪᠠᠷᠢᠬᠤ ᠬᠡᠷᠡᠭ ᠨᠢᠭᠡᠪᠦᠷᠢ  ᠶᠢᠨ ᠳᠤᠮᠳᠠ  ᠡᠴᠡ ᠠᠷᠠᠳ ᠤᠯᠠᠨ  ᠳᠦ ᠲᠥᠪ ᠭᠣᠣᠯᠴᠢ ᠰᠢᠳᠤᠷᠭᠤ ᠶᠣᠰᠣ  ᠶᠢ ᠮᠡᠳᠡᠷᠡᠭᠦᠯᠬᠦ ᠪᠡᠷ ᠴᠢᠷᠮᠠᠶᠢᠬᠤ︾ ᠬᠠᠷᠠᠯᠲᠠ ᠵᠦᠭ ᠴᠥᠬᠥᠷᠡᠰᠢ ᠦᠭᠡᠢ ᠴᠢᠷᠮᠠᠶᠢᠨ᠎ᠠ᠃

ᠬᠤᠷᠠᠯ  ᠡᠴᠡ ᠪᠠᠰᠠ ᠪᠤᠰᠤᠳ ᠵᠦᠢᠯ  ᠢ ᠰᠤᠳᠤᠯᠵᠠᠢ᠃

                                

ᠢᠷᠡᠯᠲᠡ
ᠬᠦᠯᠦᠨ ᠪᠤᠶᠢᠷ ᠬᠤᠲᠠ ᠵᠢᠨ ᠡᠸᠡᠩᠭᠢ ᠬᠤᠰᠢᠭᠤᠨ ᠤ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro